ᠪᠡᠯᠡ ᠭᠠᠷᠭᠠᠬᠤ ᠬᠡᠯᠪᠡᠷᠢ ᠪᠠᠨ ᠦᠬᠡᠷᠡᠴᠢᠯᠡᠨ ᠪᠦᠷᠢᠳᠭᠡᠯᠭᠡᠬᠦ ᠳᠤ ᠲᠤᠰᠢᠶᠠᠬᠤ ᠮᠠᠲ᠋ᠧᠷᠢᠶᠠᠯ ᠤᠨ ᠵᠢᠷᠤᠮᠵᠢᠯ
ᠨᠡᠶᠢᠲᠡᠯᠡᠭᠰᠡᠨ ᠴᠠᠭ᠄
2018/1/3
    1᠂ ᠬᠠᠤᠯᠢ ᠪᠠᠷ ᠲᠤᠭᠳᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠺᠤᠮᠫᠠᠨᠢ  ᠶᠢᠨ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾ ︵ᠺᠤᠮᠫᠠᠨᠢ ᠠᠯᠪᠠᠨ ᠳᠠᠮᠠᠭ᠎ᠠ ᠪᠠᠨ ᠳᠠᠷᠤᠨ᠎ᠠ︶︔    2᠂ ᠺᠤᠮᠫᠠᠨᠢ ᠶᠢᠨ ᠭᠠᠷ ᠤᠨ ᠦᠰᠦᠭ ᠵᠢᠷᠤᠭᠰᠠᠨ ︽ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠡᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠬᠡᠷᠡᠴᠢᠯᠡᠯ︾ ︵ᠺᠤᠮᠫᠠᠨᠢ ᠠᠯᠪᠠᠨ ᠳᠠᠮᠠᠭ᠎ᠠ ᠳᠠᠷᠤᠨ᠎ᠠ︶ ᠵᠢᠴᠢ ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔    ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠡᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠭᠦᠢᠴᠡᠳᠭᠡᠬᠦ ᠬᠡᠷᠡᠭ ᠶᠠᠪᠤᠳᠠᠯ᠂ ᠡᠷᠬᠡ ᠮᠡᠳᠡᠯ᠂ ᠤᠯᠭᠤᠭᠰᠠᠨ ᠡᠷᠬᠡ ᠶᠢᠨ ᠬᠤᠭᠤᠴᠠᠭ᠎ᠠ ᠬᠢᠵᠠᠭᠠᠷ ᠢ ᠲᠤᠳᠤᠷᠬᠠᠶᠢᠯᠠᠨ᠎ᠠ᠃    3᠂ ᠺᠤᠮᠫᠠᠨᠢ ᠶᠢᠨ ᠲᠦᠷᠢᠮ ᠳᠤ ᠵᠠᠰᠠᠪᠤᠷᠢ ᠤᠷᠤᠭᠤᠯᠬᠤ ᠲᠤᠬᠠᠢ ᠰᠢᠢᠳᠪᠤᠷᠢ᠂ ᠲᠤᠭᠳᠠᠭᠠᠯ︔    ᠬᠢᠵᠠᠭᠠᠷᠳᠤ ᠬᠠᠷᠢᠭᠤᠴᠠᠯᠭ᠎ᠠ ᠶᠢᠨ ᠺᠤᠮᠫᠠᠨᠢ ᠪᠤᠯ ᠲᠦᠯᠦᠭᠡᠯᠡᠭᠴᠢᠳ ᠤᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠠᠳᠤᠯᠠᠬᠤ ᠡᠷᠬᠡ ᠲᠠᠢ ᠬᠤᠪᠢ ᠤᠷᠤᠭᠤᠯᠤᠭᠴᠢᠳ ᠤᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠬᠤᠷᠠᠯ ᠤᠨ ᠰᠢᠢᠳᠪᠤᠷᠢ ᠶᠢ ᠲᠤᠰᠢᠶᠠᠨ᠎ᠠ︔ ᠬᠤᠪᠢ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠪᠤᠯ ᠬᠤᠷᠠᠯ ᠡᠷᠬᠢᠯᠡᠭᠴᠢ ᠵᠢᠴᠢ ᠬᠤᠷᠠᠯ ᠳᠤ ᠤᠷᠤᠯᠴᠠᠭᠰᠠᠨ ᠬᠡᠷᠡᠭ ᠮᠡᠳᠡᠭᠴᠢᠳ ᠤᠨ ᠭᠠᠷ ᠤᠨ ᠦᠰᠦᠭ ᠵᠢᠷᠤᠭᠰᠠᠨ ᠬᠤᠪᠢ ᠤᠷᠤᠭᠤᠯᠤᠭᠴᠢᠳ ᠤᠨ ᠶᠡᠭᠡ ᠬᠤᠷᠠᠯ ᠤᠨ ᠬᠤᠷᠠᠯ ᠤᠨ ᠳᠡᠮᠳᠡᠭᠯᠡᠯ ᠢ ᠲᠤᠰᠢᠶᠠᠨ᠎ᠠ︔ ᠨᠢᠭᠡᠯᠡ ᠬᠦᠮᠤᠨ ᠤ ᠬᠢᠵᠠᠭᠠᠷᠳᠤ ᠬᠠᠷᠢᠭᠤᠴᠠᠯᠭ᠎ᠠ ᠶᠢᠨ ᠺᠤᠮᠫᠠᠨᠢ ᠪᠤᠯ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠭᠰᠠᠨ ᠪᠢᠴᠢᠭ ᠤᠨ ᠲᠤᠭᠳᠠᠭᠠᠯ ᠢ ᠲᠤᠰᠢᠶᠠᠨ᠎ᠠ᠃ ᠤᠯᠤᠰ ᠤᠨ ᠦᠮᠴᠢᠯᠡᠯ ᠤᠨ ᠲᠤᠰᠭᠠᠷ ᠪᠡᠯᠡᠳᠤ ᠺᠤᠮᠫᠠᠨᠢ ᠪᠤᠯ ᠲᠦᠷᠦ ᠶᠢᠨ ᠶᠠᠪᠤᠳᠠᠯ ᠤᠨ ᠬᠤᠷᠢᠶ᠎ᠠ᠂ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠪᠤᠶᠤ ᠲᠡᠭᠦᠨ ᠤ ᠡᠷᠬᠡ ᠤᠯᠭᠤᠭᠰᠠᠨ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠠᠯ ᠤᠨ ᠬᠦᠷᠦᠩᠬᠡ ᠤᠨ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠲᠤᠰᠢᠶᠠᠨ᠎ᠠ᠃   4᠂ ᠵᠠᠰᠠᠪᠤᠷᠢ ᠤᠷᠤᠭᠤᠯᠤᠭᠰᠠᠨ ᠺᠤᠮᠫᠠᠨᠢ ᠶᠢᠨ ᠲᠦᠷᠢᠮ ᠪᠤᠶᠤ ᠺᠤᠮᠫᠠᠨᠢ ᠶᠢᠨ ᠲᠦᠷᠢᠮ ᠳᠤ ᠵᠠᠰᠠᠪᠤᠷᠢ ᠤᠷᠤᠭᠤᠯᠬᠤ ᠲᠦᠰᠦᠯ ︵ᠺᠤᠮᠫᠠᠨᠢ ᠶᠢᠨ ᠬᠠᠤᠯᠢ ᠶᠢᠨ ᠬᠦᠮᠤᠨ ᠭᠠᠷ ᠤᠨ ᠦᠰᠦᠭ ᠵᠢᠷᠤᠨ᠎ᠠ︶︔   5᠂ ᠰᠲ᠋ᠤᠺ ᠤᠨ ᠡᠷᠬᠡ ᠪᠠᠷ ᠪᠡᠯᠡ ᠭᠠᠷᠭᠠᠬᠤ ᠪᠤᠯ᠂ ︽ᠰᠲ᠋ᠤᠺ ᠤᠨ ᠡᠷᠬᠡ ᠶᠢᠨ ᠪᠡᠯᠡ ᠭᠠᠷᠭᠠᠬᠤ  ᠶᠢ ᠮᠡᠳᠡᠷᠡᠭᠰᠡᠨ ᠠᠮᠠᠯᠠᠯᠳᠠ ᠶᠢᠨ ᠪᠢᠴᠢᠭ︾ ᠢ ᠲᠤᠰᠢᠶᠠᠨ᠎ᠠ︔   6᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠤᠭᠳᠠᠭᠠᠯ ᠳᠤ ᠪᠡᠯᠡ ᠭᠠᠷᠭᠠᠬᠤ ᠬᠡᠯᠪᠡᠷᠢ ᠶᠢ ᠬᠤᠪᠢᠷᠠᠭᠤᠯᠬᠤ ᠳᠤ ᠡᠷᠬᠡᠪᠰᠢ ᠮᠡᠳᠡᠭᠦᠯᠤᠨ ᠵᠦᠪᠰᠢᠶᠡᠷᠡᠭᠦᠯᠬᠦ ᠪᠠᠷ ᠲᠤᠭᠳᠠᠭᠠᠭᠰᠠᠨ ᠪᠤᠯ ᠬᠠᠮᠢᠶ᠎ᠠ ᠪᠦᠬᠦᠢ ᠵᠦᠪᠰᠢᠶᠡᠷᠡᠯ ᠤᠨ ᠪᠢᠴᠢᠭ ᠮᠠᠲ᠋ᠧᠷᠢᠶᠠᠯ ᠪᠤᠶᠤ ᠵᠦᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ︔   7᠂ ᠺᠣᠮᠫᠠᠨᠢ ᠶᠢᠨ ᠡᠵᠡᠩᠨᠡᠯᠳᠡ ᠶᠢᠨ ᠦᠨᠡᠮᠯᠡᠯ ᠤᠨ ᠳᠡᠳ᠋ ᠳᠡᠪᠳᠡᠷ᠃    ᠲᠤᠳᠤᠷᠬᠠᠶᠢᠯᠠᠯᠳᠠ᠄   1᠂ ︽ᠺᠤᠮᠫᠠᠨᠢ ᠶᠢᠨ ᠬᠠᠤᠯᠢ︾᠂ ︽ᠺᠤᠮᠫᠠᠨᠢ ᠶᠢᠨ ᠪᠦᠷᠢᠳᠭᠡᠯ ᠤᠨ ᠬᠠᠮᠢᠶᠠᠷᠤᠯᠳᠠ ᠶᠢᠨ ᠲᠦᠷᠢᠮ︾ ᠢ ᠵᠢᠷᠤᠮᠯᠠᠨ ᠪᠠᠶᠢᠭᠤᠯᠤᠭᠰᠠᠨ ᠺᠤᠮᠫᠠᠨᠢ ᠶᠢᠨ ᠡᠵᠡᠩᠨᠡᠯᠳᠡ ᠶᠢᠨ ᠴᠠᠭ ᠬᠤᠭᠤᠴᠠᠭ᠎ᠠ ᠪᠠᠨ ᠬᠤᠪᠢᠷᠠᠭᠤᠯᠬᠤ ᠪᠦᠷᠢᠳᠭᠡᠯ ᠢᠶᠠᠨ ᠬᠤᠪᠢᠷᠠᠭᠤᠯᠬᠤ ᠳᠤ ᠲᠤᠰ ᠵᠢᠷᠤᠮᠵᠢᠯ ᠢ ᠬᠡᠷᠡᠭᠯᠡᠨ᠎ᠡ᠃   2᠂ ︽ᠺᠤᠮᠫᠠᠨᠢ ᠶᠢᠨ ᠪᠦᠷᠢᠳᠭᠡᠯ ᠢᠶᠠᠨ ᠬᠤᠪᠢᠷᠠᠭᠤᠯᠬᠤ ᠭᠤᠶᠤᠴᠢᠯᠠᠯ ᠤᠨ ᠪᠢᠴᠢᠭ︾᠂ ︽ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠡᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ  ᠶᠢᠨ ᠬᠡᠷᠡᠴᠢᠯᠡᠯ︾᠂ ︽ᠺᠤᠮᠫᠠᠨᠢ ᠶᠢᠨ ᠪᠦᠷᠢᠳᠭᠡᠯ ᠤᠨ ᠳᠠᠭᠠᠯᠳᠤᠭᠤᠯᠤᠯ ᠬᠦᠰᠤᠨᠦᠭᠳᠤ — ᠵᠢᠭᠠᠨ ᠲᠤᠭᠳᠠᠭᠠᠭᠰᠠᠨ ᠲᠦᠯᠦᠭᠡᠯᠡᠭᠴᠢ ᠪᠤᠶᠤ ᠬᠠᠮᠳᠤ ᠶᠢᠨ ᠨᠠᠶᠢᠳᠡᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠶᠢᠨ ᠬᠡᠷᠡᠴᠢᠯᠡᠯ︾ ᠢ ᠤᠯᠤᠰ ᠤᠨ ᠠᠵᠦ ᠦᠢᠯᠡᠳᠪᠤᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ ᠶᠢᠨ ︽ᠳᠤᠮᠳᠠᠳᠤ ᠤᠯᠤᠰ ᠤᠨ ᠠᠵᠦ ᠠᠬᠤᠶᠢᠯᠠᠯ ᠤᠨ ᠪᠦᠷᠢᠳᠭᠡᠯ ᠤᠨ ᠰᠦᠯᠵᠢᠶ᠎ᠡ︾ ︵http: //qyj.saic.gov.cn︶ ᠠᠴᠠ ᠪᠠᠭᠤᠯᠭᠠᠬᠤ ᠪᠤᠶᠤ ᠠᠵᠦ ᠦᠢᠯᠠᠳᠪᠤᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠳᠤ ᠤᠴᠢᠨ ᠠᠪᠴᠤ ᠪᠤᠯᠤᠨ᠎ᠠ᠃    3᠂ ᠲᠤᠰᠢᠶᠠᠬᠤ ᠭᠤᠶᠤᠴᠢᠯᠠᠯ ᠤᠨ ᠪᠢᠴᠢᠭ ᠪᠤᠯᠤᠨ ᠪᠤᠰᠤᠳ ᠭᠤᠶᠤᠴᠢᠯᠠᠯ ᠤᠨ ᠮᠠᠲ᠋ᠧᠷᠢᠶᠠᠯ ᠳᠤ A4 ᠴᠠᠭᠠᠰᠤ ᠶᠢ ᠬᠡᠷᠡᠭᠯᠡᠨ᠎ᠡ᠃    ᠳᠡᠭᠡᠷ᠎ᠡ ᠳᠤᠷᠠᠳᠤᠭᠰᠠᠨ ᠡᠯ᠎ᠡ ᠵᠦᠢᠯ ᠳᠤ ᠬᠠᠭᠤᠯᠪᠤᠷᠢ ᠲᠤᠰᠢᠶᠠᠵᠦ ᠪᠤᠯᠬᠤ ᠶᠢ ᠲᠤᠷᠠᠳᠤᠭᠰᠠᠨ ᠦᠬᠡᠢ ᠪᠤᠯ ᠡᠬᠡ ᠮᠠᠲ᠋ᠧᠷᠢᠶᠠᠯ ᠢ ᠳᠤᠰᠢᠶᠠᠨ᠎ᠠ︔ ᠬᠠᠭᠤᠯᠪᠤᠷᠢ ᠶᠢ ᠲᠤᠰᠢᠶᠠᠬᠤ ᠳᠤ ᠭᠦᠷᠪᠡᠯ ︽ᠡᠬᠡ ᠮᠠᠲ᠋ᠧᠷᠢᠶᠠᠯ  ᠲᠠᠢ ᠠᠳᠠᠯᠢ︾ ᠬᠡᠳᠡᠭ ᠢ ᠲᠤᠳᠤᠷᠬᠠᠶᠢᠯᠠᠵᠦ᠂ ᠺᠤᠮᠫᠠᠨᠢ ᠭᠠᠷ ᠤᠨ ᠦᠰᠦᠭ ᠵᠢᠷᠤᠬᠤ ᠪᠤᠶᠤ ᠲᠡᠭᠦᠨ ᠤ ᠵᠢᠭᠠᠨ ᠲᠤᠭᠳᠠᠭᠠᠭᠰᠠᠨ ᠲᠦᠯᠦᠭᠡᠯᠡᠭᠴᠢ ᠡᠰᠡᠬᠦᠯ᠎ᠡ ᠨᠠᠶᠢᠳᠠᠯᠭ᠎ᠠ ᠬᠦᠯᠢᠶᠡᠭᠰᠡᠨ ᠤᠷᠤᠯᠠᠨ ᠭᠦᠢᠴᠡᠳᠭᠡᠭᠴᠢ ᠨᠢ ᠠᠯᠪᠠᠨ ᠳᠠᠮᠠᠭ᠎ᠠ ᠲᠠᠷᠤᠬᠤ ᠪᠤᠶᠤ ᠭᠠᠷ ᠤᠨ ᠦᠰᠦᠭ ᠵᠢᠷᠤᠨ᠎ᠠ᠃ 4᠂ ᠳᠡᠬᠡᠷᠡᠬᠢ ᠬᠤᠪᠢ ᠤᠷᠤᠭᠤᠯᠤᠭᠴᠢ ᠶᠢᠨ ᠭᠠᠷ ᠤᠨ ᠦᠰᠦᠭ ᠵᠢᠷᠤᠬᠤ ᠲᠠᠢ ᠬᠤᠯᠪᠤᠭᠳᠠᠭᠰᠠᠨ ᠵᠦᠢᠯ ᠳᠤ ᠪᠠᠶᠢᠭᠠᠯᠢᠯᠢᠭ ᠬᠦᠮᠤᠨ ᠪᠤᠯ ᠲᠤᠰ ᠬᠦᠮᠤᠨ ᠨᠢ ᠭᠠᠷ ᠤᠨ ᠦᠰᠦᠭ ᠵᠢᠷᠤᠨ᠎ᠠ︔ ᠪᠠᠶᠢᠭᠠᠯᠢᠯᠢᠭ ᠬᠦᠮᠤᠨ ᠠᠴᠠ ᠪᠤᠰᠤᠳ ᠬᠤᠪᠢ ᠤᠷᠤᠭᠤᠯᠤᠭᠴᠢ ᠪᠤᠯ ᠠᠯᠪᠠᠨ ᠳᠠᠮᠠᠭ᠎ᠠ ᠨᠡᠮᠡᠵᠦ ᠳᠠᠷᠤᠨ᠎ᠠ  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号