ᠣᠷᠣᠨ ᠰᠠᠭᠤᠴᠠ ︵ᠡᠵᠡᠩᠨᠡᠯᠳᠡ ᠶᠢᠨ ᠲᠠᠯᠠᠪᠤᠷ︶ ᠶᠢᠨ ᠪᠦᠷᠢᠳᠭᠡᠯ ᠢᠶᠠᠨ ᠬᠤᠪᠢᠷᠠᠭᠤᠯᠬᠤ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2018/1/3
    1. ᠬᠠᠣᠯᠢ ᠪᠠᠷ ᠲᠣᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠣᠭᠰᠠᠨ ︽ᠺᠤᠮᠫᠠᠨᠢ ᠪᠤᠰᠤ ᠠᠵᠤ ᠠᠬᠤᠶᠢᠯᠠᠯ ᠤᠨ ᠬᠠᠣᠯᠢ ᠶᠢᠨ ᠡᠷᠬᠡᠲᠡᠨ ᠤ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾ ︵ᠠᠵᠤ ᠠᠬᠤᠶᠢᠯᠠᠯ ᠠᠯᠪᠠᠨ ᠲᠠᠮᠠᠭ᠎ᠠ ᠪᠠᠨ ᠳᠠᠷᠣᠨ᠎ᠠ︶︔    2. ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾ ︵ᠠᠵᠤ ᠠᠬᠤᠶᠢᠯᠠᠯ ᠠᠯᠪᠠᠨ ᠲᠠᠮᠠᠭ᠎ᠠ ᠪᠠᠨ ᠲᠠᠷᠤᠨ᠎ᠠ︶ ᠵᠢᠴᠢ ᠵᠢᠭᠠᠨ ᠲᠣᠭᠲᠠᠭᠠᠭᠰᠠᠨ ᠲᠥᠯᠥᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔    ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠦᠢᠴᠡᠳᠬᠡᠬᠦ ᠵᠦᠢᠯ᠂ ᠡᠷᠬᠡ ᠮᠡᠳᠡᠯ᠂ ᠣᠯᠭᠤᠭᠰᠠᠨ ᠡᠷᠬᠡ ᠶᠢᠨ ᠴᠠᠭ ᠤᠨ ᠬᠢᠵᠠᠭᠠᠷ ᠢ ᠲᠣᠳᠤᠷᠬᠠᠶᠢᠯᠠᠬᠤ ᠬᠡᠷᠡᠭᠲᠡᠢ᠃    3. ᠬᠤᠪᠢᠷᠠᠭᠤᠯᠤᠭᠰᠠᠨ ᠤ ᠳᠠᠷᠠᠭᠠᠬᠢ ᠣᠷᠣᠨ ᠰᠠᠭᠤᠴᠠ ︵ᠡᠵᠡᠩᠨᠡᠯᠲᠡ ᠶᠢᠨ ᠲᠠᠯᠠᠪᠤᠷ︶ ᠶᠢᠨ ᠬᠡᠷᠡᠭᠯᠡᠯᠲᠡ ᠶᠢᠨ ᠭᠡᠷᠡᠴᠢ︔    4. ᠦᠪᠡᠷ ᠤᠨ ᠭᠡᠷ ᠬᠦᠷᠦᠩᠭᠡ ᠲᠠᠢ ᠪᠤᠯ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠦᠨᠡᠮᠯᠡᠯ ᠤᠨ ᠬᠠᠭᠤᠯᠪᠤᠷᠢ ᠪᠠᠨ ᠲᠤᠰᠢᠶᠠᠨ᠎ᠠ︔ ᠭᠡᠷ ᠪᠠᠶᠢᠰᠢᠩ ᠲᠦᠷᠢᠶᠡᠰᠦᠯᠡᠵᠦ ᠪᠠᠶᠢᠭ᠎ᠠ ᠪᠤᠯ ᠲᠦᠷᠢᠶᠡᠰᠦᠯᠡᠯ ᠤᠨ ᠵᠦᠪᠯᠡᠯᠴᠡᠭᠡᠷ ᠤᠨ ᠪᠠᠭᠤᠯᠭᠠᠪᠤᠷᠢ ᠵᠢᠴᠢ ᠲᠦᠷᠢᠶᠡᠰᠤᠯᠡᠭᠦᠯᠦᠭᠴᠢ ᠶᠢᠨ ᠭᠡᠷ ᠪᠠᠶᠢᠰᠢᠩ ᠤᠨ ᠦᠮᠴᠢᠯᠡᠬᠦ ᠡᠷᠬᠡ ᠶᠢᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ︔ ᠬᠤᠯᠪᠣᠭᠳᠠᠯ ᠪᠦᠬᠦᠢ ᠭᠡᠷ ᠪᠠᠶᠢᠰᠢᠩ ᠨᠢ ᠭᠡᠷ ᠪᠠᠶᠢᠰᠢᠩ ᠤᠨ ᠦᠮᠴᠢᠯᠡᠬᠦ ᠡᠷᠬᠡ ᠶᠢᠨ ᠦᠨᠡᠮᠯᠡᠯ ᠠᠪᠤᠭ᠎ᠠ ᠦᠭᠡᠢ ᠪᠦᠭᠡᠳ ᠬᠤᠲᠠ ᠪᠠᠯᠭᠠᠰᠤ ᠶᠢᠨ ᠭᠡᠷ ᠪᠠᠶᠢᠰᠢᠩ ᠪᠤᠯ᠂ ᠭᠡᠷ ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠭᠡᠷᠡᠴᠢ ᠪᠤᠶᠤ ᠪᠠᠷᠢᠯᠭ᠎ᠠ ᠳᠠᠭᠤᠰᠴᠤ ᠰᠢᠯᠭᠠᠨ ᠬᠤᠷᠢᠶᠠᠭᠰᠠᠨ ᠭᠡᠷᠡᠴᠢ᠂ ᠭᠡᠷ ᠪᠠᠶᠢᠰᠢᠩ ᠬᠤᠳᠠᠯᠳᠤᠨ ᠠᠪᠤᠭᠰᠠᠨ ᠭᠡᠷ᠎ᠡ ᠵᠢᠴᠢ ᠭᠡᠷ ᠪᠠᠶᠢᠰᠢᠩ ᠬᠤᠳᠠᠯᠳᠤᠭᠰᠠᠨ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ︔ ᠬᠤᠲᠠ ᠪᠠᠯᠭᠠᠰᠤ ᠶᠢᠨ ᠪᠤᠰᠤ ᠭᠡᠷ ᠪᠠᠶᠢᠰᠢᠩ ᠪᠤᠯ᠂ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠠᠮᠢᠶ᠎ᠠ ᠪᠦᠬᠦᠢ ᠭᠡᠷᠡᠴᠢ ᠶᠢ ᠲᠤᠰᠢᠶᠠᠨ᠎ᠠ︔ ᠲᠦᠷᠢᠶᠡᠰᠤᠯᠡᠭᠦᠯᠦᠭᠰᠡᠨ ᠨᠢ ᠵᠣᠴᠢᠳ ᠤᠨ ᠪᠠᠭᠤᠳᠠᠯ᠂ ᠬᠤᠭᠤᠯᠠᠨ ᠭᠡᠷ ᠪᠣᠯ᠂ ᠵᠣᠴᠢᠳ ᠤᠨ ᠪᠠᠭᠤᠳᠠᠯ᠂ ᠬᠤᠭᠤᠯᠠᠨ ᠭᠡᠷ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ︔ ᠴᠡᠷᠢᠭ ᠠᠩᠭᠢ ᠶᠢᠨ ᠭᠡᠷ ᠬᠦᠷᠦᠩᠭᠡ ᠶᠢ ᠤᠷᠤᠨ ᠰᠠᠭᠤᠴᠠ ᠪᠠᠨ ᠪᠤᠯᠭᠠᠭᠰᠠᠨ ᠪᠤᠯ ︽ᠴᠡᠷᠢᠭ ᠠᠩᠭᠢ ᠶᠢᠨ ᠭᠡᠷ ᠭᠠᠵᠠᠷ ᠬᠦᠷᠦᠩᠭᠡ ᠶᠢᠨ ᠲᠦᠷᠢᠶᠡᠰᠤᠯᠡᠯ ᠤᠨ ᠵᠥᠪᠰᠢᠶᠡᠷᠡᠯ ᠤᠨ ᠦᠨᠡᠮᠯᠡᠯ︾ ᠤᠨ ᠬᠠᠭᠤᠯᠪᠤᠷᠢ ᠶᠢ ᠲᠤᠰᠢᠶᠠᠨ᠎ᠠ᠃     ᠣᠷᠣᠨ ᠰᠠᠭᠤᠴᠠ ᠪᠠᠨ ᠡᠵᠡᠩᠨᠡᠯᠲᠡ ᠶᠢᠨ ᠴᠢᠨᠠᠷᠲᠠᠢ ᠬᠡᠷᠡᠭᠯᠡᠭᠡᠨ ᠤ ᠲᠠᠯᠠᠪᠤᠷ ᠪᠣᠯᠭᠠᠭᠰᠠᠨ ᠪᠦᠭᠡᠳ ᠬᠤᠲᠠ ᠪᠠᠯᠭᠠᠰᠤ ᠶᠢᠨ ᠭᠡᠷ ᠪᠠᠶᠢᠰᠢᠩ ᠪᠤᠯ᠂ ᠪᠠᠰᠠ ︽ᠪᠦᠷᠢᠳᠭᠡᠯ ᠤᠨ ᠳᠠᠭᠠᠯᠳᠤᠭᠤᠯᠤᠯ ᠬᠦᠰᠦᠨᠦᠭᠲᠦ — ᠣᠷᠣᠨ ᠰᠠᠭᠤᠴᠠ ︵ᠡᠵᠡᠩᠨᠡᠯᠲᠡ ᠶᠢᠨ ᠲᠠᠯᠠᠪᠤᠷ︶ ᠶᠢᠨ ᠪᠦᠷᠢᠳᠭᠡᠯ ᠤᠨ ᠬᠦᠰᠦᠨᠦᠭᠲᠦ︾ ᠵᠢᠴᠢ ᠰᠠᠭᠤᠭ᠎ᠠ ᠭᠠᠵᠠᠷ ᠤᠨ ᠰᠠᠭᠤᠭᠠᠯᠢ ᠠᠷᠠᠳ ᠤᠨ ᠵᠥᠪᠯᠡᠯ ︵ᠦᠮᠴᠢᠲᠡᠨ ᠤ ᠺᠣᠮᠢᠰ︶ ᠤᠨ ᠬᠢᠵᠦ ᠥᠭᠭᠦᠭᠰᠡᠨ ᠠᠰᠢᠭ ᠬᠤᠣᠷ ᠤᠨ ᠬᠠᠷᠢᠴᠠᠭ᠎ᠠ ᠲᠠᠢ ᠦᠮᠴᠢᠲᠡᠨ ᠤ ᠵᠦᠪᠰᠢᠶᠡᠷᠡᠯ ᠢᠶᠠᠷ ᠣᠷᠣᠨ ᠰᠠᠭᠤᠴᠠ ᠪᠠᠨ ᠡᠵᠡᠩᠨᠡᠯᠳᠡ ᠶᠢᠨ ᠴᠢᠨᠠᠷᠲᠠᠢ ᠬᠡᠷᠡᠭᠯᠡᠭᠡᠨ ᠤ ᠪᠠᠶᠢᠰᠢᠩ ᠪᠣᠯᠭᠠᠨ ᠬᠤᠪᠢᠷᠠᠭᠤᠯᠤᠭᠰᠠᠨ ᠭᠡᠷᠡᠴᠢ ᠪᠢᠴᠢᠭ ᠢᠶᠠᠨ ᠲᠤᠰᠢᠶᠠᠨ᠎ᠠ︔ ᠬᠤᠲᠠ ᠪᠠᠯᠭᠠᠰᠤ ᠶᠢᠨ ᠪᠤᠰᠤ ᠭᠡᠷ ᠪᠠᠶᠢᠰᠢᠩ ᠪᠤᠯ᠂ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠠᠮᠢᠶ᠎ᠠ ᠪᠦᠬᠦᠢ ᠭᠡᠷᠡᠴᠢ ᠶᠢ ᠲᠤᠰᠢᠶᠠᠨ᠎ᠠ᠃    4. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠣᠯᠢ ᠲᠣᠭᠲᠠᠭᠠᠯ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠳᠤ ᠣᠷᠣᠨ ᠰᠠᠭᠤᠴᠠ ︵ᠡᠵᠡᠩᠨᠡᠯᠲᠡ ᠶᠢᠨ ᠲᠠᠯᠠᠪᠤᠷ︶ ᠪᠠᠨ ᠬᠤᠪᠢᠷᠠᠭᠤᠯᠬᠤ ᠳᠤ ᠡᠷᠬᠡᠪᠰᠢ ᠮᠡᠳᠡᠬᠦᠯᠦᠨ ᠵᠥᠪᠰᠢᠶᠡᠷᠡᠬᠦᠯᠬᠦ ᠬᠡᠷᠡᠭᠲᠠᠢ ᠬᠡᠵᠦ ᠲᠤᠭᠳᠠᠭᠠᠭᠰᠠᠨ ᠪᠠᠶᠢᠪᠠᠯ᠂ ᠬᠤᠯᠪᠣᠭᠳᠠᠯ ᠪᠦᠬᠦᠢ ᠵᠥᠪᠰᠢᠶᠡᠷᠡᠯ ᠤᠨ ᠪᠢᠴᠢᠭ ᠪᠤᠶᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ᠃    5. ︽ᠠᠵᠤ ᠠᠬᠤᠶᠢᠯᠠᠯ ᠤᠨ ᠬᠠᠣᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ︾ ᠤᠨ ᠳᠡᠳ᠋ ᠳᠡᠪᠲᠡᠷ᠃     ᠲᠣᠲᠣᠷᠬᠠᠶᠢᠯᠠᠯᠲᠠ᠄    1. ︽ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠪᠦᠷᠢᠳᠭᠡᠯ ᠤᠨ ᠬᠠᠮᠢᠶᠠᠷᠤᠯᠳᠠ ᠶᠢᠨ ᠳᠦᠷᠢᠮ︾ ᠤᠨ ᠶᠣᠰᠣᠭᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠣᠯᠢ ᠶᠢᠨ ᠡᠷᠬᠡᠲᠡᠨ ᠤ ᠣᠷᠣᠨ ᠰᠠᠭᠤᠴᠠ ︵ᠡᠵᠡᠩᠨᠡᠯᠲᠡ ᠶᠢᠨ ᠲᠠᠯᠠᠪᠤᠷ︶ ᠶᠢᠨ ᠪᠦᠷᠢᠳᠭᠡᠯ ᠢᠶᠠᠨ ᠬᠤᠪᠢᠷᠠᠭᠤᠯᠬᠤ ᠪᠠᠷ ᠭᠤᠶᠤᠴᠢᠯᠠᠬᠤ ᠳᠤ ᠲᠣᠰ ᠵᠢᠷᠤᠮᠵᠢᠯ ᠳᠣᠬᠢᠷᠠᠨ᠎ᠠ᠃     2. ︽ᠺᠤᠮᠫᠠᠨᠢ ᠪᠤᠰᠤ ᠠᠵᠤ ᠠᠬᠤᠶᠢᠯᠠᠯ ᠤᠨ ᠬᠠᠣᠯᠢ ᠶᠢᠨ ᠡᠷᠬᠡᠲᠡᠨ ᠤ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾᠂ ︽ᠵᠢᠭᠠᠨ ᠲᠣᠭᠲᠠᠭᠠᠭᠰᠠᠨ ᠲᠦᠯᠦᠭᠡᠯᠡᠭᠴᠢ ᠪᠤᠶᠤ ᠬᠠᠮᠲᠤ ᠶᠢᠨ ᠨᠠᠶᠢᠳᠠᠯᠭ᠎ᠠ ᠬᠦᠯᠢᠶᠡᠭᠰᠡᠨ ᠣᠷᠣᠯᠠᠨ ᠭᠦᠢᠴᠡᠳᠭᠡᠭᠴᠢ ᠶᠢᠨ ᠭᠡᠷᠡᠴᠢ︾᠂ ︽ᠪᠦᠷᠢᠳᠭᠡᠯ ᠤᠨ ᠳᠠᠭᠠᠯᠳᠤᠭᠤᠯᠤᠯ ᠬᠦᠰᠦᠨᠦᠭᠲᠦ — ᠣᠷᠣᠨ ᠰᠠᠭᠤᠴᠠ ︵ᠡᠵᠡᠩᠨᠡᠯᠲᠡ ᠶᠢᠨ ᠲᠠᠯᠠᠪᠤᠷ︶ ᠶᠢᠨ ᠪᠦᠷᠢᠳᠭᠡᠯ ᠤᠨ ᠬᠦᠰᠦᠨᠦᠭᠲᠦ︾ ᠶᠢ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠭᠡᠢ ᠲᠤᠪᠴᠢᠶ᠎ᠠ ᠶᠢᠨ ︽ᠳᠤᠮᠳᠠᠲᠤ ᠤᠯᠤᠰ ᠤᠨ ᠠᠵᠤ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http://qyj.saic.gov.cn ︶ ᠠᠴᠠ ᠪᠠᠭᠤᠯᠭᠠᠬᠤ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠳᠤ ᠣᠴᠢᠨ ᠠᠪᠴᠤ ᠪᠤᠯᠤᠨ᠎ᠠ᠃     3. ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠴᠠᠭᠠᠰᠤ ᠶᠢ ᠬᠡᠷᠡᠭᠯᠡᠨ᠎ᠡ᠃     ᠳᠡᠭᠡᠷᠡᠬᠢ ᠵᠦᠢᠯ ᠤᠳ ᠤᠨ ᠬᠠᠭᠤᠯᠪᠤᠷᠢ ᠶᠢ ᠲᠤᠰᠢᠶᠠᠬᠤ ᠶᠢ ᠲᠤᠲᠤᠷᠬᠠᠶᠢᠯᠠᠭᠰᠠᠨ ᠦᠭᠡᠢ ᠪᠤᠯ ᠡᠬᠡ ᠮᠠᠲ᠋ᠧᠷᠢᠶᠠᠯ ᠢ ᠲᠤᠰᠢᠶᠠᠨ᠎ᠠ︔ ᠬᠠᠭᠤᠯᠪᠤᠷᠢ ᠲᠤᠰᠢᠶᠠᠪᠠᠯ ︽ᠡᠬᠡ ᠮᠠᠲ᠋ᠧᠷᠢᠶᠠᠯ ᠯᠤᠭ᠎ᠠ ᠠᠳᠠᠯᠢ︾ ᠬᠡᠵᠦ ᠲᠤᠲᠤᠷᠬᠠᠶᠢᠯᠠᠬᠤ ᠶᠢᠨ ᠬᠠᠮᠲᠤ ᠠᠵᠤ ᠠᠬᠤᠶᠢᠯᠠᠯ ᠭᠠᠷ ᠤᠨ ᠦᠰᠦᠭ ᠵᠢᠷᠤᠬᠤ ᠡᠰᠡᠭᠦᠯ᠎ᠡ ᠲᠡᠭᠦᠨ ᠤ ᠵᠢᠭᠠᠨ ᠲᠤᠭᠲᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠬᠦᠢᠴᠡᠳᠭᠡᠭᠴᠢ ᠠᠯᠪᠠᠨ ᠲᠠᠮᠠᠭ᠎ᠠ ᠳᠠᠷᠤᠬᠤ ᠪᠤᠶᠤ ᠭᠠᠷ ᠤᠨ ᠦᠰᠦᠭ ᠢᠶᠠᠨ ᠵᠢᠷᠤᠨ᠎ᠠ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号