ᠬᠠᠷᠠᠴᠢᠨ ᠬᠤᠰᠢᠭᠤᠨ ᠤ ᠡᠬᠡ  ᠪᠠᠶᠠᠯᠢᠭ ᠤᠨ ᠳᠠᠪᠠᠭᠤᠯᠢᠭ
ᠨᠡᠶᠢᠲᠡᠯᠡᠭᠰᠡᠨ ᠴᠠᠭ᠄
2017/12/6
    ᠡᠯᠪᠡᠭ ᠳᠡᠯᠪᠡᠭ ᠠᠭᠤᠷᠬᠠᠢ ᠶᠢᠨ ᠭᠠᠷᠤᠯᠲᠠ    ᠬᠠᠷᠠᠴᠢᠨ ᠬᠤᠰᠢᠭᠤᠨ ᠤ ᠬᠢᠵᠠᠭᠠᠷ ᠳᠤᠲᠤᠷ᠎ᠠ ᠠᠴᠠ ᠨᠢᠭᠡᠨᠲᠡ ᠬᠠᠶᠢᠨ ᠢᠯᠡᠷᠡᠭᠦᠯᠦᠭᠰᠡᠨ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ  ᠨᠡᠶᠢᠲᠡ43 ᠵᠦᠢᠯ ᠪᠠᠶᠢᠳᠠᠭ᠃ ᠲᠠᠷᠤᠢ  ᠠᠯᠲᠠ᠂ ᠲᠡᠮᠦᠷ᠂ ᠲᠤᠭᠤᠯᠭ᠎ᠠ᠂ ᠴᠠᠶᠢᠷ᠂ ᠮᠤᠯᠢᠪᠳᠧᠨ᠂ ᠨᠡᠭᠦᠷᠡᠰᠦ᠂ ᠬᠠᠶᠢᠯᠤᠭᠤᠷ ᠵᠤᠩᠰᠢ᠂ ᠴᠣᠬᠤᠢ ᠶᠢᠨ ᠴᠢᠯᠠᠭᠤ᠂ ᠬᠦᠪᠰᠦᠭᠡᠷ ᠰᠢᠷᠤᠢ᠂ ᠴᠢᠬᠢᠭᠤᠷ ᠴᠢᠯᠠᠭᠤ᠂ ᠪᠤᠷᠵᠢᠨ ᠴᠢᠯᠠᠭᠤ᠂ ᠰᠤᠪᠤᠳ᠂ ᠭᠠᠨᠳᠢᠭ ᠴᠢᠯᠠᠭᠤ ᠵᠡᠷᠭᠡ ᠪᠤᠢ᠃          ᠬᠡᠰᠡᠭ ᠠᠭᠤᠷᠬᠠᠢ ᠶᠢᠨ ᠭᠠᠷᠤᠯᠲᠠ ᠶᠢᠨ ᠬᠠᠳᠠᠭᠠᠯᠠᠭᠳᠠᠭᠴᠢ ᠶᠢᠨ ᠬᠡᠮᠵᠢᠶ᠎ᠡ ᠨᠢ᠄ ᠨᠡᠭᠦᠷᠡᠰᠦ 6000 ᠲᠦᠮᠡᠨ ᠳᠤᠨ᠂ ᠰᠢᠷ᠎ᠠ ᠠᠯᠲᠠ12 ᠲᠦᠮᠡᠨ ᠲᠣᠨ᠂ ᠬᠠᠶᠢᠯᠤᠭᠤᠷ ᠵᠤᠩᠰᠢ 400 ᠲᠦᠮᠡᠨ ᠲᠣᠨ᠂  ᠤᠨᠴᠠᠭᠠᠶᠢᠯᠠᠨ ᠴᠣᠬᠤᠢ ᠶᠢᠨ ᠴᠢᠯᠠᠭᠤ ᠶᠢᠨ ᠬᠠᠳᠠᠭᠠᠯᠠᠭᠳᠠᠰᠢ 2.5 ᠳ᠋ᠦᠩᠰᠢᠭᠤᠷ ᠲᠣᠨ ᠬᠦᠷᠦᠨ᠎ᠡ᠃     ᠤᠨᠴᠠᠯᠢᠭᠲᠤ ᠵᠢᠭᠤᠯᠴᠢᠯᠠᠯ ᠤᠨ ᠡᠬᠡ ᠪᠠᠶᠠᠯᠢᠭ    ᠳᠤᠮᠳᠠᠳᠤ ᠤᠯᠤᠰ ᠲᠤ ᠬᠠᠮᠤᠭ ᠲᠤᠮᠤ ᠬᠠᠮᠤᠭ ᠪᠦᠷᠢᠨ ᠪᠦᠲᠦᠨ ᠬᠠᠳᠠᠭᠠᠯᠠᠭᠳᠠᠵᠤ ᠪᠠᠶᠢᠭ᠎ᠠ ᠮᠤᠩᠭᠤᠯ ᠦᠨᠳᠦᠰᠦᠲᠡᠨ ᠤ ᠴᠢᠨ ᠸᠠᠩ ᠤᠨ ᠤᠷᠳᠤᠨ᠂ ᠮᠢᠩᠭᠠᠨ  ᠵᠢᠯ ᠤᠨ ᠬᠠᠭᠤᠴᠢᠨ ᠰᠦᠮ᠎ᠡ ᠯᠦᠩ ᠴᠢᠤᠸᠠᠨ ᠽᠢ ᠰᠦᠮ᠎ᠡ᠂  ᠦᠵᠡᠮᠵᠢᠲᠦ ᠮᠡᠶᠢᠷᠡᠨ ᠭᠤᠤ᠂ ᠭᠠᠵᠠᠷ ᠰᠢᠨᠵᠢᠯᠡᠭᠡ ᠶᠢᠨ ᠭᠠᠶᠢᠬᠠᠮᠰᠢᠭ ᠶᠤᠸᠠᠢ ᠶᠠ ᠱᠠᠨ ᠠᠭᠤᠰᠤᠭᠳᠠᠮᠠᠯ ᠠᠭᠤᠢ᠂ ᠮᠠᠤ ᠶᠢᠨ ᠪᠠ ᠤᠢ ᠶᠢᠨ ᠴᠡᠴᠡᠷᠯᠢᠭ᠂ ᠡᠮᠡᠭᠡᠯᠠᠭᠤᠯᠠ ᠤᠢ ᠶᠢᠨ ᠴᠡᠴᠡᠷᠯᠢᠭ  ᠵᠡᠷᠭᠡ ᠦᠵᠡᠮᠵᠢ ᠶᠢᠨ ᠤᠷᠤᠨ  ᠲᠠᠢ᠃  ᠨᠠᠭᠤᠷ ᠤᠨ ᠬᠦᠪᠡᠭᠡᠨ ᠳᠠᠬᠢ ᠲᠠᠮᠢᠷ ᠤᠨ ᠴᠡᠴᠡᠷᠯᠢᠭ᠂ ᠬᠤᠳᠠ ᠶᠢᠨ ᠠᠭᠤᠳᠠᠮ ᠲᠠᠯᠠᠪᠤᠷ᠂  ᠠᠷᠠᠳ ᠤᠨ ᠠᠭᠤᠳᠠᠮ ᠲᠠᠯᠠᠪᠤᠷ᠂ ᠤᠰᠤᠨ ᠳᠡᠭᠡᠷᠡᠬᠢ ᠴᠡᠴᠡᠷᠯᠢᠭ ᠵᠡᠷᠭᠡ ᠬᠦᠮᠦᠨ ᠪᠠᠶᠢᠭᠠᠯᠢ ᠶᠢᠨ  ᠴᠡᠩᠭᠡᠯ ᠤᠨ ᠭᠠᠵᠠᠷ ᠲᠠᠢ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号