ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2013 ᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠤᠨ ᠭᠤᠶᠤᠴᠢᠯᠠᠨ ᠮᠡᠳᠡᠭᠦᠯᠬᠦ ᠵᠢᠭᠠᠯᠲᠠ
ᠨᠡᠶᠢᠲᠡᠯᠡᠭᠰᠡᠨ ᠴᠠᠭ᠄
2018/1/3
    ᠦᠪᠡᠷᠲᠡᠭᠡᠨ ᠵᠠᠰᠠᠬᠤ ᠤᠷᠤᠨ ᠤ ︽8337︾ ᠬᠦᠭᠵᠢᠯᠲᠡ ᠶᠢᠨ ᠰᠡᠳᠬᠢᠴᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠭᠰᠠᠨ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠠᠬᠢᠴᠠ ᠶᠢ ᠲᠦᠷᠭᠡᠳᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠦ᠋ᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠰᠢᠨ᠎ᠡ ᠶᠢ ᠡᠭᠦᠳᠬᠦ ᠮᠠᠶ᠋ᠢᠭ ᠤᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠶᠢ ᠠᠬᠢᠭᠤᠯᠬᠤ ᠶᠢᠨ ᠲᠤᠰᠠᠲᠠ᠂ ᠤᠨᠴᠠᠭᠠᠶᠢᠯᠠᠨ ᠲᠤᠰ ᠵᠢᠭᠠᠯᠲᠠ ᠶᠢ ᠨᠡᠶᠢᠲᠡᠯᠡᠪᠡ᠃   ᠨᠢᠭᠡ᠂ ᠴᠡᠪᠡᠷ ᠡᠨᠧᠷᠬᠢ ᠶᠢᠨ ᠬᠦᠷᠢᠶ᠎ᠡ   1. ᠨᠡᠭᠦᠷᠡᠰᠦ ᠪᠠᠷ ᠴᠡᠪᠡᠷ ᠡᠨᠧᠷᠬᠢ ᠬᠢᠬᠦ ᠭᠤᠤᠯᠯᠠᠬᠤ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠵᠢᠱᠢᠶ᠎ᠡ ᠦᠵᠡᠭᠦᠯᠦᠯᠲᠡ︔   2. ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠬᠦᠭᠡᠷᠦᠮᠵᠢ ᠦᠢᠯᠡᠳᠬᠦ ᠪᠠ ᠲᠤᠤᠷ ᠨᠡᠶᠢᠯᠡᠬᠦᠯᠬᠦ ᠮᠡᠷᠭᠡᠵᠢᠯ ᠤᠨ ᠰᠤᠳᠤᠯᠤᠨ ᠨᠡᠭᠡᠭᠡᠯᠲᠡ︔   3. ᠨᠠᠷᠠᠨ ᠡᠨᠧᠷᠬᠢ ᠶᠢ ᠠᠰᠢᠭᠯᠠᠬᠤ ᠪᠠ ᠬᠡᠷᠡᠯ ᠢᠶᠠᠷ ᠴᠠᠬᠢᠯᠭᠠᠨ ᠭᠠᠷᠭᠠᠬᠤ ᠮᠡᠷᠭᠡᠵᠢᠯ ᠤᠨ ᠰᠤᠳᠤᠯᠤᠨ ᠨᠡᠭᠡᠭᠡᠯᠲᠡ   4. ᠡᠨᠧᠷᠬᠢ ᠶᠢ ᠦᠨᠳᠦᠷ ᠦᠷ᠎ᠡ ᠪᠦᠲᠦᠮᠵᠢ ᠲᠠᠢ ᠬᠠᠳᠠᠭᠠᠯᠠᠬᠤ ᠮᠠᠲ᠋ᠧᠷᠢᠶᠠᠯ᠂ ᠡᠨᠧᠷᠬᠢ ᠬᠠᠳᠠᠭᠠᠯᠠᠬᠤ ᠲᠤᠨᠤᠭᠯᠠᠯ ᠪᠤᠯᠤᠨ ᠰᠢᠰᠲ᠋ᠧᠮ ᠤᠨ ᠬᠤᠷᠠᠮᠠᠯ ᠤᠨ ᠮᠡᠷᠭᠡᠵᠢᠯ ᠤᠨ ᠰᠤᠳᠤᠯᠤᠨ ᠨᠡᠭᠡᠭᠡᠯᠲᠡ᠃   ᠬᠤᠶᠠᠷ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ   1. ᠨᠡᠭᠦᠷᠡᠰᠦ ᠪᠠᠷ ᠰᠠᠭᠤᠷᠢ ᠪᠤᠯᠭᠠᠭᠰᠠᠨ ᠡᠨᠧᠷᠬᠢ ︵ᠨᠡᠭᠦᠷᠡᠰᠦᠨ ᠴᠢᠯᠠᠭᠤ᠂ ᠭᠤᠤᠯᠢᠩ ᠰᠢᠷᠤᠢ᠂ ᠨᠤᠨᠳᠠᠭ ᠨᠡᠭᠦᠷᠡᠰᠦᠨ ᠦᠨᠡᠰᠦ︶ ᠶᠢ ᠶᠡᠷᠦᠩᠬᠡᠶᠢᠯᠡᠨ ᠠᠰᠢᠭᠯᠠᠬᠤ ᠰᠤᠳᠤᠯᠤᠯ ᠬᠢᠭᠡᠳ ᠵᠢᠱᠢᠶ᠎ᠡ ᠦᠵᠡᠭᠦᠯᠦᠯᠲᠡ︔   2. ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠰᠡᠭᠦᠯᠴᠢ ᠶᠢᠨ ᠦᠢᠯᠡᠳᠭᠦᠨ ᠢ ᠬᠦᠨᠵᠡᠭᠡᠢ ᠪᠤᠯᠪᠠᠰᠤᠷᠠᠭᠤᠯᠬᠤ ᠮᠡᠷᠭᠡᠵᠢᠯ ᠤᠨ ᠰᠤᠳᠤᠯᠤᠨ ᠨᠡᠭᠡᠭᠡᠯᠲᠡ︔   3. ᠨᠡᠭᠦᠷᠡᠰᠦᠨ ᠬᠡᠤᠳᠡᠰᠦ ᠶᠢ ᠬᠦᠨᠵᠡᠭᠡᠢ ᠪᠤᠯᠪᠠᠰᠤᠷᠠᠭᠤᠯᠬᠤ ᠵᠠᠩᠬᠢᠯᠠᠭ᠎ᠠ ᠶᠢᠨ ᠮᠡᠷᠭᠡᠵᠢᠯ ᠪᠠ ᠭᠤᠤᠯᠳᠠᠯᠭ᠎ᠠ ᠲᠠᠢ ᠦᠢᠯᠡᠳᠭᠦᠨ ᠤ ᠰᠤᠳᠤᠯᠤᠯ ᠬᠢᠭᠡᠳ ᠨᠡᠭᠡᠭᠡᠯᠲᠡ︔   4. ᠡᠾᠯᠤᠷᠲᠤ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠵᠠᠩᠬᠢᠯᠠᠭ᠎ᠠ ᠶᠢᠨ ᠮᠡᠷᠭᠡᠵᠢᠯ ᠪᠤᠯᠤᠨ ᠭᠤᠤᠯᠳᠠᠯᠭ᠎ᠠ ᠲᠠᠢ ᠦᠢᠯᠡᠳᠭᠦᠨ ᠰᠤᠳᠤᠯᠤᠯ ᠬᠢᠭᠡᠳ ᠨᠡᠭᠡᠭᠡᠯᠲᠡ︔   ᠭᠤᠷᠪᠠ᠂ ᠦᠡᠭᠭᠡᠲᠦ ᠲᠡᠮᠦᠷᠯᠢᠭ ᠤᠨ ᠬᠦᠷᠢᠶ᠎ᠡ   1. ᠨᠡᠭᠦᠷᠡᠰᠦ ᠴᠠᠬᠢᠯᠭᠠᠨ ᠬᠦᠡᠭᠭᠡᠨ ᠴᠠᠭᠠᠨ ︵ᠵᠡᠰ᠂ ᠴᠠᠶᠢᠷ᠂ ᠲᠤᠭᠤᠯᠭ᠎ᠠ᠂ ᠮᠠᠭᠨᠢ ᠵᠡᠷᠭᠡ︶ ᠢ ᠴᠡᠪᠡᠷ ᠦᠨᠳᠦᠷ ᠦᠷ᠎ᠡ ᠠᠰᠢᠭᠲᠠᠢ ᠦᠢᠯᠡᠳᠪᠦᠷᠢᠯᠡᠬᠦ ᠮᠡᠷᠭᠡᠵᠢᠯ ᠤᠨ ᠰᠤᠳᠤᠯᠤᠨ ᠨᠡᠭᠡᠭᠡᠯᠲᠡ︔   2. ᠦᠡᠭᠭᠡᠲᠦ ᠲᠡᠮᠦᠷᠯᠢᠭ ᠢ ᠬᠦᠨᠵᠡᠭᠡᠢ ᠪᠤᠯᠪᠠᠰᠤᠷᠠᠭᠤᠯᠬᠤ ᠵᠠᠩᠬᠢᠯᠠᠭ᠎ᠠ ᠶᠢᠨ ᠮᠡᠷᠬᠡᠵᠢᠯ ᠤᠨ ᠰᠤᠳᠤᠯᠤᠨ ᠨᠡᠭᠡᠭᠡᠯᠲᠡ︔   3. ᠴᠢᠬᠤᠯᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠪᠠ ᠦᠢᠯᠡᠳᠦᠯ ᠤᠨ ᠵᠤᠬᠢᠴᠠᠯ ᠤᠨ ᠰᠤᠳᠤᠯᠤᠯ︔   4. ᠬᠤᠪᠤᠷ ᠰᠢᠷᠤᠢ ᠶᠢᠨ ᠳᠡᠭᠡᠲᠦ ᠳᠡᠰ ᠤᠨ ᠴᠢᠳᠠᠮᠵᠢᠲᠤ ᠮᠠᠲ᠋ᠧᠷᠢᠶᠠᠯ ᠬᠢᠭᠡᠳ ᠬᠡᠷᠡᠭᠯᠡᠭᠡᠨ ᠤ ᠦᠢᠯᠡᠳᠭᠦᠨ ᠤ ᠰᠤᠳᠤᠯᠤᠯ ᠬᠢᠭᠡᠳ ᠨᠡᠭᠡᠭᠡᠯᠲᠡ᠃    ᠳᠦᠷᠪᠡ᠂ ᠤᠳᠤ ᠦᠶ᠎ᠡ ᠶᠢᠨ ᠲᠤᠨᠤᠭ ᠲᠦᠭᠦᠭᠡᠷᠦᠮᠵᠢ ᠦᠢᠯᠡᠳᠬᠦ ᠬᠦᠷᠢᠶ᠎ᠡ    1. ᠲᠤᠮᠦ ᠬᠡᠯᠪᠡᠷᠢ ᠶᠢᠨ ᠪᠠᠷᠢᠯᠭ᠎ᠠ ᠶᠢᠨ ᠮᠠᠰᠢᠨ ᠬᠢᠭᠡᠳ ᠨᠡᠭᠦᠷᠡᠰᠦᠨ ᠤ ᠮᠠᠰᠢᠨ ᠲᠤᠨᠤᠭᠯᠠᠯ ᠤᠨ ᠰᠤᠳᠤᠯᠤᠨ ᠨᠡᠭᠡᠭᠡᠯᠲᠡ︔    2. ᠬᠦᠨᠳᠦ ᠬᠡᠯᠪᠡᠷᠢ ᠶᠢᠨ ᠲᠡᠷᠭᠡ ᠬᠦᠰᠭᠡ ᠬᠢᠭᠡᠳ ᠰᠡᠯᠪᠢᠭ ᠲᠤᠨᠤᠭ ᠦᠢᠯᠡᠳᠬᠦ ᠲᠡᠷᠢᠬᠦᠨ ᠤ ᠮᠡᠷᠭᠡᠵᠢᠯ ᠤᠨ ᠰᠤᠳᠤᠯᠤᠨ ᠨᠡᠭᠡᠭᠡᠯᠲᠡ︔    3. ᠲᠠᠷᠢᠶᠠᠯᠠᠩ ᠮᠠᠯ ᠠᠵᠤ ᠠᠬᠤᠢ ᠶᠢᠨ ᠳᠡᠭᠡᠲᠦ ᠳᠡᠰ ᠤᠨ ᠲᠤᠨᠤᠭ ᠲᠦᠬᠦᠭᠡᠷᠦᠮᠵᠢ ᠶᠢᠨ ᠦᠢᠯᠡᠳᠭᠦᠨ ᠤ ᠨᠡᠭᠡᠭᠡᠯᠲᠡ᠃    ᠲᠠᠪᠤ᠂ ᠪᠤᠬᠢᠷᠳᠤᠯ ᠦᠭᠡᠢ ᠲᠠᠷᠢᠶᠠᠯᠠᠩ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠦᠷᠢᠶ᠎ᠡ    1. ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠳᠡᠭᠡᠲᠦ ᠰᠢᠨ᠎ᠡ ᠮᠡᠷᠭᠡᠵᠢᠯ ᠤᠨ ᠬᠦᠷᠢᠶᠡᠯᠡᠩ ᠲᠤᠭᠤᠷᠢᠭ ᠤᠨ ᠴᠤᠭᠯᠠᠷᠠᠯ ᠵᠢᠱᠢᠶ᠎ᠡ ᠦᠵᠡᠭᠦᠯᠦᠯᠲᠡ︔    2. ᠲᠦᠮᠦᠰᠦᠨ ᠤ ᠠᠵᠤ ᠦᠢᠯᠡᠰ ᠤᠨ ᠬᠦᠭᠵᠢᠯᠲᠡ ᠶᠢᠨ ᠴᠢᠬᠤᠯᠠ ᠶᠡᠭᠡ ᠮᠡᠷᠭᠡᠵᠢᠯ ᠴᠤᠭᠯᠠᠷᠠᠯ ᠤᠨ ᠰᠢᠨ᠎ᠡ ᠶᠢ ᠡᠭᠦᠳᠬᠦ ᠪᠠ ᠵᠢᠱᠢᠶ᠎ᠡ ᠦᠵᠡᠬᠦᠯᠬᠦ︔    3. ᠪᠤᠷᠳᠤᠭ᠎ᠠ ᠳᠤ ᠬᠡᠷᠡᠭᠯᠡᠬᠦ ᠡᠪᠡᠰᠦ ᠤᠷᠭᠤᠮᠠᠯ ᠤᠨ ᠡᠬᠢ ᠪᠠᠶᠠᠯᠢᠭ ᠤᠨ ᠨᠡᠭᠡᠭᠡᠯᠲᠡ ᠬᠢᠭᠡᠳ ᠠᠰᠢᠭᠯᠠᠯᠲᠠ︔    4. ᠡᠷᠳᠡᠨᠢ ᠰᠢᠰᠢ ᠶᠢᠨ ᠰᠢᠨ᠎ᠡ ᠡᠭᠦᠯᠳᠡᠷ ᠰᠤᠩᠭᠤᠨ ᠪᠤᠶᠢᠵᠢᠭᠤᠯᠬᠤ ᠪᠠ ᠦᠨᠳᠦᠷ ᠤᠨᠠᠯᠲᠠ ᠲᠠᠢ ᠦᠨᠳᠦᠷ ᠦᠷ᠎ᠡ ᠠᠰᠢᠭ ᠲᠠᠢ ᠶᠡᠷᠦᠩᠭᠡᠶᠢᠯᠡᠭᠰᠡᠨ ᠮᠡᠷᠭᠡᠵᠢᠯ ᠤᠨ ᠴᠤᠭᠯᠠᠷᠠᠯ︔    5. ᠰᠢᠬᠢᠷ ᠯᠤᠤᠪᠠᠨᠭ᠌ ᠤᠨ ᠦᠨᠳᠦᠷ ᠤᠨᠠᠯᠲᠠ ᠲᠠᠢ᠂ ᠰᠢᠬᠢᠷ ᠶᠡᠬᠡᠲᠠᠢ ᠤᠳᠤᠬᠢᠴᠢᠯᠠᠭᠰᠠᠨ ᠲᠠᠷᠢᠬᠤ ᠵᠢᠱᠢᠶ᠎ᠡ ᠦᠵᠡᠭᠦᠯᠦᠯᠲᠡ︔    6. ᠦᠵᠦᠮ ᠤᠨ ᠰᠢᠯᠢᠳᠡᠭ ᠡᠭᠦᠯᠳᠡᠷ ᠢ ᠪᠤᠶᠢᠵᠢᠭᠤᠯᠬᠤ ᠪᠠ ᠦᠨᠳᠦᠷ ᠤᠨᠠᠯᠲᠠ ᠲᠠᠢ ᠦᠢᠯᠡᠳᠪᠦᠷᠢᠯᠡᠬᠦ ᠮᠡᠷᠭᠡᠵᠢᠯ ᠤᠨ ᠳᠡᠯᠭᠡᠷᠡᠭᠦᠯᠦᠯᠲᠡ︔    7. ᠤᠷᠤᠨ ᠨᠤᠲᠤᠭ ᠤᠨ ᠠᠯᠠᠰᠢᠨ ᠬᠤᠨᠢ ︵ᠰᠤᠨᠢᠳ ᠬᠤᠨᠢ᠂ ᠦᠵᠦᠮᠦᠴᠢᠨ ᠬᠤᠨᠢ᠂ ᠪᠠᠶᠠᠨᠨᠠᠭᠤᠷ ᠤᠨ ᠮᠧᠷᠢᠨᠤᠰ ᠠᠯᠠᠰᠢᠨ ᠬᠤᠨᠢ᠂ ᠵᠤᠤ ᠤᠳᠠ ᠬᠤᠨᠢ︶ ᠪᠤᠯᠤᠨ ᠡᠷᠯᠢᠰᠡᠵᠢᠭᠦᠯᠦᠭᠰᠡᠨ ᠠᠯᠠᠰᠢᠨ ᠬᠤᠨᠢ ᠶᠢᠨ ᠰᠢᠯᠢᠳᠡᠭ ᠡᠭᠦᠯᠳᠡᠷ ᠢ ᠰᠤᠩᠭᠤᠨ ᠪᠤᠶᠢᠵᠢᠭᠤᠯᠬᠤ ᠪᠠ ᠠᠵᠤ ᠦᠢᠯᠡᠰᠵᠢᠭᠦᠯᠦᠯᠲᠡ ᠶᠢᠨ ᠵᠢᠱᠢᠶ᠎ᠡ ᠦᠵᠡᠭᠦᠯᠬᠦ︔    8. ᠴᠢᠨᠠᠷ ᠰᠠᠶᠢᠲᠠᠢ ᠢᠳᠡᠰᠢᠨ ᠦᠭᠡᠷ ᠪᠠ ᠰᠠᠭᠠᠯᠢ ᠶᠢᠨ ᠦᠨᠢᠶᠡᠨ ᠤ ᠡᠭᠦᠯᠳᠡᠷ ᠢ ᠪᠤᠶᠢᠵᠢᠭᠤᠯᠬᠤ᠂ ᠠᠷᠠᠴᠢᠯᠠᠵᠤ ᠮᠠᠯᠯᠠᠬᠤ ᠪᠠ ᠡᠳ᠋ᠰᠢᠭᠦᠯᠬᠦ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠭᠡᠳ ᠠᠵᠤ ᠦᠢᠯᠡᠰᠵᠢᠭᠦᠯᠦᠯᠲᠡ ᠶᠢᠨ ᠵᠢᠱᠢᠶ᠎ᠡ ᠦᠵᠡᠭᠦᠯᠬᠦ︔   9. ᠤᠨᠴᠠᠯᠢᠭᠲᠦ ᠮᠠᠯ ᠤᠨ ᠡᠭᠦᠯᠳᠡᠷ ᠪᠤᠶᠢᠵᠢᠭᠤᠯᠬᠤ ᠪᠠ ᠠᠵᠤ ᠦᠢᠯᠡᠰᠵᠢᠭᠦᠯᠦᠯᠲᠡ ᠶᠢᠨ ᠵᠢᠱᠢᠶ᠎ᠡ ᠦᠵᠡᠭᠦᠯᠬᠦ︔ 10. ᠳᠡᠭᠡᠲᠦ ᠳᠡᠰ ᠤᠨ ᠴᠠᠭᠠᠨ ᠢᠳᠡᠭᠡᠨ ᠬᠢᠭᠡᠳ ᠶᠠᠰᠤ ᠴᠢᠨᠠᠷ ᠤᠨ ᠠᠶᠤᠯ ᠦᠭᠡᠢ ᠶᠢ ᠡᠵᠡᠮᠳᠡᠬᠦ ᠮᠡᠷᠭᠡᠵᠢᠯ ᠤᠨ ᠰᠤᠳᠤᠯᠤᠨ ᠨᠡᠭᠡᠭᠡᠯᠲᠡ᠃    ᠵᠢᠷᠭᠤᠭ᠎ᠠ᠂ ᠠᠮᠢ ᠠᠬᠤᠢ ᠤᠷᠴᠢᠨ ᠲᠤᠭᠤᠷᠢᠨ ᠤ ᠬᠦᠷᠢᠶ᠎ᠡ   1. ᠠᠳᠠᠯᠢ ᠪᠤᠰᠤ ᠠᠮᠢ ᠠᠬᠤᠢ ᠶᠢᠨ ᠬᠡᠯᠪᠡᠷᠢ ᠶᠢᠨ ᠤᠷᠤᠨ ᠤ ᠠᠮᠢ ᠠᠬᠤᠢ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠵᠢᠴᠢ ᠲᠦᠭᠰᠢᠭᠦᠷᠢ ᠶᠢ ᠦᠷᠢᠳᠴᠢᠯᠡᠨ ᠬᠡᠮᠵᠢᠬᠦ ᠮᠡᠷᠭᠡᠵᠢᠯ ᠤᠨ ᠰᠤᠳᠤᠯᠤᠯ︔   2. ᠠᠳᠠᠯᠢ ᠪᠤᠰᠤ ᠠᠮᠢ ᠠᠬᠤᠢ ᠶᠢᠨ ᠬᠡᠯᠪᠡᠷᠢ ᠶᠢᠨ ᠤᠷᠤᠨ ᠤ ᠠᠮᠢ ᠠᠬᠤᠢ ᠶᠢ ᠬᠠᠮᠠᠭᠠᠯᠠᠬᠤ ᠪᠠ ᠡᠬᠢ ᠪᠠᠶᠠᠯᠢᠭ ᠢ ᠵᠦᠢ ᠵᠤᠬᠢᠰᠲᠠᠢ ᠠᠰᠢᠭᠯᠠᠬᠤ ᠰᠤᠳᠤᠯᠤᠯ ᠬᠢᠭᠡᠳ ᠵᠢᠱᠢᠶ᠎ᠡ ᠦᠵᠡᠭᠦᠯᠦᠯᠲᠡ︔   3. ᠨᠤᠲᠤᠭ ᠪᠡᠯᠴᠢᠭᠡᠷ ᠲᠠᠬᠢ ᠠᠭᠤᠷᠬᠠᠢ ᠶᠢᠨ ᠤᠷᠤᠨ ᠤ ᠠᠮᠢ ᠠᠬᠤᠢ ᠶᠢ ᠵᠠᠰᠠᠵᠤ ᠰᠡᠷᠭᠦᠭᠡᠬᠦ ᠳᠠᠬᠢᠨ ᠪᠠᠶᠢᠭᠤᠯᠬᠤ ᠵᠠᠩᠬᠢᠯᠠᠭ᠎ᠠ ᠶᠢᠨ ᠮᠡᠷᠭᠡᠵᠢᠯ ᠤᠨ ᠰᠤᠳᠤᠯᠤᠯ ᠬᠢᠭᠡᠳ ᠵᠢᠱᠢᠶ᠎ᠡ ᠦᠵᠡᠭᠦᠯᠦᠯᠲᠡ︔   4. ᠤᠰᠤᠨ ᠤ ᠡᠬᠢ ᠪᠠᠶᠠᠯᠢᠭ ᠢ ᠵᠦᠢ ᠵᠤᠬᠢᠰᠲᠠᠢ ᠠᠰᠢᠭᠯᠠᠬᠤ ᠵᠠᠩᠬᠢᠯᠠᠭ᠎ᠠ ᠶᠢᠨ ᠮᠡᠷᠭᠡᠵᠢᠯ ᠤᠨ ᠰᠤᠳᠤᠯᠤᠯ ᠬᠢᠭᠡᠳ ᠵᠢᠱᠢᠶ᠎ᠡ ᠦᠵᠡᠭᠦᠯᠦᠯᠲᠡ︔   5. ᠡᠯᠡᠰᠦᠷᠭᠡᠭ ᠭᠠᠵᠠᠷ ᠤᠨ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠤᠯ ᠬᠢᠭᠡᠳ ᠵᠢᠱᠢᠶ᠎ᠡ ᠦᠵᠡᠭᠦᠯᠦᠯᠲᠡ︔   6. ᠬᠠᠶᠠᠭᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠤᠨ ᠨᠡᠭᠡᠭᠡᠯᠲᠡ ᠬᠢᠭᠡᠳ ᠵᠢᠱᠢᠶ᠎ᠡ ᠦᠵᠡᠭᠦᠯᠦᠯᠲᠡ︔   7. ᠤᠷᠴᠢᠨ ᠲᠤᠭᠤᠷᠢᠨ ᠤ ᠤᠷᠤᠨ ᠪᠦᠰᠡ ᠶᠢ ᠶᠡᠷᠦᠩᠬᠡᠶᠢᠯᠡᠨ ᠵᠠᠰᠠᠬᠤ ᠮᠡᠷᠭᠡᠵᠢᠯ ᠤᠨ ᠨᠡᠭᠡᠭᠡᠯᠲᠡ ᠬᠢᠭᠡᠳ ᠴᠤᠭᠯᠠᠷᠠᠯ ᠤᠨ ᠵᠢᠱᠢᠶ᠎ᠡ ᠦᠵᠡᠭᠦᠯᠦᠯᠲᠡ᠃    ᠳᠤᠯᠤᠭ᠎ᠠ᠂ ᠬᠦᠮᠦᠨ ᠮᠠᠯ ᠳᠤ ᠴᠦᠮ ᠲᠤᠰᠳᠠᠭ ᠡᠪᠡᠳᠴᠢᠨ ᠢ ᠰᠡᠷᠭᠡᠶᠢᠯᠡᠨ ᠵᠠᠰᠠᠬᠤ ᠬᠦᠷᠢᠶ᠎ᠡ    1. ᠪᠷᠦ᠋ᠽᠧᠯ ᠡᠪᠡᠳᠴᠢᠨ ᠤ ᠬᠠᠯᠳᠠᠪᠤᠷᠢᠯᠠᠯ ᠢ ᠪᠠᠶᠢᠴᠠᠭᠠᠨ ᠰᠢᠯᠭᠠᠬᠤ᠂ ᠸᠠᠺᠽᠢᠨ ᠤ ᠡᠭᠡᠯᠢᠯᠡᠯᠭᠡ ᠶᠢ ᠢᠯᠭᠠᠨ ᠲᠤᠳᠤᠯᠠᠬᠤ ᠮᠡᠷᠭᠡᠵᠢᠯ ᠤᠨ ᠰᠤᠳᠤᠯᠤᠨ ᠨᠡᠭᠡᠭᠡᠯᠲᠡ︔    2. ᠮᠠᠯ ᠳᠤ ᠬᠡᠷᠡᠭᠯᠡᠬᠦ ᠪᠷᠦ᠋ᠽᠧᠯ ᠡᠪᠡᠳᠴᠢᠨ ᠤ ᠸᠠᠺᠽᠢᠨ ᠤ ᠨᠡᠭᠡᠭᠡᠯᠲᠡ︔    3. ᠪᠷᠦ᠋ᠽᠧᠯ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠨ ᠵᠠᠰᠠᠬᠤ ᠮᠡᠷᠭᠡᠵᠢᠯ ᠪᠤᠯᠤᠨ ᠬᠠᠮᠢᠶᠠᠷᠤᠯᠲᠠ ᠶᠢᠨ ᠵᠢᠷᠤᠮᠵᠢᠯ ᠤᠨ ᠰᠤᠳᠤᠯᠤᠯ᠃     ᠨᠠᠢᠮᠠ᠂ ᠦᠨᠳᠦᠰᠦᠲᠡᠨ ᠤ ᠡᠮ ᠡᠮᠨᠡᠯᠬᠡ ᠶᠢᠨ ᠬᠦᠷᠢᠶ᠎ᠡ     1. ᠮᠤᠩᠭᠤᠯ ᠡᠮ ᠡᠮᠨᠡᠯᠭᠡ ᠶᠢᠨ ᠰᠠᠭᠤᠷᠢ ᠤᠨᠤᠯ ᠬᠢᠭᠡᠳ ᠪᠠᠷᠢᠮᠵᠢᠶᠠᠵᠢᠭᠤᠯᠬᠤ ᠮᠡᠷᠭᠡᠵᠢᠯ ᠤᠨ ᠰᠢᠰᠲ᠋ᠧᠮ ᠤᠨ ᠰᠤᠳᠤᠯᠤᠯ︔     2. ᠵᠢᠩᠬᠢᠨᠢ ᠮᠤᠩᠭᠤᠯ ᠡᠮ ᠤᠨ ᠮᠠᠲ᠋ᠧᠷᠢᠶᠠᠯ ᠢ ᠵᠢᠷᠤᠮᠵᠢᠯ ᠲᠠᠢ ᠲᠠᠷᠢᠬᠤ ᠪᠠᠷᠢᠮᠵᠢᠶ᠎ᠠ ᠶᠢᠨ ᠰᠢᠰᠲ᠋ᠧᠮᠵᠢ ᠶᠢᠨ ᠰᠤᠳᠤᠯᠤᠯ ᠬᠢᠭᠡᠳ ᠵᠢᠱᠢᠶ᠎ᠡ ᠦᠵᠡᠭᠦᠯᠦᠯᠲᠡ︔     3. ᠮᠤᠩᠭᠤᠯ ᠡᠮ ᠤᠨ ᠡᠮ ᠵᠦᠢ ᠶᠢᠨ ᠦᠢᠯᠡᠳᠦᠯ ᠤᠨ ᠡᠪᠡᠳᠴᠢᠨ ᠤ ᠬᠦᠭᠵᠢᠯ ᠤᠨ ᠰᠤᠳᠤᠯᠤᠯ ᠬᠢᠭᠡᠳ ᠰᠢᠨ᠎ᠡ ᠡᠮ ᠤᠨ ᠨᠡᠭᠡᠭᠡᠯᠲᠡ᠃     ᠶᠢᠰᠦ᠂ ᠤᠳᠤ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠢ ᠬᠡᠷᠡᠭᠯᠡᠬᠦ ᠬᠦᠷᠢᠶ᠎ᠡ     1. ᠶᠡᠷᠦᠩᠭᠡᠶᠢᠯᠡᠭᠰᠡᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ ᠦᠢᠯᠡᠴᠢᠯᠡᠭᠡᠨ ᠤ ᠲᠠᠪᠴᠠᠩ ᠤᠨ ᠨᠡᠭᠡᠭᠡᠯᠲᠡ︔     2. ᠪᠠᠷᠠᠭ᠎ᠠ ᠶᠢᠨ ᠬᠦᠢᠯᠭᠡᠭᠡᠨ ︵ᠬᠤᠯᠪᠤᠭ᠎ᠠ︶ ᠤ ᠲᠤᠤᠷ ᠰᠦᠯᠵᠢᠶ᠎ᠡ ᠶᠢᠨ ᠮᠡᠳᠡᠭᠡ ᠵᠠᠩᠬᠢᠴᠢᠯᠠᠭᠰᠠᠨ ᠦᠢᠯᠡᠴᠢᠯᠡᠭᠡᠨ ᠤ ᠲᠠᠪᠴᠠᠩ ᠤᠨ ᠨᠡᠭᠡᠭᠡᠯᠲᠡ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号