ᠮᠠᠨ ᠤ ᠬᠤᠰᠢᠭᠤ ᠬᠦᠳᠡᠭᠡ ᠲᠤᠰᠬᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠨᠦᠬᠦᠴᠡᠯ ᠢ ᠰᠠᠶᠢᠵᠢᠷᠠᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/1/4
                 2017 ᠤᠨ ᠳᠤ᠂ ᠮᠠᠨ ᠤ ᠬᠤᠰᠢᠭᠤ ᠪᠦᠬᠦ ᠲᠠᠯ᠎ᠠ ᠪᠠᠷ ᠬᠦᠳᠡᠭᠡ ᠲᠤᠰᠬᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠵᠤ᠂ ᠬᠦᠳᠡᠭᠡ ᠲᠤᠰᠬᠤᠨ ᠤ ᠲᠤᠮᠳᠠᠳᠤ ᠪᠠᠭ᠎ᠠ ᠰᠤᠷᠭᠠᠭᠤᠯᠢ ᠶᠢᠨ ︽ᠬᠠᠳᠠᠭᠤ ᠲᠤᠨᠤᠭ︾ ᠢ ᠦᠬᠡᠷᠡᠴᠢᠯᠡᠨ ᠰᠠᠶᠢᠵᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠠᠢ ᠬᠦᠭᠵᠢᠯᠳᠠ ᠶᠢ ᠤᠯᠠᠮ ᠨᠢᠬᠡ ᠠᠯᠬᠤᠮ ᠠᠬᠢᠭᠤᠯᠤᠨ ᠂ ᠬᠤᠳᠠ ᠬᠦᠳᠡᠭᠡ ᠶᠢᠨ ᠰᠤᠷᠭᠠᠨ ᠬᠦᠮᠦᠵᠢᠯ ᠤᠨ ᠵᠦᠷᠢᠶ᠎ᠠ ᠶᠢ ᠪᠠᠭᠠᠰᠬᠠᠭᠰᠠᠨ ᠪᠠᠶᠢᠨ᠎ᠠ᠃     ᠮᠠᠨ ᠤ ᠬᠤᠰᠢᠭᠤᠨ ᠤ ᠬᠦᠳᠡᠭᠡ ᠲᠤᠰᠬᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠢᠨᠵᠧᠨᠧᠷᠢᠩ ᠤᠨ ᠠᠭᠤᠯᠭ᠎ᠠ ᠳᠤ 21 ᠰᠠᠭᠤᠷᠢ ᠰᠤᠷᠭᠠᠭᠤᠯᠢ ᠶᠢᠨ ᠪᠡᠶ᠎ᠠ ᠲᠠᠮᠢᠷ  ᠤᠨ ᠲᠠᠯᠠᠪᠤᠷ ᠤᠨ ᠰᠦᠯᠢᠶᠤᠤ ᠨᠢᠭᠤᠷ ᠭᠠᠳᠠᠷᠭᠤ ᠪᠤᠯᠤᠨ ᠨᠠᠷᠢᠨ ᠲᠤᠮᠳᠠᠳᠤ ᠰᠤᠷᠭᠠᠭᠤᠯᠢ᠂ ᠰᠢ ᠴᠢᠶᠤᠤ ᠰᠤᠷᠭᠠᠭᠤᠯᠢ᠂ ᠱᠢ ᠵᠢᠶᠠ ᠪᠠᠭ᠎ᠠ ᠰᠤᠷᠭᠠᠭᠤᠯᠢ᠂ ᠵᠢᠨᠱᠠᠨ ᠲᠠᠪᠤᠳᠤᠭᠠᠷ ᠪᠠᠭ᠎ᠠ ᠰᠤᠷᠭᠠᠭᠤᠯᠢ ᠶᠢᠨ ᠴᠠᠬᠢᠯᠭᠠᠨ ᠲᠤᠬᠢᠷᠠᠭᠤᠯᠤᠭᠴᠢ ᠶᠢ ᠤᠭᠰᠠᠷᠠᠬᠤ ᠢᠨᠵᠧᠨᠧᠷᠢᠩ ᠢ ᠪᠠᠭᠳᠠᠭᠠᠨ᠎ᠠ᠃ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 3005.11 ᠲᠦᠮᠡᠨ ᠲᠦᠬᠦᠷᠢᠭ ᠨᠢ ︵ᠲᠡᠭᠡᠳᠦ ᠱᠠᠳᠤᠨ ᠤ ᠪᠡᠯᠡ ᠮᠦᠩᠬᠦ2015.11 ᠲᠦᠮᠡᠨ ᠲᠦᠬᠦᠷᠢᠭ︶ ᠪᠤᠯᠤᠨ᠎ᠠ᠃     ᠤᠳᠤᠬᠠᠨ ᠳᠤ᠂ ᠰᠤᠷᠭᠠᠭᠤᠯᠢ ᠶᠢᠨ ᠪᠠᠶᠢᠷᠢ ᠶᠢᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠨᠢᠬᠡᠨᠳᠠ ᠲᠠᠭᠤᠰᠴᠠᠢ︔ ᠠᠯᠢᠪᠠ ᠲᠦᠷᠦᠯ ᠵᠦᠢᠯ ᠤᠨ ᠰᠤᠷᠭᠠᠭᠤᠯᠢ ᠶᠢᠨ ᠲᠤᠨᠤᠭ ᠲᠦᠬᠦᠬᠡᠷᠦᠮᠵᠢ ᠶᠢ ᠪᠦᠬᠦᠨ ᠢ ᠤᠷᠤᠨ  ᠳᠤᠨᠢ ᠤᠭᠰᠠᠷᠠᠨ ᠲᠤᠬᠢᠷᠠᠭᠤᠯᠪᠠ︔9 ᠰᠠᠭᠤᠷᠢ ᠰᠤᠷᠭᠠᠭᠤᠯᠢ ᠶᠢᠨ ᠲᠠᠮᠢᠷ ᠤᠨ ᠲᠠᠯᠠᠪᠤᠷ ᠤᠨ ᠰᠦᠯᠢᠶᠤᠤ ᠨᠢᠭᠤᠷ ᠭᠠᠳᠠᠷᠭᠤ ᠶᠢᠨ ᠪᠠᠷᠢᠯᠭ᠎ᠠ ᠲᠠᠭᠤᠰᠴᠤ᠂ ᠦᠯᠡᠳᠡᠭᠰᠡᠨ12 ᠰᠠᠭᠤᠷᠢ ᠰᠤᠷᠭᠠᠭᠤᠯᠢ ᠶᠢᠨ ᠲᠠᠮᠢᠷ ᠤᠨ ᠲᠠᠯᠠᠪᠤᠷ ᠤᠨ ᠰᠦᠯᠢᠶᠤᠤ ᠨᠢᠭᠤᠷ ᠭᠠᠳᠠᠷᠭᠤ ᠶᠢᠨ ᠪᠠᠷᠢᠯᠭ᠎ᠠ ᠨᠢ ᠴᠠᠭ ᠠᠭᠤᠷ ᠤᠨ ᠪᠠᠶᠢᠳᠠᠯ ᠠᠴᠠ ᠪᠤᠯᠵᠤ ᠠᠵᠢᠯ ᠵᠤᠭᠰᠤᠪᠠ︔ 4 ᠰᠠᠭᠤᠷᠢ ᠰᠤᠷᠭᠠᠭᠤᠯᠢ ᠳᠤ ᠴᠠᠬᠢᠯᠭᠠᠨ ᠲᠤᠬᠢᠷᠠᠭᠤᠯᠤᠭᠴᠢ ᠶᠢ ᠤᠭᠰᠠᠷᠠᠬᠤ ᠢᠨᠵᠧᠨᠧᠷᠢᠩ ᠨᠢᠬᠡᠨᠳᠠ ᠲᠠᠭᠠᠭᠠᠴᠢᠯᠠᠯᠳᠠ ᠵᠠᠷᠯᠠᠪᠠ᠃ ᠱᠢ ᠵᠢᠶᠠ ᠪᠠᠭ᠎ᠠ ᠰᠤᠷᠭᠠᠭᠤᠯᠢ ᠶᠢᠨ ᠴᠠᠬᠢᠯᠭᠠᠨ ᠲᠤᠬᠢᠷᠠᠭᠤᠯᠤᠭᠴᠢ ᠤᠭᠰᠠᠷᠠᠬᠤ ᠶᠢ ᠨᠢᠬᠡᠨᠳᠠ ᠪᠡᠶᠡᠯᠡᠬᠦᠯᠵᠤ᠂ ᠭᠠᠵᠠᠷ ᠲᠤᠤᠷ᠎ᠠ ᠴᠠᠬᠢᠯᠭᠠᠨ ᠤᠳᠠᠰᠤ ᠶᠢ ᠪᠤᠯᠠᠵᠤ ᠲᠠᠷᠠᠭ᠎ᠠ ᠵᠢᠯ ᠠᠵᠢᠯ ᠡᠬᠢᠯᠡᠬᠦ ᠪᠠᠷ ᠪᠡᠯᠡᠳᠬᠡᠵᠤ ᠪᠤᠢ᠂ ᠪᠤᠰᠤᠳ3 ᠰᠠᠭᠤᠷᠢ ᠰᠤᠷᠭᠠᠭᠤᠯᠢ ᠨᠢ ᠶᠠᠭ ᠰᠠᠶ᠋ᠢᠬᠠᠨ ᠠᠵᠢᠯ ᠡᠬᠢᠯᠡᠬᠦ ᠬᠡᠷ᠎ᠠ ᠶᠢ ᠲᠤᠭᠳᠠᠬᠤ ᠪᠠᠷ ᠵᠤᠬᠢᠶᠠᠨ ᠪᠠᠶᠢᠭᠤᠯᠵᠤ ᠪᠠᠶᠢᠨ᠎ᠠ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号