| | ᠲᠤᠰ ᠮᠡᠳᠡᠭᠦᠯᠦᠯᠲᠡ ᠨᠢ ᠲᠣᠪᠴᠢᠯᠠᠯ᠂ ᠵᠠᠰᠠᠭ ᠤᠨ ᠤᠷᠳᠤᠨ ᠤ ᠰᠤᠷᠠᠭ ᠵᠠᠩᠭᠢ ᠶᠢ ᠰᠠᠨᠠᠭᠠᠴᠢᠯᠠᠭ᠎ᠠ ᠲᠠᠢ ᠪᠠᠷ | ᠢᠯᠡ ᠪᠤᠯᠭᠠᠭᠰᠠᠨ ᠪᠠᠶᠢᠳᠠᠯ᠂ ᠭᠤᠶᠤᠴᠢᠯᠠᠯ ᠢᠶᠠᠷ ᠢᠯᠡ ᠪᠤᠯᠭᠠᠭᠰᠠᠨ ᠪᠠᠶᠢᠳᠠᠯ᠂ ᠵᠠᠰᠠᠭ ᠵᠠᠬᠢᠷᠭᠠᠨ ᠤ ᠲᠠᠬᠢᠨ | ᠵᠦᠪᠯᠡᠬᠦ ᠪᠠ ᠠᠯᠪᠠᠨ ᠵᠠᠭᠠᠯᠳᠤᠯᠭ᠎ᠠ᠂ ᠤᠷᠤᠰᠢᠵᠤ ᠪᠠᠶᠢᠭ᠎ᠠ ᠭᠤᠣᠯ ᠠᠰᠠᠭᠤᠳᠠᠯ ᠪᠠ ᠦᠭᠡᠷᠡᠴᠢᠯᠡᠨ | ᠰᠠᠶᠢᠵᠢᠷᠠᠭᠤᠯᠬᠤ ᠲᠦᠰᠦᠪ ᠵᠡᠷᠭᠡ ᠠᠭᠤᠯᠭ᠎ᠠ ᠲᠠᠢ᠂ ᠲᠤᠰ ᠮᠡᠳᠡᠭᠦᠯᠦᠯᠲᠡ ᠨᠢ 2016 ᠣᠨ ᠤ 1 ᠰᠠᠷ᠎ᠠ 1 | ᠠᠴᠠ 2016 ᠣᠨ ᠤ 12 ᠰᠠᠷ᠎ᠠ ᠶᠢᠨ 30 ᠪᠣᠯᠲᠠᠯᠠᠬᠢ ᠲᠤᠭ᠎ᠠ ᠨᠤᠷᠮ᠎ᠠ ᠶᠢ ᠪᠦᠷᠢᠳᠭᠡᠭᠰᠡᠨ ᠪᠠᠶᠢᠨ᠎ᠠ᠃ | ᠨᠢᠭᠡ᠂ ᠲᠤᠪᠴᠢᠯᠠᠯ | 2016ᠣᠨ ᠳᠤ᠂ ᠬᠠᠷᠠᠴᠢᠨ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ | ᠠᠵᠢᠯ ᠨᠢ ᠬᠤᠲᠠ ᠶᠢᠨ ᠵᠠᠰᠠᠭ ᠤᠨ ᠤᠷᠳᠤᠨ` ᠤ ᠰᠤᠷᠠᠭ ᠵᠠᠩᠭᠢ ᠶᠢ ᠢᠯᠡ ᠪᠤᠯᠭᠠᠬᠤ ᠠᠵᠢᠯ ᠤᠨ ᠤᠳᠤᠷᠢᠳᠬᠤ | ᠪᠠᠭ᠎ᠠ ᠲᠤᠭᠤᠶᠢᠯᠠᠩ ᠤᠨ ᠠᠯᠪᠠᠨ ᠭᠡᠷ ᠤᠨ ᠬᠠᠯᠠᠮᠵᠢᠯᠠᠭ᠎ᠠ ᠳᠡᠮᠵᠢᠯᠭᠡ ᠵᠢᠯᠤᠭᠤᠳᠤᠯᠭ᠎ᠠ ᠶᠢᠨ ᠲᠤᠤᠷ᠎ᠠ᠂ ᠲᠥᠪ᠂ | ᠦᠪᠡᠷᠲᠡᠭᠡᠨ ᠵᠠᠰᠠᠬᠤ ᠤᠷᠤᠨ᠂ ᠬᠤᠳᠠ ᠶᠢᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ | ᠠᠵᠢᠯ ᠤᠨ ᠲᠤᠬᠢᠷᠠᠭᠤᠯᠤᠯᠲᠠ ᠶᠤᠰᠤᠭᠠᠷ᠂ ᠰᠤᠷᠠᠭ ᠵᠠᠩᠭᠢ ᠶᠢ ᠢᠯᠡ ᠪᠤᠯᠭᠠᠬᠤ ᠲᠤᠭᠲᠠᠯᠴᠠᠭ᠎ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠰᠤᠷᠠᠭ ᠵᠠᠩᠭᠢ ᠢᠯᠡ ᠪᠤᠯᠭᠠᠬᠤ ᠴᠢᠨᠡᠷ ᠢ ᠳᠡᠭᠡᠭᠰᠢᠯᠡᠭᠦᠯᠵᠦ᠂ ᠬᠦᠴᠦᠯᠡᠴᠡ ᠪᠠᠨ | ᠴᠢᠩᠭᠠᠳᠬᠠᠨ᠂ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠪᠦᠬᠦ ᠬᠤᠰᠢᠭᠤᠨ ᠤ ᠵᠠᠰᠠᠭ ᠤᠨ ᠤᠷᠳᠤᠨ ᠤ ᠰᠤᠷᠠᠭ | ᠵᠠᠩᠭᠢ ᠶᠢ ᠢᠯᠡ ᠪᠤᠯᠭᠠᠬᠤ ᠠᠵᠢᠯ ᠶᠢ ᠡᠷᠴᠢᠮᠲᠡᠢ ᠬᠢᠭᠰᠡᠨ ᠪᠠᠶᠢᠨ᠎ᠠ᠃ | 1. ᠳᠦᠷᠢᠮ ᠲᠤᠭᠲᠠᠭᠠᠯ ᠤᠨ ᠪᠠᠶᠢᠭᠤᠯᠤᠯᠲᠠ ᠪᠠᠨ ᠴᠢᠩᠭᠠᠳᠬᠠᠵᠦ᠂ ᠤᠷᠲᠤᠮᠵᠢ ᠶᠢᠨ ᠲᠤᠭᠲᠠᠯᠴᠠᠭ᠎ᠠ ᠶᠢ | ᠪᠠᠶᠢᠭᠤᠯᠪᠠ᠃ | 2. ᠵᠠᠰᠠᠭ ᠤᠨ ᠤᠷᠳᠤᠨ ᠤ ᠰᠦᠯᠵᠢᠶ᠎ᠡ᠂ ᠵᠠᠰᠠᠭ ᠤᠨ ᠦᠢᠯᠡᠴᠢᠯᠡᠭᠡᠨ ᠤ ᠲᠥᠪ᠂ ᠠᠷᠠᠳ ᠲᠤ ᠳᠦᠭᠦᠮ | ᠦᠵᠡᠭᠦᠯᠬᠦ ᠲᠥᠪ᠂ ᠤᠯᠠᠨ ᠨᠡᠶᠢᠲᠡ ᠶᠢᠨ ᠡᠬᠡ ᠪᠠᠶᠠᠯᠢᠭ ᠤᠨ ᠰᠣᠯᠢᠯᠴᠠᠭ᠎ᠠ ᠶᠢᠨ ᠲᠠᠪᠴᠠᠩ᠂ ᠰᠤᠨᠢᠨ ᠮᠡᠳᠡᠭᠡ | ᠵᠠᠭᠤᠴᠢᠯᠠᠭᠤᠷ ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠡᠯ᠎ᠡ ᠰᠢᠶᠠᠩ ᠪᠠᠯᠭᠠᠰᠤ ᠶᠢᠨ ᠳ᠋ᠢᠩᠬᠤᠸᠠ ᠶᠢ | ᠢᠯᠡ ᠪᠤᠯᠭᠠᠬᠤ ᠵᠡᠷᠭᠡ ᠤᠯᠠᠨ ᠠᠷᠭ᠎ᠠ ᠵᠠᠮ ᠢᠶᠠᠷ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠦᠷᠨᠢᠭᠦᠯᠪᠡ᠃ | ᠣᠳᠤ ᠪᠤᠯᠲᠠᠯ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 139 ᠲᠦᠷᠦᠯ ᠵᠦᠢᠯ ᠤᠨ ᠬᠢᠨᠠᠨ | ᠵᠦᠪᠰᠢᠶᠡᠷᠡᠬᠦ ᠵᠦᠢᠯ ᠢ ᠭᠦᠢᠴᠡᠳᠬᠡᠵᠦ᠂ ᠪᠦᠬᠦ ᠬᠤᠰᠢᠭᠤᠨ ᠳᠤ 66 ᠰᠠᠭᠤᠷᠢ ᠳ᠋ᠢᠩᠬᠤᠸᠠ ᠶᠢ ᠢᠯᠡ ᠪᠤᠯᠭᠠᠵᠤ᠂ | 54 ᠵᠠᠬᠢᠳᠠᠯ ᠢ ᠬᠦᠯᠢᠶᠡᠨ ᠠᠪᠴᠤ ᠬᠠᠷᠢᠭᠤᠯᠲᠠ ᠥᠭᠭᠦᠭᠰᠡᠨ ᠪᠠᠶᠢᠨ᠎ᠠ᠃ | 3. ︽ ᠡᠷᠬᠡ ᠶᠢᠨ ᠨᠠᠷᠢᠨ ᠬᠠᠭᠤᠳᠠᠰᠤ︾ ᠶᠢ ᠢᠯᠡ ᠪᠤᠯᠭᠠᠪᠠ᠃ 2016 ᠣᠨ ᠤ 6 ᠰᠠᠷ᠎ᠠ ᠶᠢᠨ | ᠰᠡᠭᠦᠯᠴᠢ ᠠᠴᠠ ᠡᠮᠦᠨ᠎ᠡ᠂ ᠵᠠᠰᠠᠭ ᠤᠨ ᠤᠷᠳᠤᠨ ᠤ ︽ ᠡᠷᠬᠡ ᠶᠢᠨ ᠨᠠᠷᠢᠨ ᠬᠠᠭᠤᠳᠠᠰᠤ︾ ᠳᠤ ᠬᠤᠯᠪᠤᠭᠳᠠᠬᠤ | 45 ᠨᠢᠭᠡᠴᠡ᠂ 5300 ᠵᠦᠢᠯ ᠵᠤᠷᠪᠤᠰ ᠢ ᠨᠡᠶᠢᠭᠡᠮ ᠳᠤ ᠢᠯᠡ ᠨᠡᠶᠢᠲᠡᠯᠡᠭᠰᠡᠨ ᠪᠠᠶᠢᠨ᠎ᠠ᠃ ᠡᠭᠦᠨ ᠳᠤ᠂ | ᠵᠠᠰᠠᠭ ᠵᠠᠬᠢᠷᠭᠠᠨ ᠤ ᠵᠦᠪᠰᠢᠶᠡᠷᠡᠯ 183 ᠵᠦᠢᠯ᠂ ᠵᠠᠰᠠᠭ ᠵᠠᠬᠢᠷᠭᠠᠨ ᠤ ᠲᠤᠷᠭᠠᠭᠤᠯᠢ 3871 ᠵᠦᠢᠯ᠂ ᠵᠠᠰᠠᠭ | ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ 150 ᠵᠦᠢᠯ᠂ ᠵᠠᠰᠠᠭ ᠵᠠᠬᠢᠷᠭᠠᠨ ᠤ ᠠᠯᠪᠠᠳᠠᠯᠭ᠎ᠠ ᠪᠠᠷ | ᠬᠡᠷᠡᠭᠵᠢᠬᠦᠯᠬᠦ 44 ᠵᠦᠢᠯ᠂ ᠵᠠᠰᠠᠭ ᠵᠠᠬᠢᠷᠭᠠᠨ ᠤ ᠨᠤᠲᠠᠯᠠᠯᠲᠠ 115 ᠵᠦᠢᠯ᠂ ᠵᠠᠰᠠᠭ ᠵᠠᠬᠢᠷᠭᠠᠨ ᠤ ᠦᠭᠭᠦᠯᠲᠡ | 39 ᠵᠦᠢᠯ᠂ ᠵᠠᠰᠠᠭ ᠵᠠᠬᠢᠷᠭᠠᠨ ᠤ ᠱᠠᠩᠨᠠᠯ 250 ᠵᠦᠢᠯ ᠂ ᠵᠠᠰᠠᠭ ᠵᠠᠬᠢᠷᠭᠠᠨ ᠤ ᠲᠠᠲᠠᠪᠤᠷᠢᠯᠠᠬᠤ 58 ᠵᠦᠢᠯ᠂ | ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ 292 ᠵᠦᠢᠯ᠂ ᠪᠤᠰᠤᠳ ᠵᠠᠰᠠᠭ ᠵᠠᠬᠢᠷᠭᠠᠨ ᠤ ᠡᠷᠬᠡ ᠶᠢᠨ ᠵᠦᠢᠯ | 298 ᠵᠦᠢᠯ ᠪᠠᠭᠲᠠᠨ᠎ᠠ᠃ | ᠬᠤᠶᠠᠷ᠂ ᠵᠠᠰᠠᠭ ᠤᠨ ᠤᠷᠳᠤᠨ ᠤ ᠰᠤᠷᠠᠭ ᠵᠠᠩᠭᠢ ᠶᠢ ᠰᠠᠨᠠᠭᠠᠴᠢᠯᠠᠭ᠎ᠠ ᠲᠠᠢ ᠪᠠᠷ ᠢᠯᠡ ᠪᠤᠯᠭᠠᠭᠰᠠᠨ ᠪᠠᠶᠢᠳᠠᠯ | 2016 ᠣᠨ ᠳᠤ᠂ ᠵᠠᠰᠠᠭ ᠤᠨ ᠤᠷᠳᠤᠨ ᠤ ᠰᠦᠯᠵᠢᠶ᠎ᠡ ᠪᠠᠷ ᠰᠠᠨᠠᠭᠠᠴᠢᠯᠠᠭ᠎ᠠ ᠲᠠᠢ ᠪᠠᠷ ᠢᠯᠡ ᠪᠤᠯᠭᠠᠭᠰᠠᠨ | ᠰᠤᠷᠠᠭ ᠵᠠᠩᠭᠢ 1287 ᠵᠤᠷᠪᠤᠰ ᠪᠠᠶᠢᠵᠤ᠂ ᠵᠠᠰᠠᠭ ᠤᠨ ᠤᠷᠳᠤᠨ ᠤ ᠰᠦᠯᠵᠢᠶ᠎ᠡ ᠳᠤ ᠨᠡᠶᠢᠲᠡ ᠪᠦᠬᠦᠲᠡ | 1415 ᠵᠤᠷᠪᠤᠰ ᠰᠤᠷᠠᠭ ᠵᠠᠩᠭᠢ ᠶᠢ ᠨᠡᠶᠢᠲᠡᠯᠡᠭᠰᠡᠨ ᠪᠠᠶᠢᠨ᠎ᠠ᠃ ᠪᠤᠰᠤᠳ ᠠᠷᠭ᠎ᠠ ᠵᠠᠮ ᠢᠶᠠᠷ ᠢᠯᠡ ᠪᠤᠯᠭᠠᠭᠰᠠᠨ | ᠰᠤᠷᠠᠭ ᠵᠠᠩᠭᠢ 375 ᠵᠤᠷᠪᠤᠰ ᠪᠠᠶᠢᠵᠤ᠂ ᠵᠠᠰᠠᠭ ᠤᠨ ᠬᠡᠪ ᠤᠨ ᠴᠢᠨᠠᠷᠲᠠᠢ ᠪᠢᠴᠢᠭ ᠮᠠᠲ᠋ᠧᠷᠢᠶᠠᠯ ᠬᠤᠶᠠᠷ ᠬᠤᠪᠢ | ᠪᠠᠶᠢᠨ᠎ᠠ᠃ | | ᠭᠤᠷᠪᠠ᠂ ᠭᠤᠶᠤᠴᠢᠯᠠᠯ ᠢᠶᠠᠷ ᠢᠯᠡ ᠪᠤᠯᠭᠠᠭᠰᠠᠨ ᠪᠠᠶᠢᠳᠠᠯ | 2016ᠣᠨ ᠳᠤ᠂ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠶᠢ ᠭᠤᠶᠤᠴᠢᠯᠠᠭᠰᠠᠨ 1 | ᠬᠤᠪᠢ ᠵᠠᠬᠢᠳᠠᠯ ᠢ ᠬᠦᠯᠢᠶᠡᠨ ᠠᠪᠴᠤ ᠬᠠᠷᠢᠭᠤᠯᠲᠠ ᠥᠭᠪᠡ᠃ ᠰᠦᠯᠵᠢᠶ᠎ᠡ ᠪᠠᠷ ᠳᠠᠮᠵᠢᠨ ᠡᠯ᠎ᠡ ᠵᠤᠶᠢᠯ ᠤᠨ | ᠠᠰᠠᠭᠤᠨ ᠰᠤᠷᠠᠭᠯᠠᠭᠰᠠᠨ ᠵᠤᠶᠢᠯ 19 ᠬᠤᠪᠢ ᠪᠠᠶᠢᠵᠤ᠂ 100 % ᠪᠠᠷ ᠬᠠᠷᠢᠭᠤᠯᠲᠠ ᠥᠭᠭᠦᠭᠰᠡᠨ ᠪᠠᠶᠢᠨ᠎ᠠ᠃ | ᠲᠥᠷᠪᠡ᠂ ᠤᠷᠤᠰᠢᠵᠤ ᠪᠠᠶᠢᠭ᠎ᠠ ᠭᠤᠣᠯ ᠠᠰᠠᠭᠤᠳᠠᠯ ᠪᠠ ᠦᠭᠡᠷᠡᠴᠢᠯᠡᠨ ᠰᠠᠶᠢᠵᠢᠷᠠᠭᠤᠯᠬᠤ ᠲᠦᠰᠦᠪ | 2016 ᠣᠨ ᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠠᠵᠢᠯ ᠨᠢ ᠵᠤᠬᠢᠬᠤ | ᠠᠮᠵᠢᠯᠲᠠ ᠶᠢ ᠤᠯᠤᠭᠰᠠᠨ ᠪᠤᠯᠪᠠᠴᠤ᠂ ᠬᠢᠨᠠᠨ ᠬᠠᠮᠢᠶᠠᠷᠤᠯᠲᠠ ᠰᠤᠯᠠ᠂ ᠠᠭᠤᠯᠭ᠎ᠠ ᠶᠢᠨ ᠰᠢᠨᠡᠴᠢᠯᠡᠯᠲᠡ ᠤᠷᠤᠢ᠂ | ᠵᠠᠷᠢᠮ ᠨᠢᠭᠡᠴᠡ ᠨᠢ ᠬᠦᠨᠳᠦᠳᠭᠡᠨ ᠦᠵᠡᠬᠦ ᠦᠭᠡᠢ ᠵᠡᠷᠭᠡ ᠪᠠᠭ᠎ᠠ ᠪᠤᠰᠤ ᠠᠰᠠᠭᠤᠳᠠᠯ ᠤᠷᠤᠰᠢᠵᠤ ᠪᠤᠢ᠃ | 2017 ᠣᠨ ᠳᠤ ᠡᠷᠬᠡᠪᠡᠰᠢ ᠤᠷᠳᠤᠮᠵᠢ ᠶᠢᠨ ᠲᠤᠭᠲᠠᠯᠴᠠᠭ᠎ᠠ ᠶᠢ ᠴᠢᠩᠭᠠᠳᠬᠠᠵᠤ᠂ ᠠᠵᠢᠯ ᠤᠨ ᠲᠦᠰᠦᠪ ᠢᠶᠠᠨ | ᠨᠠᠷᠢᠯᠢᠭ ᠲᠤᠭᠳᠠᠭᠠᠵᠤ᠂ ᠬᠦᠴᠦᠨ ᠢᠶᠠᠨ ᠲᠡᠭᠦᠯᠳᠡᠷᠵᠢᠭᠦᠯᠦᠨ᠂ ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠳᠡᠢ | ᠃ | |