ᠸᠠᠩ ᠤᠨ ᠲᠠᠯ᠎ᠠ ᠤᠯᠤᠰ ᠤᠨ ᠠᠮᠢ ᠠᠬᠤᠢ ᠶᠢᠨ ᠵᠤᠭᠠᠴᠠᠯ ᠤᠨ  ᠲᠤᠭᠤᠷᠢᠭ
ᠨᠡᠶᠢᠲᠡᠯᠡᠭᠰᠡᠨ ᠴᠠᠭ᠄
2017/12/8
    ᠲᠦᠰᠦᠪ ᠤᠨ ᠡᠵᠡᠯᠡᠬᠦ ᠲᠠᠯᠠᠪᠠᠢ ᠨᠢ 253 ᠲᠡᠭᠰᠢ ᠲᠦᠷᠪᠡᠯᠵᠢᠨ ᠺᠢᠯᠤᠮᠧᠲᠷ᠂ ᠶᠡᠷᠦᠩᠬᠡᠢ ᠪᠡᠯᠡ ᠤᠷᠤᠭᠤᠯᠤᠯᠲᠠ ᠨᠢ 23.7  ᠳ᠋ᠦᠩᠰᠢᠭᠤᠷ ᠲᠦᠭᠦᠷᠢᠭ ᠬᠦᠷᠬᠦ ᠪᠤᠯᠤᠨ᠎ᠠ᠃ ᠤᠢ ᠰᠢᠭᠤᠢ ᠨᠤᠭᠤ ᠭᠠᠵᠠᠷ ᠪᠤᠯᠤᠨ ᠮᠤᠩᠭᠤᠯ  ᠰᠤᠶᠤᠯ ᠢᠶᠠᠷ ᠭᠤᠤᠯᠯᠠᠵᠤ᠂ ᠬᠠᠯᠠᠭᠤᠨ ᠷᠠᠰᠢᠶᠠᠨ᠂ ᠴᠠᠰᠤ ᠮᠦᠰᠦ ᠪᠠ ᠤᠢ ᠰᠢᠭᠤᠢ ᠨᠡᠭᠦᠳᠡᠯ ᠮᠠᠯᠵᠢᠯ ᠢᠶᠠᠷ ᠬᠠᠪᠰᠤᠷᠭᠠᠭᠰᠠᠨ ᠵᠢᠭᠤᠯᠴᠢᠯᠠᠯ ᠤᠨ ᠨᠡᠷᠡᠲᠦ ᠲᠡᠮᠳᠡᠭ ᠢ  ᠡᠭᠦᠳᠦᠨ᠎ᠡ᠃  ᠭᠤᠤᠯᠳᠠᠭᠤ ᠬᠡᠤᠬᠡᠨ ᠤᠷᠬᠢᠯ ᠂ ᠮᠤᠵᠢᠶᠠᠩ ᠤᠨ ᠳᠠᠪᠠᠭ᠎ᠠ ᠶᠢᠨ  ᠲᠤᠭᠤᠷᠢᠨ ᠳᠠᠬᠢ ᠦᠨᠳᠦᠷ ᠠᠭᠤᠯᠠ᠂ ᠦᠳᠭᠡᠨ ᠰᠢᠭᠤᠢ᠂ ᠨᠤᠭᠤ ᠭᠠᠵᠠᠷ᠂ ᠬᠦᠨᠳᠡᠢ ᠵᠢᠯᠠᠭ᠎ᠠ ᠵᠡᠷᠭᠡ ᠳᠤ ᠠᠮᠢ ᠠᠬᠤᠢ ᠶᠢᠨ ᠵᠤᠭᠠᠴᠠᠯ ᠤᠨ ᠪᠦᠯᠦᠭᠯᠡᠯ ᠢ ᠪᠠᠶᠢᠭᠤᠯᠵᠤ᠂ ᠨᠢᠭᠡ ᠪᠠᠯᠭᠠᠰᠤ ︵ ᠸᠠᠩ ᠤᠨ ᠲᠠᠯ᠎ᠠ ᠵᠤᠭᠠᠴᠠᠯ ᠤᠨ ᠪᠠᠯᠭᠠᠰᠤ︶   ᠨᠢᠭᠡ ᠠᠭᠤᠯᠠ ︵  ᠳᠠᠬᠢᠨᠢ ᠶᠢᠨ ᠤᠷᠬᠢᠯ ᠤᠨ ᠵᠤᠭᠠᠴᠠᠯ ᠤᠨ  ᠲᠤᠭᠤᠷᠢᠭ  ︶  ᠨᠢᠭᠡ  ᠳᠠᠪᠠᠭ᠎ᠠ ︵ ᠮᠤᠵᠢᠶᠠᠩ ᠤᠨ ᠳᠠᠪᠠᠭ᠎ᠠ  ᠠᠮᠢ ᠲᠡᠵᠢᠭᠡᠯ ᠤᠨ ᠵᠤᠭᠠᠴᠠᠯ ᠤᠨ ᠲᠤᠭᠤᠷᠢᠭ︶  ᠵᠡᠷᠭᠡ ᠭᠤᠷᠪᠠᠨ ᠴᠢᠳᠠᠪᠬᠢ ᠤᠷᠤᠨ ᠪᠠ  ︽ ᠠᠮᠢ ᠠᠬᠤᠢ ᠶᠢᠨ ᠬᠠᠮᠠᠭᠠᠯᠠᠯᠲᠠ ᠶᠢᠨ  ᠲᠤᠭᠤᠷᠢᠭ᠂ ᠤᠢ ᠰᠢᠭᠤᠢ ᠶᠢᠨ ᠠᠮᠢ ᠠᠬᠤᠢ ᠶᠢᠨ  ᠵᠤᠭᠠᠴᠠᠯ ᠤᠨ ᠲᠤᠭᠤᠷᠢᠭ᠂ ᠡᠵᠡᠩᠨᠡᠯᠲᠡ ᠶᠢᠨ ᠲᠤᠭᠤᠷᠢᠭ᠂ ᠠᠮᠢᠳᠤᠷᠠᠯ ᠬᠠᠮᠢᠶᠠᠷᠤᠯᠲᠠ ᠶᠢᠨ ᠲᠤᠭᠤᠷᠢᠭ︾ ᠵᠡᠷᠭᠡ ᠲᠦᠷᠪᠡᠨ ᠲᠤᠭᠤᠷᠢᠭ ᠢ  ᠪᠦᠷᠢᠯᠳᠦᠭᠦᠯᠦᠨ᠎ᠡ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号