| | | | ᠨᠢᠭᠡ᠂ ︽ᠵᠤᠳᠤᠭᠳᠠᠬᠤ ᠦᠭᠡᠢ ᠪᠠᠷ ᠬᠦᠮᠦᠨ ᠪᠤᠯᠬᠤ ᠦᠭᠡᠢ︾ ᠭᠡᠰᠡᠨ ᠬᠡᠯᠡᠯᠭᠡ ᠠᠴᠠ ᠪᠤᠯᠤᠭᠰᠠᠨ ᠬᠤᠤᠷ | ᠬᠦᠨᠦᠭᠡᠯ ᠳᠤᠮᠳᠠᠲᠤ ᠤᠯᠤᠰ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠠᠷᠭ᠎ᠠ ᠪᠠᠷᠢᠯ ᠳᠤ ᠶᠡᠷᠦᠳᠡᠭᠡᠨ ︽ᠹᠧᠤᠳᠠᠯ | ᠶᠤᠰᠤᠨ ᠤ ᠭᠡᠷ ᠤᠨ ᠡᠵᠡᠨ ᠤ ᠮᠡᠶ᠋ᠢᠭ ᠤᠨ ᠰᠤᠷᠭᠠᠨ ᠬᠦᠮᠦᠵᠢᠯ︾ ᠤᠨ ᠦᠩᠭᠡ ᠪᠤᠳᠤᠭ ᠢᠯᠡᠷᠡᠵᠤ᠂ ︽ᠵᠤᠳᠤᠭᠳᠠᠬᠤ | ᠦᠭᠡᠢ ᠪᠠᠷ ᠬᠦᠮᠦᠨ ᠪᠤᠯᠬᠤ ᠦᠭᠡᠢ︾ ᠭᠡᠰᠡᠨ ᠬᠡᠯᠡᠯᠭᠡ ᠭᠠᠵᠠᠷ ᠠᠪᠳᠠᠭ᠃ ᠭᠡᠲᠡᠯ᠎ᠡ ᠰᠡᠳᠬᠢᠴᠡ ᠶᠢᠨ ᠵᠦᠢ ᠶᠢᠨ | ᠲᠠᠯ᠎ᠠ ᠪᠠᠷ ᠬᠢ ᠰᠤᠳᠤᠯᠭᠠᠨ ᠳᠤ ᠢᠯᠡᠷᠡᠭᠦᠯᠦᠭᠰᠡᠨ ᠨᠢ᠂ ᠡᠵᠡᠷᠭᠡᠭ ᠡᠷᠭᠡ ᠰᠦᠷ ᠨᠡᠩ ᠴᠢᠨᠠᠭᠰᠢᠯᠠᠨ ᠬᠦᠴᠦᠷᠭᠡᠭᠯᠡᠯ ᠤᠨ ᠭᠡᠷ | ᠪᠦᠯᠢ ᠠᠴᠠ ᠰᠤᠷᠭᠠᠨ ᠬᠦᠮᠦᠵᠢᠭᠳᠡᠨ ᠭᠠᠷᠴᠤ ᠢᠷᠡᠭᠰᠡᠨ ᠬᠡᠤᠬᠡᠳ ᠨᠢ ᠶᠡᠷᠦᠳᠡᠭᠡᠨ ᠬᠢᠯᠪᠠᠷᠬᠠᠨ ᠢᠶᠠᠷ ᠬᠤᠶᠠᠷ ᠲᠦᠢᠯ | ᠵᠦᠭ ᠢᠶᠠᠨ ᠬᠡᠯᠪᠠᠶᠢᠵᠤ᠂ ᠡᠰᠡᠪᠡᠯ ᠮᠦᠨ ᠳᠡᠭᠡᠷᠡᠬᠢ ᠲᠠᠢ ᠠᠳᠠᠯᠢᠬᠠᠨ ᠢᠶᠠᠷ ᠡᠵᠡᠷᠭᠡᠭ ᠡᠷᠬᠡ ᠰᠦᠷ ᠬᠢᠭᠡᠳ | ᠬᠦᠴᠦᠷᠭᠡᠭᠯᠡᠯ ᠤᠨ ᠬᠠᠨᠳᠤᠰᠢ ᠲᠠᠢ ᠪᠤᠯᠵᠤ᠂ ᠨᠢᠭᠡ ᠪᠤᠯ ᠦᠭᠡᠨᠴᠡ ᠳᠤᠷᠤᠢ ᠭᠤᠳᠤᠷᠠᠩᠭᠤᠢ ᠪᠤᠯᠵᠤ᠂ ᠲᠡᠷᠢᠭᠦᠨ ᠢᠶᠠᠨ | ᠡᠷᠬᠦᠬᠦ ᠰᠦᠷ ᠰᠦᠯᠳᠡ ᠦᠭᠡᠢ ᠪᠤᠯᠳᠠᠭ᠃ ᠲᠤᠮᠤᠴᠤᠤᠯ ᠢ ᠳᠠᠭᠤᠷᠢᠶᠠᠵᠤ᠂ ᠬᠦᠴᠦᠷᠭᠡᠭᠯᠡᠯ ᠢ ᠰᠤᠷᠳᠠᠭ᠃ ᠬᠡᠤᠬᠡᠳ ᠬᠡᠷᠪᠡ | ᠦᠩᠭᠡᠷᠡᠭᠰᠡᠨ ᠳᠡᠭᠡᠨ ᠨᠠᠰᠤᠨ ᠳᠤ ᠬᠦᠷᠦᠭᠰᠡᠳ ᠤᠨ ᠳᠠᠭᠠᠷᠢᠯᠲᠠ ᠶᠢᠨ ᠴᠢᠨᠠᠷᠲᠠᠢ ᠦᠢᠯᠡ ᠠᠵᠢᠯᠯᠠᠭᠠᠨ ᠤ ᠵᠢᠱᠢᠶ᠎ᠠ ᠶᠢ | ᠤᠯᠵᠤ ᠬᠠᠷᠠᠭᠰᠠᠨ ᠦᠭᠡᠢ ᠪᠠᠶᠢᠬᠤ ᠪᠠᠶᠢᠳᠠᠯ ᠳᠤᠤᠷ᠎ᠠ᠂ ᠲᠠᠳᠡᠨᠤᠰ ᠲᠤ ᠳᠠᠭᠠᠷᠢᠯᠲᠠ ᠶᠢᠨ ᠴᠢᠨᠠᠷᠲᠠᠢ ᠦᠭᠡ ᠶᠠᠷᠢᠶ᠎ᠡ ᠶᠠᠷᠢᠬᠤ | ᠪᠤᠶᠤ ᠦᠢᠯᠡ ᠠᠵᠢᠯᠯᠠᠭ᠎ᠠ ᠬᠢᠬᠦ ᠪᠠᠶᠢᠳᠠᠯ ᠮᠠᠰᠢ ᠴᠦᠬᠡᠨ ᠢᠯᠡᠷᠡᠳᠡᠭ᠃ ᠬᠡᠳᠦ᠋ᠢᠪᠡᠷ ᠨᠤᠭᠤᠷᠠᠯ ᠪᠦᠲᠦᠷᠢᠯ ᠳᠤ ᠤᠴᠠᠷᠠᠭᠰᠠᠨ | ᠤᠷᠮ᠎ᠠ ᠰᠡᠳᠬᠢᠯᠭᠡ ᠲᠠᠢ ᠪᠠᠶᠢᠳᠠᠭ ᠴᠤ ᠬᠠᠷᠢᠨ ᠲᠠᠳᠡᠨᠤᠰ ᠨᠠᠮᠤᠭᠤᠨ ᠲᠤᠭᠲᠠᠭᠤᠨ ᠢᠶᠠᠷ ᠨᠠᠭᠠᠳᠤᠨ ᠲᠤᠭᠯᠠᠵᠤ ᠪᠠᠶᠢᠳᠠᠭ᠃ | ᠭᠡᠲᠡᠯ᠎ᠡ ᠲᠡᠳᠡᠭᠡᠷ ᠤᠷᠢᠳ ᠨᠢ ᠲᠤᠮᠤᠴᠤᠤᠯ ᠤᠨ ᠳᠠᠭᠠᠷᠢᠯᠲᠠ ᠶᠢᠨ ᠴᠢᠨᠠᠷᠲᠠᠢ ᠠᠵᠢᠯᠯᠠᠭᠠᠨ ᠢ ᠤᠯᠵᠤ ᠦᠵᠡᠭᠰᠡᠨ | ᠬᠡᠤᠬᠡᠳ ᠤᠳ ᠨᠢ ᠡᠨᠡ ᠦᠶ᠎ᠡ ᠪᠤᠯᠬᠤ ᠳᠤ ᠬᠠᠷᠢᠨ ᠠᠯᠤᠬ᠎ᠠ ᠰᠦᠬᠡ ᠠᠳᠬᠤᠵᠤ ᠠᠪᠤᠭᠠᠳ ᠨᠠᠭᠠᠳᠤᠮ ᠤᠨ ᠬᠡᠤᠬᠡᠯᠳᠡᠢ ᠪᠠᠨ | ᠨᠢᠴᠠ ᠪᠠᠯᠪᠠ ᠴᠤᠬᠢᠳᠠᠭ᠃ ᠲᠡᠭᠦᠨ ᠤ ᠲᠤᠬᠢᠶᠠᠯᠳᠤᠮᠵᠢ ᠨᠢ ᠦᠵᠡᠵᠤ ᠦᠩᠭᠡᠷᠡᠭᠰᠡᠨ ᠦᠭᠡᠢ ᠬᠡᠤᠬᠡᠳ ᠠᠴᠠ ᠬᠡᠳᠦᠨ ᠳᠠᠬᠢᠨ | ᠦᠨᠳᠦᠷ ᠪᠠᠶᠢᠳᠠᠭ᠃ ᠬᠠᠷᠠᠳᠠᠭᠳᠠᠨ ᠴᠤᠬᠢᠭᠳᠠᠪᠠᠯ ᠠᠮᠠᠷᠬᠠᠨ ᠢᠶᠠᠷ ᠪᠤᠰᠤᠳ ᠢ ᠳᠠᠭᠠᠷᠢᠬᠤ ᠪᠤᠯᠳᠠᠭ᠃ ᠳᠠᠭᠠᠷᠢᠯᠲᠠ ᠶᠢᠨ | ᠴᠢᠨᠠᠷᠲᠠᠢ ᠦᠢᠯᠡ ᠠᠵᠢᠯᠯᠠᠭᠠᠨ ᠢ ᠤᠯᠵᠤ ᠦᠵᠡᠭᠰᠡᠨ ᠬᠡᠤᠬᠡᠳ ᠨᠡᠭᠡᠷᠡᠨ ᠳᠠᠭᠠᠷᠢᠯᠲᠠ ᠬᠢᠬᠦ ᠶᠢ ᠰᠤᠷᠴᠢᠬᠠᠳᠠᠭ᠃ ᠰᠤᠷᠭᠠᠨ | ᠬᠦᠮᠦᠵᠢᠯ ᠤᠨ ᠡᠷᠳᠡᠮᠲᠡᠨ ᠨᠠᠷ ᠤᠨ ᠰᠠᠨᠠᠭᠠᠴᠢᠯᠠᠭᠰᠠᠭᠠᠷ ᠢᠷᠡᠭᠰᠡᠨ ᠬᠡᠤᠬᠡᠳ ᠢ ᠬᠦᠴᠦᠷᠭᠡᠭᠯᠡᠯ ᠤᠨ ᠺᠢᠨᠣ᠋ ᠲᠧᠯᠧᠶᠢᠰ ᠵᠢᠴᠢ | ᠬᠦᠴᠦᠷᠭᠡᠭᠯᠡᠯ ᠤᠨ ᠡᠯᠧᠺᠳ᠋ᠷᠤᠨ ᠲᠤᠭᠯᠠᠭᠠᠮ ᠠᠴᠠ ᠬᠤᠯᠠ ᠵᠠᠶᠢᠲᠠᠢ ᠪᠠᠶᠢᠯᠭᠠᠭᠠᠷᠠᠢ ᠭᠡᠳᠡᠭ ᠤᠨ ᠤᠴᠢᠷ ᠶᠤᠰᠤ ᠨᠢ ᠡᠭᠦᠨ ᠳᠤ | ᠪᠤᠢ᠃ ᠠᠳᠠᠯᠢᠬᠠᠨ ᠢᠶᠠᠷ ᠭᠡᠷ ᠲᠡᠭᠡᠨ ᠡᠴᠢᠬᠡ ᠡᠬᠡ ᠶᠢᠨ ᠢᠶᠠᠨ ︽ᠠᠯᠠᠭᠠᠨ ᠪᠤᠤᠪᠤ︾ ᠶᠢᠨ ᠠᠮᠲᠠ ᠶᠢ ᠦᠵᠡᠭᠰᠡᠨ | ᠬᠡᠤᠬᠡᠳ ᠨᠢ ᠮᠦᠨ ᠡᠭᠡᠨᠡᠭᠲᠡ ᠠᠪ ᠠᠮᠠᠷᠬᠠᠨ ᠢᠶᠠᠷ ᠪᠤᠰᠤᠳ ᠲᠤ ᠳᠠᠭᠠᠷᠢᠯᠲᠠ ᠶᠠᠪᠤᠭᠤᠯᠳᠠᠭ᠃ ᠠᠮᠧᠷᠢᠺᠡ ᠶᠢᠨ | ᠰᠤᠳᠤᠯᠭᠠᠲᠠᠳ ᠨᠢᠭᠡᠨ ᠵᠦᠢᠯ ᠤᠨ ᠰᠤᠳᠤᠯᠭᠠᠨ ᠦᠷᠨᠢᠭᠦᠯᠵᠡᠢ᠃ ᠲᠡᠳᠡᠨᠤᠰ 273 ᠨᠡᠷ᠎ᠡ ᠢᠨᠳᠢᠶᠠᠨ᠎ᠠ ᠵᠧᠦ ᠬᠢᠭᠡᠳ | ᠲᠧᠨᠧᠰᠢ ᠵᠧᠦ ᠶᠢᠨ ᠬᠡᠤᠬᠡᠳ ᠤᠨ ᠴᠡᠴᠡᠷᠯᠢᠭ ᠤᠨ ᠬᠡᠤᠬᠡᠳ ᠤᠨ ᠡᠴᠢᠬᠡ ᠡᠬᠡᠴᠤᠤᠯ ᠳᠤ ᠨᠢᠭᠡᠨ ᠬᠤᠪᠢ ᠦᠪᠡᠷ ᠤᠨ | ᠬᠡᠤᠬᠡᠳ ᠲᠡᠭᠡᠨ ᠬᠡᠷᠡᠭᠯᠡᠵᠤ ᠦᠩᠭᠡᠷᠡᠭᠰᠡᠨ ᠬᠠᠯᠠ ᠦᠵᠡᠭᠦᠯᠦᠭᠰᠡᠨ ᠲᠦᠷᠦᠯ ᠵᠦᠢᠯ ᠤᠨ ᠦᠪᠡᠷᠲᠡᠭᠡᠨ ᠮᠡᠳᠡᠭᠦᠯᠬᠦ | ᠬᠦᠰᠦᠨᠦᠭᠲᠤ ᠶᠢ ᠲᠠᠷᠬᠠᠭᠠᠨ ᠦᠭᠴᠤ ᠲᠠᠭᠯᠠᠭᠤᠯᠤᠭᠰᠠᠨ ᠪᠠᠶᠢᠵᠠᠢ᠃ ᠪᠠᠶᠢᠴᠠᠭᠠᠯᠲᠠ ᠬᠢᠭᠰᠡᠨ ᠤ ᠳ᠋ᠦᠩ ᠳᠤ᠂ 6% ᠤᠨ | ᠡᠴᠢᠬᠡ ᠡᠬᠡ ᠨᠢ ᠶᠡᠷᠦ ᠠᠴᠠ ᠬᠡᠤᠬᠡᠳ ᠲᠡᠭᠡᠨ ᠭᠠᠷ ᠬᠦᠳᠡᠯᠵᠤ ᠴᠤᠬᠢᠵᠤ ᠵᠤᠳᠤᠭᠰᠠᠨ ᠦᠭᠡᠢ︔ 68% ᠤᠨ ᠡᠴᠢᠬᠡ | ᠡᠬᠡ ᠨᠢ ᠬᠡᠤᠬᠡᠳ ᠤᠨ ᠢᠶᠠᠨ ᠪᠦᠭᠰᠡ ᠶᠢ ᠨᠢ ᠠᠯᠠᠭᠠᠳᠠᠵᠤ ᠦᠩᠭᠡᠷᠡᠵᠡᠢ︔ ᠦᠯᠡᠳᠡᠭᠰᠡᠨ 26% ᠤᠨ ᠡᠴᠢᠭᠡ ᠡᠬᠡ ᠨᠢ | ᠨᠡᠯᠢᠶᠡᠳ ᠬᠦᠨᠳᠦ ᠨᠤᠴᠢᠲᠠᠢ ᠬᠠᠲᠠᠭᠤ ᠰᠢᠷᠦᠭᠦᠨ ᠢᠶᠠᠷ ᠬᠠᠨᠳᠤᠵᠤ᠂ ᠨᠢᠳᠤᠷᠭᠠᠳᠠᠭᠰᠠᠨ ᠪᠤᠶᠤ ᠢᠰᠭᠦᠯᠵᠤ᠂ ᠨᠡᠩ | ᠴᠢᠨᠠᠭᠰᠢᠯᠠᠭᠠᠳ ᠪᠠᠭᠠᠵᠢ ᠵᠡᠪᠰᠡᠭ ᠡᠷᠬᠢᠭᠦᠯᠵᠤ ᠬᠠᠷᠠᠳᠠᠨ ᠴᠤᠬᠢᠭᠰᠠᠨ ᠪᠠᠶᠢᠨ᠎ᠠ᠃ ᠭᠡᠷ ᠤᠨ ᠠᠬᠠᠮᠠᠳ ᠨᠠᠷ ᠡᠨᠡᠬᠦ | ᠬᠦᠰᠦᠨᠦᠭᠲᠤ ᠪᠠᠨ ᠲᠤᠰᠢᠶᠠᠭᠰᠠᠨ ᠠᠴᠠ 6 ᠰᠠᠷ᠎ᠠ ᠶᠢᠨ ᠳᠠᠷᠠᠭ᠎ᠠ᠂ ᠰᠤᠳᠤᠯᠭᠠᠲᠠᠳ ᠡᠳᠡᠭᠡᠷ ᠬᠡᠤᠬᠡᠳ ᠤᠨ ᠴᠡᠴᠡᠷᠯᠢᠭ ︵ | ᠰᠤᠷᠭᠠᠭᠤᠯᠢ︶ ᠳᠡᠭᠡᠷ᠎ᠡ ᠪᠠᠨ ᠬᠠᠨᠢᠲᠠᠨ ᠨᠠᠷ ᠲᠠᠢ ᠪᠠᠨ ᠬᠡᠷᠬᠢᠨ ᠶᠠᠪᠤᠯᠴᠠᠵᠤ ᠪᠠᠶᠢᠬᠤ ᠪᠠᠶᠢᠳᠠᠯ ᠢ ᠠᠵᠢᠭᠯᠠᠬᠤ ᠶᠢᠨ ᠬᠠᠮᠲᠤ | ᠲᠠᠳᠡᠨᠤᠰ ᠤᠨ ᠬᠠᠨᠢᠲᠠᠨ ᠳᠠᠭᠠᠨ ᠶᠠᠪᠤᠭᠤᠯᠤᠭᠰᠠᠨ ᠳᠠᠭᠠᠷᠢᠯᠲᠠ ᠶᠢᠨ ᠴᠢᠨᠠᠷᠲᠠᠢ ᠦᠢᠯᠡ ᠠᠵᠢᠯᠯᠠᠭᠠᠨ ᠢ ᠲᠠᠮᠳᠡᠭᠯᠡᠨ | ᠠᠪᠤᠭᠰᠠᠨ ᠪᠠᠶᠢᠨ᠎ᠠ᠃ ᠵᠢᠱᠢᠶᠡᠯᠡᠪᠡᠯ᠂ ᠶᠠᠮᠠᠷ ᠨᠢᠭᠡᠨ ᠲᠠᠯᠠᠪᠤᠷ ᠳᠡᠭᠡᠷ᠎ᠡ ᠲᠠᠳᠡᠨᠤᠰ ᠪᠤᠰᠤᠳ ᠲᠤ ᠳᠤᠷᠤᠮᠵᠢᠯᠠᠭᠳᠠᠬᠤ ᠪᠤᠶᠤ | ᠠᠭᠤᠷ ᠬᠦᠷᠦᠭᠰᠡᠨ ᠠᠴᠠ ᠪᠤᠯᠵᠤ ᠨᠦᠬᠦᠭᠡ ᠡᠲᠡᠭᠡᠳ ᠢᠶᠠᠨ ᠴᠤᠬᠢᠭᠰᠠᠨ ᠵᠡᠷᠭᠡ᠃ ᠬᠠᠮᠤᠭ ᠰᠡᠭᠦᠯ ᠳᠤᠨᠢ ᠡᠳᠡᠭᠡᠷ ᠲᠤᠭ᠎ᠠ | ᠪᠠᠷᠢᠮᠲᠠ ᠶᠢ ᠳ᠋ᠦᠩᠨᠡᠭᠡᠳ ᠨᠢᠭᠡᠨ ᠬᠤᠪᠢ ᠴᠠᠭ ᠪᠦᠷᠢ ᠲᠡᠭᠰᠢᠳᠬᠡᠭᠡᠳ ᠶᠠᠪᠤᠭᠳᠠᠭᠰᠠᠨ ᠳᠠᠭᠠᠷᠢᠯᠲᠠ ᠶᠢᠨ ᠴᠢᠨᠠᠷᠲᠠᠢ | ᠠᠵᠢᠯᠯᠠᠭᠠᠨ ᠬᠢᠭᠰᠡᠨ ᠬᠤᠪᠢ ᠨᠤᠷᠮ᠎ᠡ ᠶᠢ ᠪᠦᠷᠢᠳᠬᠡᠨ ᠲᠡᠮᠳᠡᠭᠯᠡᠭᠰᠡᠨ ᠵᠢᠷᠤᠭᠲᠤ ᠬᠦᠰᠦᠨᠦᠭᠲᠤ ᠶᠢ ᠵᠢᠷᠤᠵᠤ ᠭᠠᠷᠭᠠᠭᠰᠠᠨ | ᠪᠠᠶᠢᠨ᠎ᠠ᠃ | ᠬᠤᠶᠠᠷ᠂ ᠭᠡᠷ ᠤᠨ ᠠᠬᠠᠮᠠᠳ ᠠᠴᠠ ᠬᠡᠤᠬᠡᠳ ᠤᠨ ᠬᠦᠮᠦᠨ ᠮᠦᠰᠦ ᠳᠤ ᠦᠵᠡᠭᠦᠯᠬᠦ ᠨᠦᠯᠦᠭᠡ ᠦᠪᠡᠷ ᠤᠨ | ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠪᠡᠶ᠎ᠡ ᠪᠠᠨ ᠪᠠᠷᠢᠵᠤ᠂ ᠪᠠᠴᠢᠮᠳᠠᠨ ᠰᠠᠨᠳᠤᠷᠴᠤ ᠪᠤᠯᠬᠤ ᠦᠭᠡᠢ᠃ ᠹᠧᠤᠳᠠᠯ ᠤᠨ | ᠭᠡᠷ ᠤᠨ ᠮᠡᠶ᠋ᠢᠭ ᠤᠨ ᠬᠠᠯᠠ ᠦᠵᠡᠭᠦᠯᠬᠦ ᠪᠤᠶᠤ ᠳᠤᠷ᠎ᠠ ᠮᠡᠳᠡᠨ ᠠᠪᠤᠨ ᠳᠤᠤᠷ᠎ᠡ ᠪᠠᠨ ᠰᠢᠳᠬᠡᠨ ᠲᠤᠷᠭᠠᠬᠤ ᠯᠤᠭ᠎ᠠ ᠡᠰᠡᠷᠬᠦ | ᠨᠡᠩ ᠶᠡᠭᠡ ᠦᠷ᠎ᠡ ᠠᠰᠢᠭᠲᠠᠢ ᠰᠤᠷᠭᠠᠨ ᠬᠦᠮᠦᠵᠢᠭᠦᠯᠬᠦ ᠠᠷᠭ᠎ᠠ ᠮᠡᠶ᠋ᠢᠭ ᠨᠢ ᠡᠳᠦᠷ ᠲᠤᠳᠤᠮ ᠤᠨ ᠦᠢᠯᠡ ᠠᠵᠢᠯᠯᠠᠭᠠᠨ ᠤ | ᠳᠤᠮᠳᠠ ᠦᠪᠡᠷ ᠤᠨ ᠪᠡᠶ᠎ᠡ ᠪᠠᠷ ᠢᠶᠠᠨ ᠬᠡᠪ ᠳᠦᠷᠢᠮ ᠪᠤᠯᠬᠤ ᠶᠠᠪᠤᠳᠠᠯ ᠪᠤᠯᠤᠨ᠎ᠠ᠃ ᠬᠡᠤᠬᠡᠳ ᠢ ᠨᠠᠰᠤ ᠪᠠᠭ᠎ᠠ ᠲᠦᠭᠦᠭᠡ | ᠦᠭᠡᠢ ᠭᠡᠵᠤ ᠦᠵᠡᠵᠤ ᠬᠡᠷᠭᠢᠭᠰᠡᠨ ᠴᠤ ᠪᠤᠯᠬᠤ ᠦᠭᠡᠢ᠃ ᠮᠠᠨ ᠤ ᠡᠳᠦᠷ ᠳᠤᠲᠤᠮ ᠤᠨ ᠠᠮᠢᠳᠤᠷᠠᠯ ᠳᠤᠮᠳᠠᠬᠢ ᠬᠦᠳᠡᠯᠵᠤ | ᠪᠠᠷᠢᠬᠤ ᠦᠭᠡ ᠶᠠᠷᠢᠶ᠎ᠠ ᠦᠢᠯᠡ ᠠᠵᠢᠯᠯᠠᠭᠠᠨ ᠨᠢ ᠪᠦᠷ ᠴᠠᠭ ᠢᠮᠠᠭᠲᠠ ᠦᠯᠤ ᠮᠡᠳᠡᠭᠳᠡᠮ᠎ᠡ ᠪᠠᠷ ᠬᠡᠤᠬᠡᠳ ᠤᠨ ᠦᠪᠡᠷᠮᠢᠴᠡ | ᠵᠠᠩ᠂ ᠤᠯᠠᠨ ᠵᠦᠢᠯ ᠤᠨ ᠤᠨᠴᠠᠯᠢᠭ ᠰᠢᠨᠵᠢ ᠵᠢᠴᠢ ᠠᠮᠢᠳᠤᠷᠠᠬᠤᠢ ᠶᠢᠨ ᠦᠵᠡᠯᠲᠡ ᠶᠢᠨ ᠪᠤᠢ ᠪᠤᠯᠤᠨ ᠪᠦᠷᠢᠯᠳᠦᠬᠦ ᠶᠢ | ᠰᠢᠭᠤᠳ ᠨᠦᠯᠦᠭᠡᠯᠡᠵᠤ ᠪᠠᠶᠢᠳᠠᠭ᠃ ᠡᠨᠡᠬᠦ ᠬᠦᠮᠦᠨ ᠮᠦᠰᠦ ᠶᠢᠨ ᠱᠤᠭᠤᠭᠳᠠᠨ ᠪᠦᠲᠦᠭᠡᠭᠳᠡᠬᠦ ᠠᠯᠲᠠᠨ ᠰᠢᠷᠭᠠᠯ ᠱᠠᠲᠤ | ᠦᠶ᠎ᠡ ᠨᠢ ᠬᠡᠤᠬᠡᠳ ᠶᠠᠭ ᠨᠢᠭᠡᠨ ᠳᠦᠷᠰᠦ ᠰᠢᠩᠭᠡᠭᠡᠬᠦ ᠮᠠᠰᠢᠨ ᠰᠢᠭ᠋ ᠢᠶᠠᠷ ᠲᠡᠭᠦᠨ ᠤ ᠦᠵᠡᠵᠤ ᠰᠤᠨᠤᠰᠤᠭᠰᠠᠨ ᠢᠶᠠᠨ | ᠦᠴᠦᠬᠡᠨ ᠲᠡᠳᠦᠢ ᠭᠡᠭᠡᠭᠳᠡᠯ ᠦᠭᠡᠢ ᠪᠠᠷ ᠪᠦᠬᠦᠨ ᠢ ᠰᠢᠩᠭᠡᠭᠡᠨ ᠠᠪᠤᠭᠠᠳ ᠲᠡᠷᠡᠪᠡᠷ ᠦᠪᠡᠷ ᠢ ᠪᠠᠨ ᠱᠤᠭᠤᠵᠤ ᠪᠦᠲᠦᠭᠡᠬᠦ | ᠡᠬᠡ ᠲᠡᠪᠲᠡᠷ ᠢᠶᠠᠨ ᠪᠤᠯᠭᠠᠳᠠᠭ ᠶᠤᠮ᠃ ᠡᠷᠭᠡ ᠲᠡᠭᠰᠢ ᠪᠠᠷ ᠬᠠᠨᠳᠤᠵᠤ᠂ ᠬᠦᠴᠦᠷᠭᠡᠭᠯᠡᠯ ᠢ ᠬᠡᠷᠡᠭᠯᠡᠵᠤ ᠪᠤᠯᠬᠤ ᠦᠭᠡᠢ᠃ | ᠠᠮᠢᠳᠤᠷᠠᠯ ᠤᠨ ᠲᠠᠯ᠎ᠠ ᠳᠡᠭᠡᠷᠡᠬᠢ ᠡᠯ᠎ᠡ ᠵᠦᠢᠯ ᠤᠨ ᠨᠠᠷᠢᠨ ᠶᠠᠪᠤᠳᠠᠯ ᠳᠡᠭᠡᠷ ᠡ ᠲᠤᠭᠲᠠᠭᠤᠨ ᠲᠠᠶᠢᠪᠤᠭᠤ᠂ ᠡᠶᠡᠯᠳᠡᠭ | ᠤᠶᠤᠨᠴᠢ ᠪᠠᠷ ᠬᠡᠤᠬᠡᠳ ᠢ ᠬᠦᠨᠳᠦᠳᠬᠡᠵᠤ᠂ ᠡᠷᠬᠡ ᠲᠡᠭᠰᠢ ᠪᠠᠷ ᠬᠠᠨᠳᠤᠬᠤ ᠬᠡᠷᠡᠭᠲᠡᠢ᠃ ᠡᠷᠳᠡᠮᠲᠡᠨ ᠮᠡᠷᠭᠡᠳ ᠤᠨ | ᠦᠵᠡᠬᠦ ᠪᠠᠷ ᠢᠩᠬᠢᠵᠤ ᠬᠢᠬᠦ ᠨᠢ ᠬᠡᠤᠬᠡᠳ ᠤᠨ ᠦᠪᠡᠷ ᠢ ᠪᠠᠨ ᠡᠵᠡᠮᠳᠡᠬᠦ ᠴᠢᠳᠠᠪᠦᠷᠢ ᠶᠢ ᠨᠢ ᠳᠡᠭᠡᠭᠰᠢᠯᠡᠭᠦᠯᠳᠡᠭ ᠢᠶᠠᠷ ᠦᠯᠦ | ᠪᠠᠷᠠᠮ ᠪᠠᠰᠠ ᠬᠡᠤᠬᠡᠳ ᠤᠨ ᠪᠡᠶ ᠡ ᠰᠡᠳᠬᠢᠯ ᠡᠯ᠎ᠡ ᠲᠠᠯ᠎ᠠ ᠪᠠᠷ ᠯᠠᠪᠳᠠᠭᠤᠨ ᠲᠤᠭᠲᠠᠭᠤᠨ ᠡᠷᠡᠭᠦᠯ ᠴᠢᠬᠢᠷᠠᠭ ᠢᠶᠠᠷ ᠦᠰᠦᠨ | ᠪᠤᠶᠢᠵᠢᠬᠤ ᠳᠤᠨᠢ ᠲᠤᠰᠠᠯᠠᠳᠠᠭ ᠪᠠᠶᠢᠨ᠎ᠠ᠃ ᠡᠭᠦᠨ ᠤ ᠵᠡᠷᠭᠡᠪᠡᠷ᠂ ᠪᠤᠰᠤᠳ ᠢ ᠬᠦᠨᠳᠦᠳᠬᠡᠬᠦ ᠡᠷᠬᠡ ᠲᠡᠭᠰᠢ ᠦᠵᠡᠯᠲᠡ ᠨᠢ | ᠪᠠᠰᠠ ᠡᠭᠦᠨ ᠠᠴᠠ ᠪᠤᠯᠵᠤ ᠬᠡᠤᠬᠡᠳ ᠤᠨ ᠰᠡᠳᠬᠢᠯ ᠵᠢᠷᠦᠭᠡᠨ ᠳᠤ ᠦᠯᠦ ᠮᠡᠳᠡᠭᠳᠡᠮ᠎ᠡ ᠪᠠᠷ ᠪᠤᠢ ᠪᠤᠯᠵᠤ ᠡᠭᠦᠰᠳᠡᠭ ᠪᠠᠶᠢᠨ᠎ᠠ᠃ | ᠬᠡᠤᠬᠡᠳ ᠤᠨ ᠠᠰᠠᠭᠤᠳᠠᠯ ᠳᠤ ᠬᠠᠨᠳᠤᠬᠤ ᠳᠠᠭᠠᠨ᠂ ᠰᠤᠷᠭᠠᠨ ᠬᠦᠮᠦᠵᠢᠭᠦᠯᠬᠦ ᠳᠡᠭᠡᠨ ᠨᠡᠯᠢᠶᠡᠳ ᠰᠠᠶᠢᠨ ᠭᠠᠷᠰᠢᠭᠰᠠᠨ | ᠭᠡᠷ ᠤᠨ ᠠᠬᠠᠮᠠᠳ ᠪᠤᠯ ᠲᠡᠳᠡᠨᠤᠰ ᠤᠨ ᠦᠢᠯᠡ ᠠᠵᠢᠯᠯᠠᠭᠠᠨ ᠤ ᠦᠨᠡᠨᠬᠦ ᠵᠤᠷᠢᠯᠭ᠎ᠠ ᠨᠢ ᠶᠠᠭᠤ ᠪᠤᠯᠬᠤ ᠶᠢ ᠬᠦᠯᠢᠴᠡᠩᠭᠦᠢ | ᠨᠢᠮᠪᠠᠢ ᠪᠠᠷ ᠠᠰᠠᠭᠤᠨ ᠯᠠᠪᠯᠠᠵᠤ᠂ ᠲᠡᠳᠡᠨ ᠢ ᠬᠦᠲᠦᠯᠦᠨ ᠵᠢᠯᠤᠭᠤᠳᠴᠤ ᠪᠠᠶᠢᠭᠠᠳ ᠦᠪᠡᠷ ᠤᠨ ᠬᠢᠨᠢ ᠰᠡᠳᠬᠢᠯ ᠵᠢᠷᠦᠭᠡᠨ | ᠲᠤᠳᠤᠷᠠᠬᠢ ᠤᠶᠢᠢᠯᠠᠭᠠᠯᠲᠠ ᠪᠠ ᠦᠵᠡᠯᠲᠡ ᠶᠢ ᠨᠢ ᠭᠦᠢᠴᠡᠳ ᠶᠠᠷᠢᠭᠤᠯᠵᠤ ᠪᠤᠯᠤᠨ᠎ᠠ᠃ ᠠᠰᠠᠭᠤᠳᠠᠯ ᠨᠢ ᠬᠡᠷᠪᠡ ᠪᠤᠰᠤᠳ | ᠬᠦᠮᠦᠨ ᠲᠠᠢ ᠬᠤᠯᠪᠤᠭᠳᠠᠬᠤ ᠦᠶᠡᠰ ᠲᠤ ᠬᠡᠤᠬᠡᠳ ᠢ ᠰᠡᠩᠭᠡᠷᠡᠭᠦᠯᠵᠤ ᠪᠠᠶᠢᠭᠠᠳ᠂ ᠨᠦᠭᠦᠭᠡ ᠡᠲᠡᠭᠡᠳ ᠤᠨ ᠵᠤᠭᠰᠤᠯᠲᠠ | ᠳᠡᠭᠡᠷ᠎ᠡ ᠵᠤᠭᠰᠤᠭᠠᠵᠤ ᠪᠠᠶᠢᠭᠠᠳ ᠲᠡᠷᠡᠪᠡᠷ ᠲᠠᠳᠡᠨᠤᠰ ᠤᠨ ᠢᠵᠢᠯ ᠤᠶᠤᠨᠴᠢ ᠰᠡᠳᠬᠢᠯ ᠢ ᠬᠦᠮᠦᠵᠢᠭᠦᠯᠦᠨ᠎ᠡ᠃ ᠬᠡᠤᠬᠡᠳ ᠤᠨ | ᠬᠦᠮᠦᠨ ᠤ ᠡᠭᠳᠡᠭᠦᠦ ᠬᠦᠷᠭᠡᠬᠦ ᠠᠵᠢᠯᠯᠠᠭᠠᠨ ᠳᠤ ᠬᠠᠨᠳᠤᠬᠤ ᠳᠠᠭᠠᠨ᠂ ᠰᠤᠳᠤᠨ ᠭᠠᠷᠮᠠᠭᠠᠢ ᠭᠡᠷ ᠤᠨ ᠠᠬᠠᠮᠠᠳ ᠪᠤᠯ ᠬᠠᠰᠢ | ᠶᠠᠰᠢ ᠪᠦᠳᠦᠬᠦᠯᠢᠭ ᠢᠶᠠᠷ᠄ ︽ᠴᠢ ᠢᠩᠬᠢᠵᠤ ᠪᠤᠯᠬᠤ ᠦᠭᠡᠢ᠂ ᠴᠢ ᠴᠢᠩᠬᠢᠵᠤ ᠪᠤᠯᠬᠤ ᠦᠭᠡᠢ︕︾ ᠭᠡᠵᠤ ᠵᠠᠷᠯᠢᠭᠳᠠᠬᠤ | ᠪᠢᠰᠢ᠂ ᠨᠡᠩ ᠴᠤ ᠠᠶ᠎ᠠ ᠦᠭᠡᠶᠢᠳᠡᠭᠰᠡᠭᠡᠷ ᠬᠠᠷᠢᠶᠠᠵᠤ ᠵᠦᠭᠡᠬᠦ ᠪᠤᠶᠤ ᠨᠡᠩ ᠴᠢᠨᠠᠭᠰᠢᠯᠠᠭᠠᠳ ᠵᠤᠳᠤᠵᠤ ᠴᠤᠬᠢᠬᠤ ᠦᠭᠡᠢ᠂ | ᠬᠠᠷᠢᠨ ᠨᠡᠩ ᠯᠠᠪᠳᠠᠭᠤᠨ ᠲᠤᠭᠲᠠᠭᠤᠨ᠂ ᠤᠷᠮ ᠠ ᠰᠡᠳᠬᠢᠯᠭᠡ ᠲᠠᠢ ᠪᠠᠷ ᠶᠠᠭᠠᠬᠢᠵᠤ ᠬᠢᠪᠡᠯ ᠵᠤᠬᠢᠬᠤ ᠶᠢ ᠬᠡᠯᠡᠵᠤ ᠦᠭᠬᠦ ᠪᠠ | ᠶᠤᠰᠤ ᠨᠢ ᠬᠠᠮᠢᠭ᠎ᠠ ᠨᠢ ᠪᠠᠶᠢᠬᠤ ᠶᠢ ᠵᠢᠭᠠᠨ ᠭᠠᠷᠭᠠᠵᠤ ᠦᠭᠳᠡᠭ᠃ ᠲᠡᠳᠡᠨᠤᠰ ᠪᠠᠰᠠ ᠬᠡᠤᠬᠡᠳ ᠲᠠᠢ ᠪᠠᠨ ᠵᠦᠪᠳᠡᠵᠤ | ᠬᠡᠯᠡᠯᠴᠡᠵᠤ ᠪᠠᠶᠢᠭᠠᠳ ︽ᠱᠠᠩᠨᠠᠵᠤ ᠲᠤᠷᠭᠠᠬᠤ ᠳᠦᠷᠢᠮ︾ ᠢᠶᠠᠨ ᠤᠷᠢᠳᠠᠪᠠᠷ ᠲᠤᠭᠲᠠᠭᠠᠴᠢᠬᠠᠭᠠᠳ᠂ ᠲᠡᠭᠦᠨ ᠢᠶᠠᠨ ᠨᠠᠷᠢᠨ | ᠨᠢᠮᠪᠠᠢ ᠮᠦᠷᠳᠡᠨ ᠬᠡᠷᠡᠭᠵᠢᠭᠦᠯᠳᠡᠭ ᠪᠦᠭᠡᠳ ᠬᠠᠷᠢᠨ ︽ᠭᠡᠷ ᠤᠨ ᠠᠬᠠᠮᠠᠳ ᠤᠨ ᠡᠵᠡᠷᠬᠡᠭᠯᠡᠯ ᠤᠨ ᠡᠷᠬᠡ︾ ᠶᠢ ᠳᠤᠷ᠎ᠠ ᠮᠡᠳᠡᠨ | ᠬᠡᠷᠡᠭᠯᠡᠳᠡᠭ ᠦᠭᠡᠢ᠃ ᠱᠠᠩᠨᠠᠵᠤ ᠲᠤᠷᠭᠠᠬᠤ ᠳᠦᠷᠢᠮ ᠲᠤᠭᠲᠠᠭᠠᠨ ᠵᠦᠢ ᠵᠤᠬᠢᠰᠲᠠᠢ ᠪᠠᠷ ᠱᠠᠩᠨᠠᠵᠤ ᠲᠤᠷᠭᠠᠬᠤ ᠨᠢ | ᠬᠡᠤᠬᠡᠳ ᠢ ᠬᠠᠷᠠᠬᠠᠨ ᠪᠠᠭ᠎ᠠ ᠠᠴᠠ ᠨᠢ ᠤᠶᠤᠨ ᠤᠬᠠᠭᠠᠨ ᠬᠢᠭᠡᠳ ᠳᠦᠷᠢᠮ ᠲᠤᠭᠲᠠᠭᠠᠯ ᠢ ᠬᠦᠨᠳᠦᠳᠬᠡᠬᠦ ᠪᠤᠯᠭᠠᠨ | ᠬᠦᠮᠦᠵᠢᠭᠦᠯᠬᠦ ᠳᠤ ᠠᠰᠢᠭᠲᠠᠢ ᠪᠠᠶᠢᠳᠠᠭ᠃ ︵ᠬᠡᠳᠦ᠋ᠢᠪᠡᠷ ᠭᠡᠷ ᠤᠨ ᠠᠬᠠᠮᠠᠳ ᠤᠨ ᠭᠠᠷ ᠲᠤ ᠬᠦᠨᠳᠡᠯᠡᠨ ᠠᠴᠠ ᠲᠠᠰᠤᠯᠬᠤ | ᠡᠷᠬᠡ ᠪᠠᠶᠢᠩᠭᠤ ᠳᠠᠭᠠᠨ ᠪᠠᠶᠢᠳᠠᠭ ᠪᠤᠯᠪᠠᠴᠤ ᠭᠡᠷ ᠤᠨ ᠠᠬᠠᠮᠠᠳ ᠨᠢ ᠮᠦᠨ ᠯᠡ ᠠᠳᠠᠯᠢᠬᠠᠨ ᠢᠶᠠᠷ ᠤᠶᠤᠨ ᠤᠬᠠᠭᠠᠨ ᠬᠢᠭᠡᠳ | ᠳᠦᠷᠢᠮ ᠲᠤᠭᠲᠠᠭᠠᠯ ᠢ ᠬᠦᠨᠳᠦᠳᠬᠡᠭᠰᠡᠨ ᠪᠠᠶᠢᠬᠤ ᠬᠡᠷᠡᠭᠲᠡᠢ︶᠃ ᠡᠰᠡ ᠲᠡᠶᠢᠮᠦ ᠪᠤᠯᠪᠠᠰᠤ ᠵᠦᠪᠬᠡᠨ ᠭᠡᠷ ᠤᠨ ᠠᠬᠠᠮᠠᠳ ᠤᠨ | ᠬᠦᠴᠦᠷᠭᠡᠭᠯᠡᠯ ᠤᠨ ᠡᠷᠬᠡ ᠠᠴᠠ ᠡᠭᠦᠰᠳᠡᠭ ᠲᠤ ᠬᠦᠷᠪᠡᠯ ᠭᠠᠭᠴᠠᠬᠦ ᠲᠡᠷᠡ ᠨᠢ ᠬᠡᠤᠬᠡᠳ ᠳᠠᠩ ᠴᠤᠯᠭᠤᠢ ᠬᠦᠴᠦᠷᠭᠡᠭᠯᠡᠯ ᠤᠨ | ᠡᠷᠬᠡ ᠶᠢ ᠲᠠᠭᠠᠬᠤ ᠯᠡ ᠬᠡᠷᠡᠭᠲᠡᠢ ᠪᠤᠯᠵᠤ᠂ ᠲᠡᠭᠦᠨ ᠠᠴᠠ ᠪᠤᠯᠵᠤ ᠢᠷᠡᠭᠡᠳᠦᠢ ᠳᠤ ᠬᠦᠴᠦᠷᠭᠡᠭᠯᠡᠯ ᠤᠨ ᠡᠷᠬᠡ ᠶᠢ ᠰᠢᠲᠤᠨ | ᠪᠢᠰᠢᠷᠡᠵᠤ᠂ ᠤᠶᠤᠨ ᠤᠬᠠᠭᠠᠨ ᠬᠢᠭᠡᠳ ᠳᠦᠷᠢᠮ ᠲᠤᠭᠲᠠᠭᠠᠯ ᠬᠠᠤᠯᠢ ᠳᠦᠷᠢᠮ ᠢ ᠤᠶᠢᠢᠰᠢᠶᠠᠬᠤ ᠦᠭᠡᠢ ᠪᠤᠯᠵᠤ ᠮᠡᠳᠡᠳᠡᠭ᠃ | ︽ᠱᠠᠩᠨᠠᠵᠤ ᠲᠤᠷᠭᠠᠬᠤ ᠳᠦᠷᠢᠮ︾ ᠢ ᠬᠡᠷᠡᠭᠯᠡᠬᠦ ᠦᠭᠡᠢ ᠪᠠᠶᠢᠬᠤ ᠶᠢᠨ ᠠᠷᠭ᠎ᠠ ᠦᠭᠡᠢ ᠠᠯᠢᠶ᠎ᠠ ᠲᠦᠢᠳᠬᠡᠷ ᠬᠡᠤᠬᠡᠳ ᠢ | ᠵᠠᠯᠬᠠᠭᠠᠬᠤ ᠦᠶ᠎ᠡ ᠳᠡᠭᠡᠨ ᠰᠤᠷᠭᠠᠨ ᠬᠦᠮᠦᠵᠢᠭᠦᠯᠬᠦ ᠳᠡᠭᠡᠨ ᠭᠠᠷᠮᠠᠭᠠᠢ ᠰᠤᠳᠤᠨ ᠭᠡᠷ ᠤᠨ ᠠᠬᠠᠮᠠᠳ ᠪᠤᠯ ᠭᠡᠤᠬᠡᠳ ᠲᠤ ᠡᠨᠡ | ᠪᠤᠯ ᠵᠦᠪᠬᠡᠨ ᠬᠡᠤᠬᠡᠳ ᠤᠨ ᠡᠨᠡ ᠨᠢᠭᠡ ᠦᠢᠯᠡ ᠠᠵᠢᠯᠯᠠᠭᠠᠨ ᠳᠤ ᠴᠢᠭᠯᠡᠭᠦᠯᠦᠭᠰᠡᠨ ᠠᠴᠠ ᠪᠢᠰᠢ᠂ ᠬᠠᠷᠢᠨ ᠬᠡᠤᠬᠡᠳ ᠤᠨ | ᠲᠤᠰ ᠪᠡᠶ ᠡ ᠳᠤ ᠬᠠᠨᠳᠤᠭᠤᠯᠤᠭᠰᠠᠨ ᠪᠢᠰᠢ ᠭᠡᠳᠡᠭ ᠢ ᠬᠡᠤᠬᠡᠳ ᠲᠤ ᠳᠤᠳᠤᠷᠬᠠᠢ ᠤᠶᠢᠢᠯᠠᠭᠠᠭᠤᠯᠤᠨ ᠮᠡᠳᠡᠭᠦᠯᠬᠦ ᠶᠢ | ᠤᠮᠠᠷᠳᠠᠬᠤ ᠦᠭᠡᠢ ᠪᠠᠶᠢᠳᠠᠭ᠃ ᠡᠶᠢᠮᠦ ᠪᠤᠯᠬᠤᠷ ᠡᠨᠡ ᠨᠢ ᠨᠢᠭᠡ ᠳᠤ᠂ ᠬᠡᠤᠬᠡᠳ ᠲᠤ ᠡᠵᠢ ᠠᠪᠤ ᠨᠢ ᠡᠨᠡ ᠡᠳᠦᠷ ᠠᠴᠠ | ᠡᠬᠢᠯᠡᠵᠤ ᠬᠠᠶᠢᠷᠠᠯᠠᠵᠤ ᠰᠠᠨᠠᠬᠤ ᠪᠠᠨ ᠪᠤᠯᠢᠴᠢᠬᠠᠵᠠᠢ ᠭᠡᠰᠡᠨ ᠠᠨᠳᠠᠭᠤ ᠰᠡᠳᠬᠢᠭᠳᠡᠯ ᠦᠭᠬᠦ ᠠᠴᠠ ᠵᠠᠶᠢᠯᠠᠰᠬᠢᠵᠤ ᠴᠢᠳᠠᠨ᠎ᠠ︔ | ᠬᠠᠶᠢᠷ᠎ᠠ ᠰᠡᠳᠬᠢᠯ ᠠᠯᠳᠠᠭᠳᠠᠬᠤ ᠳᠤ ᠬᠦᠷᠪᠡᠯ᠂ ᠬᠡᠤᠬᠡᠳ ᠤᠨ ᠪᠤᠳᠤᠯ ᠰᠡᠳᠬᠢᠯ ᠳᠤ ᠨᠡᠩ ᠤᠯᠠᠨ ᠨᠢᠭᠤᠭᠳᠠᠮᠠᠯ | ᠠᠰᠠᠭᠤᠳᠠᠯ ᠢ ᠪᠤᠢ ᠪᠤᠯᠭᠠᠬᠤ ᠠᠶᠤᠯ ᠲᠦᠭᠰᠢᠭᠦᠷᠢ ᠲᠠᠢ ᠪᠠᠶᠢᠳᠠᠭ᠃ ᠬᠤᠶᠠᠷ ᠲᠤ᠂ ᠬᠡᠤᠬᠡᠳ ᠤᠨ ᠲᠤᠰ ᠪᠡᠶ᠎ᠡ ᠬᠢᠭᠡᠳ | ᠲᠡᠭᠦᠨ ᠤ ᠦᠢᠯᠡ ᠠᠵᠢᠯᠯᠠᠭᠠᠨ ᠤ ᠬᠤᠭᠤᠷᠤᠨᠳᠤᠬᠢ ᠢᠯᠭᠠᠭ᠎ᠠ ᠶᠢ ᠨᠡᠩ ᠨᠠᠷᠢᠨ ᠳᠤᠳᠤᠷᠬᠠᠢ ᠵᠠᠭᠠᠭᠯᠠᠵᠤ᠂ ᠲᠡᠭᠦᠨ ᠤ | ᠬᠦᠮᠦᠨ ᠮᠦᠰᠦ ᠶᠢᠨ ᠬᠦᠭᠵᠢᠯᠲᠡ ᠳᠤ ᠨᠡᠩ ᠠᠯᠤᠰ ᠬᠡᠳᠦ ᠶᠢᠨ ᠲᠠᠯᠲᠠ ᠨᠦᠯᠦᠭᠡ ᠶᠢ ᠠᠪᠴᠢᠷᠠᠬᠤ ᠪᠤᠯᠤᠨ᠎ᠠ᠃ ︵ | ᠲᠦᠮᠬᠠᠦ᠋ᠯᠵᠡᠢ︶ | | |