ᠬᠠᠷᠠᠴᠢᠨ ᠬᠤᠰᠢᠭᠤᠨ ᠤ ᠮᠠᠯ ᠲᠠᠷᠢᠶᠠᠯᠠᠩ ᠤᠨ ᠲᠤᠪᠴᠢᠶ᠎ᠠ  ᠤ ︽  ᠭᠤᠷᠪᠠᠨ ᠪᠦᠲᠦᠭᠡᠭᠳᠡᠭᠦᠨ ᠨᠢᠭᠡ ᠲᠡᠮᠳᠡᠭ︾  ᠢ ᠨᠤᠲᠠᠯᠠᠬᠤ ᠠᠵᠢᠯ ᠨᠢ ᠰᠢᠨ᠎ᠡ ᠰᠢᠪᠲᠤᠯᠤᠯᠲᠠ ᠲᠠᠢ ᠪᠤᠯᠪᠠ
ᠨᠡᠶᠢᠲᠡᠯᠡᠭᠰᠡᠨ ᠴᠠᠭ᠄
2018/1/4
  ᠬᠠᠷᠠᠴᠢᠨ ᠬᠤᠰᠢᠭᠤᠨ  ᠨᠢ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ  ᠶᠠᠰᠤ ᠴᠢᠨᠠᠷ  ᠶᠢᠨ ᠠᠮᠤᠷ ᠲᠦᠪᠰᠢᠨ ᠤ ᠰᠢᠶᠠᠨ  ᠢ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠪᠠᠨ ᠪᠠᠲᠤᠳᠬᠠᠵᠤ᠂  ᠪᠦᠬᠦ ᠬᠤᠰᠢᠭᠤᠨ ᠤ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ  ᠦᠭᠡᠷᠡᠴᠢᠯᠡᠯᠲᠡ ᠶᠢ  ᠰᠢᠯᠢᠳᠡᠭᠵᠢᠭᠦᠯᠬᠦ ᠶᠢᠨ ᠲᠦᠯᠦᠭᠡ᠂  ᠬᠠᠷᠠᠴᠢᠨ ᠬᠤᠰᠢᠭᠤ ᠨᠢ ︽ ᠭᠤᠷᠪᠠᠨ ᠪᠦᠲᠦᠭᠡᠭᠳᠡᠭᠦᠨ ᠨᠢᠭᠡ ᠲᠡᠮᠳᠡᠭ︾ ᠡᠭᠦᠳᠬᠦ ᠠᠵᠢᠯᠯᠠᠭᠠᠨ ᠢᠶᠠᠨ ᠤᠯᠠᠮ ᠴᠢᠩᠭᠠᠳᠬᠠᠪᠠ᠃  ᠪᠦᠷᠢᠳᠭᠡᠯ ᠢ ᠦᠨᠳᠦᠰᠦᠯᠡᠪᠡᠯ᠂  ᠬᠠᠷᠠᠴᠢᠨ ᠬᠤᠰᠢᠭᠤᠨ ᠳᠤ  ᠰᠢᠨ᠎ᠡ ᠪᠠᠷ ᠨᠤᠲᠠᠯᠠᠭᠳᠠᠭᠰᠠᠨ ︽ ᠭᠤᠷᠪᠠᠨ ᠪᠦᠲᠦᠭᠡᠭᠳᠡᠭᠦᠨ ᠨᠢᠭᠡ ᠲᠡᠮᠳᠡᠭ︾  ᠤᠨ  ᠪᠦᠲᠦᠭᠡᠭᠳᠡᠭᠦᠨ  19  ᠪᠠᠶᠢᠵᠤ᠂  ᠡᠭᠦᠨ ᠳᠤ ᠳᠦᠷᠪᠡᠨ ᠠᠵᠤ ᠠᠬᠤᠶᠢᠯᠠᠯ ᠤᠨ  ᠲᠦᠷᠪᠡᠨ ᠲᠦᠷᠦᠯ ᠤᠨ ᠪᠦᠳᠦᠭᠡᠭᠳᠡᠭᠦᠨ ᠨᠢ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠢᠶᠠᠷ ᠨᠤᠲᠠᠯᠠᠭᠳᠠᠵᠤ᠂  ᠲᠤᠯᠤᠭᠠᠨ ᠠᠵᠤ ᠠᠬᠤᠶᠢᠯᠠᠯ ᠤᠨ 12  ᠲᠦᠷᠦᠯ ᠤᠨ ᠪᠦᠳᠦᠭᠡᠭᠳᠡᠭᠦᠨ ᠨᠢ ᠪᠠᠶᠢᠭᠠᠯᠢᠯᠢᠭ ᠢᠳᠡᠭᠡᠨ ᠢᠶᠠᠷ  ᠨᠣᠲᠠᠯᠠᠭᠳᠠᠵᠠᠢ᠃  ᠬᠠᠷᠠᠴᠢᠨ ᠬᠤᠰᠢᠭᠤᠨ ᠤ  ᠲᠥᠪᠡᠳ ᠬᠠᠰᠢ᠂  ᠴᠢᠨᠵᠤᠤ᠂  ᠠᠯᠢᠮᠠᠨ ᠠᠯᠮᠤᠷᠠᠳ ᠵᠡᠷᠭᠡ ᠭᠤᠷᠪᠠᠨ ᠤᠷᠤᠨ  ᠨᠣᠲᠤᠭ ᠤᠨ ᠨᠡᠷᠡᠲᠦ  ᠳᠡᠮᠳᠡᠭᠲᠦ ᠪᠦᠳᠦᠭᠡᠭᠳᠡᠭᠦᠨ ᠨᠢ 11 ᠰᠠᠷ᠎ᠠ ᠶᠢᠨ 27 ᠳᠤ ᠪᠡᠭᠡᠵᠢᠩ ᠳᠤ ᠪᠤᠯᠤᠭᠰᠠᠨ ᠤᠷᠤᠨ  ᠨᠣᠲᠤᠭ ᠤᠨ ᠨᠡᠷᠡᠲᠦ ᠲᠡᠮᠳᠡᠭ ᠢ ᠬᠢᠨᠠᠨ ᠦᠨᠡᠯᠡᠬᠦ ᠬᠤᠷᠠᠯ ᠳᠡᠭᠡᠷ᠎ᠡ ᠢᠯᠭᠤᠮ ᠢᠶᠠᠷ ᠦᠨᠡᠯᠡᠭᠳᠡᠪᠡ᠃  ᠣᠳᠤ  ᠪᠣᠯᠬᠤ ᠳᠤ᠂  ᠬᠠᠷᠠᠴᠢᠨ ᠬᠤᠰᠢᠭᠤᠨ ᠤ ︽ ᠭᠤᠷᠪᠠᠨ ᠪᠦᠲᠦᠭᠡᠭᠳᠡᠭᠦᠨ ᠨᠢᠭᠡ ᠲᠡᠮᠳᠡᠭ︾  ᠢᠶᠠᠷ ᠨᠣᠲᠠᠯᠠᠭᠳᠠᠭᠰᠠᠨ ᠲᠠᠸᠠᠷ ᠨᠢ  ᠪᠦᠬᠦ ᠲᠠᠷᠢᠶᠠᠯᠠᠩ ᠤᠨ ᠪᠦᠳᠦᠭᠡᠭᠳᠡᠭᠦᠨ ᠤ 50%  ᠢ ᠡᠵᠡᠯᠡᠵᠦ ᠪᠠᠶᠢᠨ᠎ᠠ᠃  
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号