ᠦᠷ᠎ᠡ ᠮᠤᠳᠤᠨ ᠤ ᠬᠦᠷᠢᠶᠡᠯᠡᠩ
ᠨᠡᠶᠢᠲᠡᠯᠡᠭᠰᠡᠨ ᠴᠠᠭ᠄
2017/12/28
  ᠳᠤᠮᠳᠠᠳᠤ ᠶᠠᠫᠤᠨ ᠬᠤᠶᠠᠷ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠬᠤ ᠶᠢᠨ ᠦᠶᠡᠰ᠂ ᠶᠠᠫᠤᠨ ᠤ ᠲᠡᠷᠢᠭᠦᠨ ᠰᠠᠶᠢᠳ ᠳᠡᠨᠠᠺᠠ ᠺᠠᠺᠦᠶᠢᠶᠢ  ᠶᠡᠷᠦᠩᠬᠡᠢ ᠰᠠᠶᠢᠳ ᠵᠸᠦ ᠡᠸ᠋ᠨ ᠯᠠᠢ ᠳᠤ 1000 ᠰᠠᠭᠤᠷᠢ ᠶᠠᠫᠤᠨ ᠤ  ᠨᠢᠯᠬ᠎ᠠ ᠬᠠᠷᠭᠠᠶ ᠶᠢᠨ ᠮᠤᠳᠤ  ᠪᠡᠯᠡᠭᠯᠡᠭᠰᠡᠨ ᠪᠠᠶᠢᠨ᠎ᠠ᠃  ᠲᠤᠬᠠᠢ ᠤᠨ  ᠦᠶᠡᠰ ᠤᠢ ᠰᠢᠭᠤᠢ ᠶᠢᠨ ᠶᠠᠮᠤᠨ ᠠᠴᠠ 500 ᠰᠠᠭᠤᠷᠢ ᠨᠢᠯᠬ᠎ᠠ ᠬᠠᠷᠭᠠᠶ ᠶᠢᠨ ᠮᠤᠳᠤ  ᠶᠢ ᠸᠠᠩ ᠶᠧ ᠳ᠋ᠢᠶᠠᠨ ᠤᠢ ᠰᠢᠭᠤᠢ ᠶᠢᠨ ᠲᠠᠯᠠᠪᠠᠢ ᠳᠤ ᠥᠭᠴᠡᠢ᠃  ᠳᠤᠮᠳᠠᠳᠤ ᠶᠠᠫᠤᠨ ᠤ ᠨᠥᠬᠦᠷᠰᠡᠭ ᠬᠠᠷᠢᠴᠠᠭ᠎ᠠ ᠶᠢ ᠳᠤᠷᠠᠰᠬᠠᠵᠤ᠂  ᠬᠤᠶᠠᠷ ᠤᠯᠤᠰ ᠤᠨ ᠬᠠᠷᠢᠯᠴᠠᠭ᠎ᠠ ᠶᠢ  ᠲᠦᠯᠬᠢᠨ ᠠᠬᠢᠭᠤᠯᠬᠤ ᠶᠢᠨ ᠲᠦᠯᠦᠭᠡ᠂  ᠲᠤᠰ ᠦᠷ᠎ᠡ ᠮᠤᠳᠤᠨ ᠤ ᠲᠠᠯᠠᠪᠠᠢ ᠨᠢ  ᠬᠤᠷᠢ ᠭᠠᠷᠤᠢ ᠵᠢᠯ ᠤᠨ ᠲᠤᠷᠰᠢ᠂  ᠶᠠᠫᠤᠨ ᠬᠠᠷᠭᠠᠢ ᠮᠤᠳᠤ ᠶᠢ ᠲᠠᠰᠤᠷᠠᠯᠲᠠ ᠦᠭᠡᠢ ᠪᠣᠶᠢᠵᠢᠭᠤᠯᠵᠤ᠂   ᠶᠠᠫᠤᠨ ᠬᠠᠷᠭᠠᠢ ᠮᠤᠳᠤ   ᠨᠢ ᠳᠤᠮᠳᠠᠳᠤ ᠶᠢᠨ ᠨᠣᠲᠤᠭ  ᠳᠡᠪᠢᠰᠬᠡᠷ ᠳᠡᠭᠡᠷ᠎ᠡ ᠭᠦᠨ ᠦᠨᠳᠦᠰᠦ ᠬᠠᠳᠬᠤᠭᠰᠠᠨ ᠪᠠᠶᠢᠨ᠎ᠠ᠃  ᠣᠳᠤ ᠡᠨᠡᠬᠦ ᠦᠷ᠎ᠡ ᠮᠤᠳᠤᠨ ᠤ  ᠬᠦᠷᠢᠶᠡᠯᠡᠩ  ᠨᠢ ᠪᠠᠶᠢᠭᠠᠯᠢ᠂ ᠰᠢᠨᠵᠢᠯᠡᠬᠦ ᠮᠡᠷᠭᠡᠵᠢᠯ᠂ ᠪᠤᠳᠠᠰ ᠤᠨ ᠡᠬᠡ ᠪᠠᠶᠠᠯᠢᠭ ᠢ ᠤᠷᠭᠠᠨᠢᠭ  ᠢᠶᠠᠷ ᠤᠶᠠᠯᠳᠤᠭᠤᠯᠤᠭᠰᠠᠨ  ᠂ ᠤᠢ ᠰᠢᠭᠤᠢ ᠶᠢᠨ ᠠᠵᠤ ᠦᠢᠯᠡᠰ ᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠵᠢᠭᠤᠯᠴᠢᠯᠠᠯ ᠯᠤᠭ᠎ᠠ  ᠠᠭᠤᠰᠤᠯᠴᠠᠭᠤᠯᠤᠭᠰᠠᠨ ᠤᠷᠤᠨ ᠪᠤᠯᠵᠠᠢ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ ᠠᠴᠠ  ᠲᠤᠰ ᠦᠷ᠎ᠡ ᠮᠤᠳᠤᠨ ᠤ ᠬᠦᠷᠢᠶᠡᠯᠡᠩ ᠢ  ︽ ᠳᠤᠮᠳᠠᠳᠤ ᠶᠠᠫᠤᠨ ᠤ ᠨᠥᠬᠦᠷᠰᠡᠭ ᠬᠠᠷᠢᠴᠠᠭ᠎ᠠ ᠶᠢ ᠪᠡᠯᠬᠡᠯᠡᠬᠦ ᠤᠢ︾  ᠭᠡᠵᠦ ᠲᠤᠭᠳᠠᠭᠠᠭᠰᠠᠨ ᠪᠠᠶᠢᠨ᠎ᠠ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号