ᠬᠠᠷᠠᠴᠢᠨ ᠬᠤᠰᠢᠭᠤᠨ ᠤ ᠤᠷᠤᠨ ᠨᠤᠲᠤᠭ ᠤᠨ ᠭᠠᠶᠢᠯᠢ ᠶᠢᠨ ᠲᠤᠪᠴᠢᠶ᠎ᠠ ᠨᠢ  ᠡᠭᠦᠯᠡᠨ pos ᠮᠠᠰᠢᠨ  ᠢᠶᠠᠷ ᠰᠦᠢᠳᠭᠡᠯ ᠲᠤᠰᠢᠶᠠᠬᠤ ᠰᠢᠨ᠎ᠡ ᠰᠢᠰᠲ᠋ᠧᠮ ᠢ ᠲᠦᠭᠡᠮᠡᠯᠵᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018/1/4
  ᠬᠠᠷᠢᠶᠠᠨ ᠲᠤᠲᠤᠷᠠᠬᠢ ᠨᠡᠶᠢᠭᠡᠮ ᠤᠨ ᠲᠠᠭᠠᠳᠬᠠᠯ ᠲᠤᠰᠢᠶᠠᠬᠤ ᠬᠦᠮᠦᠨ ᠤᠯᠠᠨ᠂  ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠶᠢᠨ ᠲᠠᠲᠠᠪᠤᠷᠢᠯᠠᠨ ᠬᠤᠷᠢᠶᠠᠬᠤ ᠡᠬᠡ ᠪᠠᠶᠠᠯᠢᠭ ᠬᠢᠵᠠᠭᠠᠷᠲᠠᠢ ᠵᠡᠷᠭᠡ ᠪᠤᠳᠠᠳᠠᠢ ᠪᠠᠶᠢᠳᠠᠯ ᠠᠴᠠ ᠡᠭᠦᠰᠴᠦ᠂  ᠬᠠᠷᠠᠴᠢᠨ ᠬᠤᠰᠢᠭᠤᠨ ᠤ  ᠤᠷᠤᠨ  ᠨᠤᠲᠤᠭ ᠤᠨ ᠭᠠᠶᠢᠯᠢ ᠶᠢᠨ ᠲᠤᠪᠴᠢᠶ᠎ᠠ ᠨᠢ  ︽ ᠰᠦᠯᠵᠢᠶ᠎ᠡ +  ᠭᠠᠶᠢᠯᠢ︾  ᠶᠢᠨ ᠬᠡᠯᠪᠡᠷᠢ ᠪᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠬᠦᠴᠢᠷᠲᠡᠢ ᠠᠰᠠᠭᠤᠳᠠᠯ ᠢ ᠰᠢᠢᠳᠪᠦᠷᠢᠯᠡᠪᠡ᠃  ᠲᠤᠰ ᠲᠤᠪᠴᠢᠶ᠎ᠠ ᠶᠢᠨ ᠬᠠᠪᠰᠤᠷᠤᠯᠭ᠎ᠠ ᠶᠢᠨ ᠲᠤᠤᠷ᠎ᠠ᠂  ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ  ᠡᠭᠦᠯᠡᠨ pos ᠮᠠᠰᠢᠨ ᠢ 57 ᠰᠠᠭᠤᠷᠢ ᠤᠷᠤᠭᠤᠯᠤᠨ ᠠᠪᠴᠢᠷᠠᠵᠤ᠂  ᠪᠦᠬᠦ ᠬᠤᠰᠢᠭᠤᠨ ᠤ 12 ᠰᠢᠶᠠᠩ ᠪᠠᠯᠭᠠᠰᠤ᠂  ᠵᠡᠭᠡᠯᠢ ᠭᠤᠳᠤᠮᠵᠢ ᠳᠤ ᠬᠤᠪᠢᠶᠠᠨ ᠦᠭᠴᠦ᠂  ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠡᠷᠴᠢᠮᠲᠡᠢ ᠦᠷᠨᠢᠭᠦᠯᠪᠡ᠃  ᠪᠦᠷᠢᠳᠬᠡᠯ ᠢ ᠦᠨᠳᠦᠰᠦᠯᠡᠪᠡᠯ᠂  14137 ᠬᠦᠮᠦᠨ ᠡᠭᠦᠯᠡᠨ pos ᠮᠠᠰᠢᠨ  ᠪᠤᠶᠤ ᠭᠠᠷ ᠤᠳᠠᠰᠤ ᠪᠠᠷ ᠨᠠᠰᠤᠵᠢᠯ ᠤᠨ ᠳᠠᠭᠠᠳᠬᠠᠯ ᠪᠠ ᠡᠮ ᠡᠮᠨᠡᠯᠭᠡ ᠶᠢᠨ ᠳᠠᠭᠠᠳᠬᠠᠯ ᠲᠤᠰᠢᠶᠠᠵᠤ᠂  ᠨᠡᠶᠢᠲᠡ 228  ᠭᠠᠷᠤᠢ  ᠲᠦᠮᠡᠨ ᠵᠤᠭᠤᠰ ᠢ ᠬᠥᠮᠦᠷᠭᠡᠯᠡᠪᠡ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号