| | ᠲᠦᠰᠦᠯ ᠤᠨ ᠡᠵᠡᠯᠡᠬᠦ ᠲᠠᠯᠠᠪᠠᠢ ᠨᠢ 120 ᠲᠡᠭᠰᠢ ᠲᠦᠷᠪᠡᠯᠵᠢᠨ ᠺᠢᠯᠤᠮᠧᠲᠷ ᠪᠤᠯᠤᠨ᠎ᠠ᠃ ᠲᠠᠮᠢᠷ ᠴᠡᠩᠭᠡᠯ᠂ | ᠣᠲᠤᠷ ᠵᠣᠰᠠᠯᠠᠩ᠂ ᠮᠦᠰᠦ ᠴᠠᠰᠤᠨ ᠤ ᠨᠠᠭᠠᠳᠤᠮ᠂ ᠬᠡᠭᠡᠷᠡᠯᠡᠨ ᠬᠤᠨᠤᠭᠯᠠᠬᠤ᠂ ᠰᠤᠶᠤᠯ ᠰᠤᠷᠭᠠᠨ ᠬᠦᠮᠦᠵᠢᠯ | ᠡᠮ ᠡᠮᠨᠡᠯᠭᠡ᠂ ᠮᠤᠷᠢᠨ ᠮᠡᠷᠭᠡᠵᠢᠯ᠂ ᠠᠭᠤᠯᠠᠨ ᠵᠠᠮ ᠤᠨ ᠲᠤᠭᠤᠢ ᠲᠡᠷᠭᠡ᠂ ᠶᠡᠷᠦᠩᠬᠡᠶᠢᠯᠡᠭᠰᠡᠨ ᠴᠢᠨᠠᠷᠲᠦ | ᠡᠷᠡᠭᠦᠯᠵᠢᠯᠡᠯ᠂ ᠵᠤᠭᠠᠴᠠᠯ ᠤᠨ ᠪᠠᠭᠤᠳᠠᠯ ᠬᠤᠭᠤᠯᠠᠨ ᠭᠡᠷ᠂ ᠠᠮᠢ ᠰᠤᠪᠢᠯᠠᠯ ᠵᠡᠷᠭᠡ ᠠᠵᠤ ᠦᠢᠯᠡᠰ ᠤᠨ | ᠲᠤᠭᠤᠷᠢᠨ ᠳᠤ᠂ ᠪᠡᠶ᠎ᠡ ᠲᠠᠮᠢᠷ ᠵᠤᠭ᠎ᠠ ᠴᠡᠩᠭᠡᠯ ᠬᠤᠨᠤᠭ ᠡᠷᠡᠭᠦᠯᠵᠢᠯᠡᠯ ᠢᠵᠢ ᠪᠦᠷᠢᠳᠦᠭᠰᠡᠨ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠤᠨ᠎ᠠ᠃ ᠮᠡᠶᠢᠷᠡᠨ ᠭᠤᠤ ᠤᠯᠤᠰ ᠤᠨ ᠪᠠᠷᠢᠮᠵᠢᠶᠠᠲᠤ ᠴᠠᠰᠤᠨ ᠳᠤ ᠭᠤᠯᠭᠤᠬᠤ ᠲᠦᠷᠦᠯ | ᠵᠦᠢᠯ ᠨᠢ ᠨᠢᠭᠡᠨᠲᠡ 6 ᠵᠤᠷᠪᠤᠰ 10 ᠺᠢᠯᠤᠮᠧᠲᠷ ᠤᠷᠳᠤ ᠴᠠᠰᠤᠨ ᠭᠤᠯᠭᠤᠯᠲᠠ ᠶᠢᠨ ᠱᠤᠭᠤᠮ ᠢ ᠪᠠᠶᠢᠭᠤᠯᠵᠤ᠂ | 2 ᠵᠤᠷᠪᠤᠰ ᠲᠠᠳᠠᠯᠭᠠᠨ ᠵᠠᠮ ᠪᠠ ᠢᠵᠢ ᠪᠦᠷᠢᠳᠦᠭᠰᠡᠨ 3000 ᠲᠡᠭᠰᠢ ᠲᠦᠷᠪᠡᠯᠵᠢᠨ ᠮᠧᠲᠷ ᠪᠦᠬᠦᠢ | ᠦᠢᠯᠡᠴᠢᠯᠡᠭᠡᠨ ᠤ ᠲᠢᠩᠬᠢᠮ ᠢ ᠪᠠᠶᠢᠭᠤᠯᠵᠠᠢ᠃ ᠮᠡᠶᠢᠷᠡᠨ ᠭᠤᠤ ᠶᠢᠨ ᠮᠦᠰᠦᠨ ᠲᠠᠰᠢᠯᠲᠠ ᠶᠢᠨ ᠤᠷᠳᠤᠨ ᠤ | ᠡᠵᠡᠯᠡᠬᠦ ᠲᠠᠯᠠᠪᠠᠢ ᠨᠢ 140 ᠮᠤ᠋᠂ ᠪᠠᠷᠢᠯᠭ᠎ᠠ ᠶᠢᠨ ᠲᠠᠯᠠᠪᠠᠢ ᠨᠢ 6500 ᠲᠡᠭᠰᠢ ᠲᠦᠷᠪᠡᠯᠵᠢᠨ ᠮᠧᠲᠷ ᠪᠠᠶᠢᠵᠤ᠂ | ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠲᠠᠮᠢᠷ ᠤᠨ ᠤᠷᠤᠯᠳᠤᠭᠠᠨ ᠤ | ᠤᠬᠤᠷ ᠵᠠᠢ ᠶᠢᠨ ᠮᠦᠰᠦᠨ ᠲᠠᠰᠢᠯᠲᠠ ᠶᠢᠨ ᠤᠷᠤᠯᠳᠤᠭᠠᠨ ᠢ ᠠᠮᠵᠢᠯᠲᠠᠲᠠᠢ ᠬᠢᠭᠰᠡᠨ ᠪᠠᠶᠢᠨ᠎ᠠ᠃ ᠮᠡᠶᠢᠷᠡᠨ | ᠭᠤᠤ ᠶᠢᠨ ᠺᠠᠢ ᠯᠠᠢ ᠪᠠᠭᠤᠳᠠᠯ ᠤᠨ ᠪᠠᠷᠢᠯᠭ᠎ᠠ ᠶᠢᠨ ᠡᠵᠡᠯᠡᠬᠦ ᠲᠠᠯᠠᠪᠠᠢ ᠨᠢ 1.7 ᠲᠦᠮᠡᠨ ᠲᠡᠭᠰᠢ ᠲᠦᠷᠪᠡᠯᠵᠢᠨ | ᠮᠧᠲᠷ ᠪᠠᠶᠢᠵᠤ᠂ ᠨᠢᠭᠡᠨᠲᠡ ᠠᠰᠢᠭᠯᠠᠯᠲᠠ ᠳᠤ ᠤᠷᠤᠵᠠᠢ᠃ |