ᠵᠢᠨᠱᠠᠨ ᠪᠠᠯᠭᠠᠰᠤ ᠨᠢ  ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠦᠷ᠎ᠡ ᠪᠦᠲᠦᠮᠵᠢ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2018/1/4
   12 ᠰᠠᠷ᠎ᠠ ᠶᠢᠨ 24 ᠤ ᠡᠳᠦᠷ᠂  ᠰᠤᠷᠪᠤᠯᠵᠢᠯᠠᠭᠴᠢ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠰᠢ ᠬᠤᠸᠠᠩ ᠲᠤᠰᠬᠤᠨ ᠳᠤ ᠬᠦᠷᠬᠦ ᠳᠤ᠂ 59 ᠶᠢᠰᠦᠨ ᠨᠠᠰᠤᠲᠠᠢ  ᠲᠠᠷᠢᠶᠠᠴᠢᠨ  ᠯᠢᠤ ᠰᠦ ᠹᠧᠨ ᠤ ᠪᠦᠬᠦ ᠭᠡᠷ ᠤᠨ  ᠬᠢᠨ ᠨᠢ  ᠳᠠᠭᠠᠭᠠᠴᠢᠯᠠᠨ ᠠᠪᠤᠭᠰᠠᠨ 5 ᠮᠣ᠋ ᠡᠪᠡᠰᠦᠨ ᠡᠮ ᠤᠨ ᠭᠠᠵᠠᠷ ᠲᠠᠭᠠᠨ  ᠶᠠᠭᠠᠷᠠᠯᠲᠠᠢ ᠠᠵᠢᠯᠯᠠᠵᠤ᠂  ᠶᠠᠳᠠᠭᠤ ᠠᠴᠠ ᠠᠩᠬᠢᠵᠢᠷᠠᠬᠤ ᠳᠤ ᠢᠲᠡᠭᠡᠯ ᠲᠡᠭᠦᠯᠳᠡᠷ ᠪᠠᠶᠢᠯ᠎ᠠ᠃     ᠤᠶᠢᠯᠠᠭᠠᠭᠰᠠᠨ ᠢᠶᠠᠷ᠂  ᠵᠢᠨᠱᠠᠨ ᠪᠠᠯᠭᠠᠰᠤ ᠨᠢ ᠪᠤᠳᠠᠳᠠᠢ ᠠᠴᠠ ᠪᠠᠨ ᠡᠭᠦᠰᠴᠦ᠂  ᠤᠯᠠᠨ ᠲᠦᠮᠡᠨ ᠤ  ᠬᠦᠰᠡᠯ ᠱᠠᠭᠠᠷᠳᠠᠯᠭ᠎ᠠ ᠶᠢ  ᠬᠦᠨᠳᠦᠳᠭᠡᠭᠰᠡᠨ ᠰᠠᠭᠤᠷᠢᠨ ᠳᠡᠭᠡᠷ᠎ᠡ᠂  ᠲᠦᠬᠦᠭᠡᠷᠡᠮᠵᠢᠲᠦ ᠲᠠᠷᠢᠶᠠᠯᠠᠩ ᠪᠠ ᠡᠪᠡᠰᠦᠨ ᠡᠮ ᠲᠠᠷᠢᠬᠤ ᠵᠡᠷᠭᠡ ᠤᠯᠠᠮᠵᠢᠯᠠᠯᠲᠦ ᠳᠠᠪᠠᠭᠤᠯᠢᠭ ᠠᠵᠤ ᠦᠢᠯᠡᠰ ᠢ  ᠭᠤᠣᠯᠴᠢᠯᠠᠨ ᠠᠳᠬᠤᠵᠦ᠂  ︽ ᠶᠠᠳᠠᠭᠤ ᠬᠦᠴᠢᠷᠳᠡᠯᠲᠡᠢ ᠡᠷᠦᠬᠡ +  ᠲᠤᠪᠶᠤᠭᠲᠤ ᠠᠵᠤ ᠦᠢᠯᠡᠰ︾ ᠬᠦᠭᠵᠢᠯᠲᠡ ᠶᠢᠨ ᠬᠡᠯᠪᠡᠷᠢ  ᠶᠢ  ᠶᠡᠬᠡᠪᠡᠷ ᠬᠦᠭᠵᠢᠭᠦᠯᠪᠡ᠃      2017ᠣᠨ ᠳᠤ᠂  ᠲᠤᠰ ᠲᠤᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠥ ᠶᠢᠨ  ᠪᠣᠳᠤᠯᠭ᠎ᠠ  ᠶᠢ  ᠬᠦᠷᠲᠡᠵᠦ ᠪᠣᠯᠬᠤ ᠡᠷᠦᠬᠡ ᠶᠢᠨ ᠬᠦᠮᠦᠨ ᠠᠮᠠ 1384 ᠪᠠᠶᠢᠵᠤ᠂ 968 ᠲᠦᠮᠡᠨ ᠲᠦᠭᠦᠷᠢᠭ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ  ᠬᠦᠭᠵᠢᠯᠲᠡ ᠶᠢᠨ ᠪᠡᠯᠡ ᠮᠦᠩᠭᠦ ᠶᠢ ᠬᠡᠷᠡᠭᠯᠡᠬᠦ ᠪᠤᠯᠤᠨ᠎ᠠ ᠃ ᠲᠤᠰ ᠵᠢᠯ ᠳᠤ ᠪᠤᠳᠠᠳᠠᠢ ᠨᠠᠶᠢᠳᠠᠪᠤᠷᠢᠵᠢᠭᠤᠯᠤᠭᠰᠠᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ  ᠡᠷᠦᠬᠡ ᠶᠢᠨ ᠬᠦᠮᠦᠨ ᠠᠮᠠ 995 ᠬᠦᠮᠦᠨ ᠪᠠᠶᠢᠵᠤ᠂ 71.9% ᠶᠢ  ᠡᠵᠡᠯᠡᠨ᠂  ᠠᠵᠤ ᠦᠢᠯᠡᠰ ᠢᠶᠠᠷ ᠶᠠᠳᠠᠭᠤ ᠶᠢ ᠲᠡᠳᠬᠦᠬᠦ  ᠡᠷᠬᠢᠯᠲᠡ ᠶᠢᠨ ᠮᠦᠩᠭᠦ 478 ᠲᠦᠮᠡᠨ ᠲᠦᠭᠦᠷᠢᠭ ᠲᠠᠷᠬᠠᠭᠠᠵᠤ᠂ 49.3% ᠶᠢ ᠡᠵᠡᠯᠡᠬᠦ ᠪᠤᠯᠤᠨ᠎ᠠ᠃  ᠡᠭᠦᠨ ᠳᠤ ᠂  ᠲᠠᠷᠢᠮᠠᠯ ᠤᠨ ᠠᠵᠤ ᠦᠢᠯᠡᠰ ᠤᠨ ᠲᠠᠯ᠎ᠠ ᠪᠠᠷ 167 ᠮᠣ᠋ ᠲᠦᠬᠦᠭᠡᠷᠡᠮᠵᠢᠲᠦ ᠬᠦᠢᠲᠡᠨ ᠰᠠᠷᠠᠪᠴᠢ ᠰᠢᠨ᠎ᠡ ᠪᠠᠷ ᠪᠠᠷᠢᠵᠦ᠂ 1712 ᠮᠣ᠋  ᠡᠪᠡᠰᠦᠨ ᠡᠮ ᠤᠨ ᠮᠠᠲ᠋ᠧᠷᠢᠶᠠᠯ ᠲᠠᠷᠢᠬᠤ ᠭᠠᠵᠠᠷ ᠰᠢᠨ᠎ᠡ ᠪᠠᠷ ᠭᠠᠷᠭᠠᠵᠤ᠂ 292 ᠶᠠᠳᠠᠭᠤ ᠬᠦᠴᠢᠷᠳᠡᠯᠲᠡᠢ ᠡᠷᠦᠬᠡ ᠶᠢᠨ 813 ᠬᠦᠮᠦᠨ ᠠᠮᠠ  ᠲᠤᠰᠠ ᠬᠦᠷᠲᠡᠭᠰᠡᠨ ᠪᠠᠶᠢᠨ᠎ᠠ  ᠃ ᠲᠡᠵᠢᠭᠡᠪᠦᠷᠢ ᠶᠢᠨ ᠠᠵᠤ ᠦᠢᠯᠡᠰ ᠤᠨ ᠲᠠᠯ᠎ᠠ ᠪᠠᠷ 221 ᠲᠤᠯᠤᠭᠠᠢ ᠲᠡᠵᠢᠭᠡᠪᠦᠷᠢ ᠶᠢᠨ ᠮᠠᠯ ᠰᠢᠨ᠎ᠡ ᠪᠠᠷ ᠨᠡᠮᠡᠭᠳᠡᠵᠦ᠂ 27 ᠶᠠᠳᠠᠭᠤ ᠬᠦᠴᠢᠷᠳᠡᠯᠲᠡᠢ ᠡᠷᠦᠬᠡ ᠶᠢᠨ 75 ᠬᠦᠮᠦᠨ ᠠᠮᠠ ᠲᠤᠰᠠ ᠬᠦᠷᠲᠡᠭᠰᠡᠨ ᠪᠠᠶᠢᠨ᠎ᠠ᠃  ᠭᠡᠷ ᠪᠦᠯᠢ ᠶᠢᠨ ᠭᠦᠷᠢᠶ᠎ᠡ ᠬᠠᠰᠢᠶ᠎ᠠ ᠲᠠᠬᠢ ᠲᠠᠷᠬᠠᠭᠰᠠᠨ ᠬᠡᠯᠪᠡᠷᠢ ᠶᠢᠨ  ᠨᠠᠷᠠᠨ ᠤ ᠭᠡᠷᠡᠯ ᠢᠶᠠᠷ ᠴᠠᠬᠢᠯᠭᠠᠨ ᠭᠠᠷᠭᠠᠬᠤ ᠠᠵᠤ ᠦᠢᠯᠡᠰ ᠤᠨ 60 ᠡᠷᠦᠬᠡ  223 ᠬᠦᠮᠦᠨ ᠠᠮᠠ   ᠪᠣᠯᠵᠤ  ᠬᠥᠭᠵᠢᠪᠡ᠃  ᠭᠡᠷ ᠪᠦᠯᠢ ᠶᠢᠨ ᠭᠠᠷ ᠦᠢᠯᠡᠳᠪᠦᠷᠢ ᠶᠢᠨ ᠲᠠᠰᠤᠭ 1 ᠰᠢᠨ᠎ᠡ ᠪᠠᠷ ᠨᠡᠮᠡᠭᠳᠡᠪᠡ᠃ 109  ᠡᠷᠦᠬᠡ ᠶᠢᠨ 326 ᠬᠦᠮᠦᠨ ᠠᠮᠠ 96.5 ᠲᠦᠮᠡᠨ ᠲᠦᠭᠦᠷᠢᠭ ᠦᠯᠡᠳᠡᠭᠡᠵᠦ᠂ 2018 ᠣᠨ ᠤ ᠠᠵᠤ ᠦᠢᠯᠡᠰ ᠤᠨ ᠬᠦᠭᠵᠢᠯᠲᠡ ᠶᠢᠨ ᠡᠷᠬᠢᠯᠲᠡ ᠶᠢᠨ ᠮᠦᠩᠭᠦ ᠪᠤᠯᠭᠠᠵᠠᠢ᠃ ᠬᠦᠷᠦᠩᠭᠡ ᠠᠴᠠ ᠰᠢᠭᠤᠳ ᠠᠰᠢᠭ ᠬᠦᠷᠲᠡᠭᠰᠡᠨ 298 ᠡᠷᠦᠭᠡ ᠶᠢᠨ 389 ᠬᠦᠮᠦᠨ ᠠᠮᠠ ᠪᠠᠶᠢᠵᠤ᠂ 391 ᠲᠦᠮᠡᠨ ᠬᠦᠷᠦᠩᠭᠡ ᠶᠢᠨ ᠬᠤᠪᠢᠴᠠᠭ᠎ᠠ ᠤᠷᠤᠭᠤᠯᠤᠯᠲᠠ ᠶᠢ ᠪᠡᠶᠡᠯᠡᠭᠦᠯᠵᠦ᠂  ᠡᠨᠡ ᠵᠢᠯ39.1 ᠲᠦᠮᠡᠨ ᠲᠦᠭᠦᠷᠢᠭ ᠤᠨ ᠠᠰᠢᠭ ᠬᠤᠪᠢᠶᠠᠵᠤ ᠣᠯᠬᠤ ᠪᠤᠯᠤᠨ᠎ᠠ᠃     ᠡᠭᠦᠨ ᠠᠴᠠ ᠭᠠᠳᠠᠨ᠎ᠠ᠂  ᠲᠤᠰ ᠪᠠᠯᠭᠠᠰᠤ ᠨᠢ ᠶᠠᠳᠠᠭᠤ ᠬᠦᠴᠢᠷᠳᠡᠯᠲᠡᠢ ᠡᠷᠦᠬᠡ ᠠᠴᠠ  ᠰᠠᠷ᠎ᠠ ᠪᠦᠷᠢ ᠶᠢᠨ ᠴᠠᠯᠢᠩ ᠨᠢ 720 ᠲᠦᠭᠦᠷᠢᠭ ᠢᠶᠠᠷ  ᠲᠤᠰᠬᠤᠨ ᠪᠦᠷᠢ 5 ᠨᠡᠷ᠎ᠡ ᠤᠷᠴᠢᠨ ᠲᠤᠭᠤᠷᠢᠨ ᠤ ᠴᠡᠪᠡᠷᠯᠡᠭᠴᠢ᠂ 1 ᠨᠡᠷ᠎ᠡ ᠬᠦᠳᠡᠯᠮᠦᠷᠢ ᠶᠢᠨ ᠪᠠᠳᠤᠯᠠᠭ᠎ᠠ ᠶᠢᠨ ᠬᠠᠪᠰᠤᠷᠤᠭᠴᠢ ᠶᠢ ᠤᠷᠢᠨ ᠬᠡᠷᠡᠭᠯᠡᠵᠦ  ᠂  ᠨᠡᠶᠢᠲᠡ 78  ᠨᠡᠷ᠎ᠡ ᠶᠠᠳᠠᠭᠤ  ᠬᠦᠴᠢᠷᠳᠡᠯᠲᠡᠢ ᠡᠷᠦᠬᠡ ᠶᠢᠨ ᠬᠦᠮᠦᠨ ᠠᠮᠠ ᠳᠤ ᠠᠵᠢᠯ ᠤᠯᠭᠤᠭᠰᠠᠨ ᠪᠠᠶᠢᠨ᠎ᠠ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号