ᠨᠠᠷᠢᠨ ᠪᠠᠯᠭᠠᠰᠦ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠨᠠᠮ ᠤᠨ ᠠᠷᠪᠠ ᠶᠢᠰᠦᠳᠦᠭᠡᠷ ᠬᠤᠷᠠᠯ ᠤᠨ ᠵᠤᠷᠢᠭ ᠰᠠᠨᠠᠭ᠎ᠠ ᠶᠢ ᠣᠬᠠᠭᠤᠯᠤᠨ ᠲᠤᠤᠱᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/1/4
         ᠣᠷᠴᠢᠮ ᠤᠨ ᠡᠳᠦᠷ ᠤᠳ ᠲᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠣᠯᠠᠮ ᠨᠢᠭᠡ ᠠᠯᠬᠤᠮ ᠰᠣᠷᠤᠯᠴᠠᠨ ᠣᠬᠠᠭᠤᠯᠵᠤ ᠲᠤᠱᠠᠯᠠᠭᠤᠯᠬᠤ ᠶᠢ ᠠᠬᠢᠭᠤᠯᠬᠤ ᠶᠢᠨ ᠲᠥᠯᠦᠭᠡ᠂ ᠰᠢᠨ᠎ᠡ ᠣᠶᠢᠯᠠᠭᠠᠭᠳᠠᠬᠤᠨ᠂ ᠰᠢᠨ᠎ᠡ ᠨᠤᠲᠠᠯᠠᠯᠲᠠ ᠶᠢ ᠣᠶᠢᠯᠠᠭᠠᠨ ᠡᠵᠡᠮᠰᠢᠵᠦ᠂ ᠰᠢᠨ᠎ᠡ ᠡᠭᠦᠷᠭᠡ᠂ ᠰᠢᠨ᠎ᠡ ᠠᠷᠭ᠎ᠠ ᠪᠠᠷᠢᠯ ᠢ ᠲᠣᠣᠱᠠᠯᠠᠭᠤᠯᠤᠨ᠂ ᠨᠠᠷᠢᠨ ᠪᠠᠯᠭᠠᠰᠤ ᠨᠢ ᠰᠣᠷᠤᠯᠴᠠᠨ ᠣᠶᠢᠯᠠᠭᠠᠬᠤ᠂ ᠣᠩᠰᠢᠨ ᠨᠡᠪᠲᠡᠷᠡᠬᠦ᠂ ᠪᠣᠲᠠᠲᠠᠢ ᠬᠢᠬᠦ ᠳᠡᠭᠡᠷ᠎ᠡ ᠬᠦᠴᠦ ᠣᠷᠤᠭᠤᠯᠵᠤ ᠪᠤᠢ᠃ ᠲᠤᠰ ᠪᠠᠯᠭᠠᠰᠤ ᠨᠢ ᠦᠨᠳᠦᠰᠦᠨ ᠱᠠᠲᠤᠨ ᠤ ᠶᠡᠭᠡ ᠶᠠᠷᠢᠶᠠᠨ ᠤ ᠲᠠᠩᠬᠢᠮ᠂ ᠺᠠᠳ᠋ᠷ ᠠᠵᠢᠯᠲᠠᠨ ᠤ ᠥᠪᠡᠷ ᠤᠨ ᠰᠣᠷᠣᠯᠴᠠᠯᠭ᠎ᠠ᠂ ᠨᠠᠮ ᠤᠨ ᠡᠭᠦᠷ ᠤᠨ ᠶᠡᠭᠡ ᠬᠤᠷᠠᠯ᠂ ᠣᠯᠠᠨ ᠲᠥᠮᠡᠨ ᠤ ᠠᠭᠤᠳᠠᠮ ᠲᠠᠯᠠᠪᠠᠢ ᠶᠢᠨ ᠪᠦᠵᠢᠭ᠂ ᠴᠠᠷᠭᠢᠯ ᠦᠯᠢᠭᠡᠷ ᠵᠡᠷᠭᠡ ᠡᠯᠪᠡᠭ ᠪᠠᠶᠠᠯᠢᠭ ᠤᠯᠠᠨ ᠶᠠᠩᠵᠤ ᠶᠢᠨ ᠤᠬᠠᠭᠤᠯᠭ᠎ᠠ ᠶᠢᠨ ᠬᠡᠯᠪᠡᠷᠢ ᠪᠤᠯᠤᠨ ᠠᠷᠭ᠎ᠠ ᠪᠠᠷᠢᠯ ᠢ ᠭᠦᠢᠴᠡᠳ ᠠᠰᠢᠭᠯᠠᠨ ᠤᠯᠠᠨ ᠲᠦᠮᠡᠨ ᠤ ᠰᠣᠨᠣᠰᠬᠤ ᠲᠤᠷᠠᠲᠠᠢ᠂ ᠦᠵᠡᠬᠦ ᠲᠤᠷᠠᠲᠠᠢ᠂ ᠳᠥᠭᠦᠮ ᠣᠶᠢᠯᠠᠭᠠᠮᠵᠢᠲᠠᠢ᠂ ᠲᠣᠪᠴᠢ ᠠᠪᠰᠠᠷᠬᠠᠨ ᠬᠦᠳᠡᠯᠭᠡᠭᠡᠨ ᠠᠵᠢᠯᠠᠯᠭᠠᠨ ᠢᠶᠠᠷ ᠣᠨᠤᠯ ᠶᠢᠨ ᠮᠡᠳᠡᠯᠭᠡ ᠶᠢ ᠦᠷᠭᠡᠨ ᠣᠯᠠᠨ ᠠᠷᠠᠳ ᠲᠦᠮᠡᠨ ᠤ ᠰᠣᠨᠣᠰᠬᠤ ᠲᠤᠷᠠᠲᠠᠢ᠂ ᠨᠡᠩ ᠣᠶᠢᠯᠠᠭᠠᠮᠵᠢᠲᠠᠢ ︽ᠡᠩ ᠤᠨ ᠶᠠᠷᠢᠯᠴᠠᠭ᠎ᠠ︾ ᠪᠣᠯᠭᠠᠨ ᠬᠤᠪᠢᠷᠭᠠᠵᠤ᠂ ᠣᠶᠢᠯᠠᠭᠠᠭᠤᠯᠵᠤ᠂ ᠴᠡᠭᠡᠵᠢᠯᠡᠭᠦᠯᠵᠦ  ᠂ ᠡᠵᠡᠮᠰᠢᠭᠦᠯᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠠᠮ ᠤᠨ ᠠᠷᠪᠠ ᠶᠢᠰᠦᠳᠦᠭᠡᠷ ᠬᠤᠷᠠᠯ ᠳᠤ ᠳᠤᠷᠠᠳᠣᠭᠰᠠᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠪᠤᠲᠠᠲᠠᠢ ᠳᠤ ᠲᠤᠤᠱᠠᠯᠠᠭᠤᠯᠤᠨ᠂ ᠬᠦᠴᠦᠷᠬᠡᠭ ᠶᠡᠭᠡ ᠦᠵᠡᠯ ᠰᠠᠨᠠᠭᠠᠨ ᠤ ᠬᠥᠴᠦᠨ ᠢ ᠨᠢᠭᠲᠠᠷᠠᠭᠤᠯᠵᠤ ᠪᠠᠶᠢᠨ᠎ᠠ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号