ᠮᠠᠨ ᠤ ᠬᠤᠰᠢᠭᠤ ᠵᠤᠭᠠᠴᠠᠯ ᠤᠨ ︽ᠵᠤᠷᠯᠤᠩ ᠤᠨ ᠬᠤᠪᠢᠰᠬᠠᠯ︾ ᠢ ᠲᠤᠭᠳᠠᠭᠤᠨ ᠠᠬᠢᠭᠤᠯᠵᠤ ᠭᠤᠷᠪᠠᠨ ᠵᠢᠯ ᠳᠤ 41 ᠰᠠᠭᠤᠷᠢ ᠵᠤᠭᠠᠴᠠᠯ ᠤᠨ ᠵᠤᠷᠯᠤᠩ ᠢ ᠰᠢᠨ᠎ᠡ ᠪᠠᠷ ᠵᠠᠰᠠᠨ ᠪᠠᠶᠢᠭᠤᠯᠵᠠᠢ
ᠨᠡᠶᠢᠲᠡᠯᠡᠭᠰᠡᠨ ᠴᠠᠭ᠄
2018/1/5
   ᠮᠠᠨ ᠤ ᠬᠤᠰᠢᠭᠤ ᠨᠢ ᠵᠤᠭᠠᠴᠠᠯ ᠤᠨ ︽ᠵᠤᠷᠯᠦᠩ ᠤᠨ ᠬᠤᠪᠢᠰᠬᠠᠯ︾ ᠤᠨ ᠲᠠᠶᠢᠯᠠᠯᠳᠤᠭᠠᠨ ᠤ ᠤᠷᠢᠶ᠎ᠠ ᠶᠢ ᠢᠳᠡᠪᠬᠢᠳᠠᠢ ᠴᠤᠤᠷᠢᠶᠠᠳᠤᠨ᠂ ︽ᠵᠤᠭᠠᠴᠠᠯ ᠤᠨ ᠵᠤᠷᠯᠤᠩ ᠤᠨ ᠴᠢᠨᠠᠷ ᠴᠢᠨᠰᠠᠭ᠎ᠠ ᠶᠢᠨ ᠲᠡᠰ ᠠᠩᠬᠢᠯᠠᠯ ᠢ ᠬᠤᠪᠢᠶᠠᠬᠤ ᠪᠤᠯᠤᠨ ᠰᠢᠯᠭᠠᠨ ᠲᠤᠭᠳᠠᠭᠠᠬᠤ︾ ᠲᠠᠢ ᠴᠢᠩᠭ᠎ᠠ ᠬᠠᠷᠭᠤᠭᠤᠯᠵᠤ᠂ ︽ᠬᠦᠮᠦᠨ ᠢᠶᠠᠷ ᠦᠨᠳᠦᠰᠦ ᠪᠤᠯᠭᠠᠨ᠂ ᠦᠢᠯᠡᠴᠢᠯᠡᠭᠡ ᠶᠢ ᠲᠡᠷᠢᠬᠦᠨ ᠳᠤ ᠲᠠᠯᠪᠢᠬᠤ︾ ᠦᠢᠯᠠᠭᠠᠭᠳᠠᠬᠤᠨ ᠢ ᠪᠠᠷᠢᠮᠳᠠᠯᠠᠨ᠂ ᠵᠤᠭᠠᠴᠠᠯ ᠤᠨ ᠵᠤᠷᠯᠤᠩ ᠤᠨ ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠲᠦᠷᠦᠯ ᠵᠦᠢᠯ ᠪᠤᠯᠭᠠᠨ  ᠴᠢᠩᠭ᠎ᠠ ᠠᠬᠢᠭᠤᠯᠪᠠ᠃ ᠭᠤᠷᠪᠠᠨ ᠵᠢᠯ ᠤᠨ ᠲᠤᠷᠰᠢ᠂ ᠰᠢᠨ᠎ᠡ ᠪᠠᠷ ᠵᠠᠰᠠᠨ ᠪᠠᠶᠢᠭᠤᠯᠤᠭᠰᠠᠨ ᠵᠤᠭᠠᠴᠠᠯ ᠤᠨ ᠵᠤᠷᠯᠤᠩ41 ᠰᠠᠭᠤᠷᠢ ᠪᠠᠶᠢᠨ᠎ᠠ᠃    ᠵᠤᠭᠠᠴᠠᠯ ᠤᠨ ᠵᠤᠷᠯᠤᠩ ᠤᠨ ᠪᠦᠳᠦᠬᠡᠨ ᠪᠠᠶᠢᠭᠤᠯᠤᠯᠳᠠ ᠨᠢ ︽ᠵᠤᠷᠯᠤᠩ ᠤᠨ ᠲᠤᠭ᠎ᠠ ᠬᠦᠢᠴᠡᠳ᠂ ᠴᠡᠪᠡᠷ  ᠂ ᠦᠨᠦᠷ ᠦᠬᠡᠢ᠂ ᠦᠨ᠎ᠡ ᠲᠦᠯᠦᠪᠦᠷᠢ ᠦᠬᠡᠢ ᠬᠡᠷᠡᠭᠯᠡᠬᠦ᠂ ᠬᠠᠮᠢᠶᠠᠷᠤᠯᠳᠠ ᠪᠦᠳᠦᠮᠵᠢᠳᠠᠢ︾ ᠬᠠᠷᠠᠯᠳᠠ ᠴᠢᠭᠯᠡᠯᠳᠠ ᠶᠢ ᠦᠨᠳᠦᠰᠦᠯᠡᠨ᠂ 2015 ᠤᠨ ᠠᠴᠠ  ᠨᠠᠭᠠᠰᠢ ᠮᠠᠨ ᠤ ᠬᠤᠰᠢᠭᠤ ᠨᠢ 622 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠰᠢᠨ᠎ᠡ ᠪᠠᠷ ᠪᠤᠶᠤ ᠵᠠᠰᠠᠨ ᠰᠢᠨᠡᠳᠬᠡᠭᠰᠡᠨ ᠵᠤᠷᠯᠤᠩ ᠨᠡᠶᠢᠳᠠ 41 ᠰᠠᠭᠤᠷᠢ ᠪᠠᠶᠢᠭᠤᠯᠵᠤ᠂ ᠡᠬᠦᠨ  ᠳᠤAAA ᠲᠡᠰ ᠤᠨ ᠵᠤᠭᠠᠴᠠᠯ ᠤᠨ ᠵᠤᠷᠯᠤᠩ10᠂ AA ᠲᠡᠰ ᠤᠨ ᠵᠤᠭᠠᠴᠠᠯ ᠤᠨ ᠵᠤᠷᠯᠤᠩ19᠂A ᠲᠡᠰ ᠤᠨ ᠵᠤᠭᠠᠴᠠᠯ ᠤᠨ ᠵᠤᠷᠯᠤᠩ 12 ᠪᠠᠶᠢᠨ᠎ᠠ᠃ ᠤᠳᠤ ᠪᠤᠯᠳᠠᠯ᠎ᠠ᠂ ᠮᠠᠨ ᠤ ᠬᠤᠰᠢᠭᠤ ᠵᠤᠭᠠᠴᠠᠯ ᠤᠨ ᠵᠤᠷᠯᠤᠩ ᠨᠡᠶᠢᠳᠠ74 ᠰᠭᠠᠤᠷᠢ᠂ ᠶᠡᠷᠦᠩᠬᠡᠢ ᠡᠵᠡᠯᠡᠬᠦ ᠲᠠᠯᠠᠪᠠᠢ 3891 ᠲᠡᠭᠰᠢ ᠲᠦᠷᠪᠡᠯᠵᠢᠨ ᠮᠧᠲᠷ ᠪᠠᠶᠢᠵᠤ᠂A ᠦᠵᠡᠮᠵᠢ  ᠶᠢᠨ ᠤᠷᠤᠨ᠂ ᠬᠤᠪᠢ ᠶᠢᠨ ᠲᠡᠷᠬᠡ ᠢᠶᠠᠷ ᠲᠤᠭᠤᠷᠢᠨ ᠪᠠᠭᠤᠳᠠᠯᠯᠠᠬᠤ ᠭᠠᠵᠠᠷ᠂ ᠬᠦᠳᠡᠭᠡ ᠲᠤᠰᠬᠤᠨ ᠤ ᠵᠤᠭᠠᠴᠠᠯ  ᠤᠨ ᠴᠢᠭ᠂ ᠵᠤᠭᠠᠴᠠᠯ ᠤᠨ ᠲᠦᠪᠯᠡᠷᠡᠬᠦᠯᠵᠤ ᠲᠠᠷᠬᠠᠭᠠᠬᠤ ᠭᠠᠵᠠᠷ᠂ ᠤᠢ ᠰᠢᠭᠤᠢ ᠶᠢᠨ ᠴᠡᠴᠡᠷᠯᠢᠭ ᠪᠤᠯᠤᠨ ᠵᠤᠭᠠᠴᠠᠯ  ᠤᠨ ᠵᠠᠮ ᠬᠠᠷᠢᠯᠴᠠᠭ᠎ᠠ ᠶᠢ ᠲᠠᠭᠠᠭᠰᠠᠨ ᠱᠤᠭᠤᠮ ᠵᠡᠷᠬᠡ ᠶᠢ ᠪᠠᠭᠳᠠᠭᠠᠭᠰᠠᠨ ᠭᠠᠵᠠᠷ ᠲᠤ ᠲᠤᠭᠤᠷᠢᠨ ᠵᠤᠭᠠᠴᠠᠭᠰᠠᠳ  ᠤᠨ ᠵᠤᠷᠯᠤᠩ ᠡᠷᠢᠬᠦ ᠳᠤ ᠬᠦᠴᠢᠷ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠭᠰᠡᠨ ᠪᠠᠶᠢᠨ᠎ᠠ᠃    ᠰᠢᠨ᠎ᠡ ᠭᠤᠷᠪᠠᠨ ᠵᠢᠯ ᠤᠨ ᠵᠤᠭᠠᠴᠠᠯ ᠤᠨ ︽ᠵᠤᠷᠯᠤᠩ ᠤᠨ ᠬᠤᠪᠢᠰᠬᠠᠯ︾ ᠤᠨ ᠪᠦᠳᠦᠬᠡᠨ ᠪᠠᠶᠢᠭᠤᠯᠤᠯᠳᠠ ᠲᠤᠮᠳᠠ᠂ ᠮᠠᠨ ᠤ ᠬᠤᠰᠢᠭᠤ ᠨᠢ ᠵᠤᠭᠠᠴᠠᠯ ᠤᠨ ᠵᠤᠷᠯᠤᠩ ᠤᠨ ᠪᠦᠳᠦᠬᠡᠨ ᠪᠠᠶᠢᠭᠤᠯᠤᠯᠳᠠ ᠶᠢᠨ ᠵᠠᠭᠪᠤᠷ ᠢ ᠤᠯᠠᠮ ᠨᠢᠬᠡ ᠠᠯᠬᠤᠮ ᠬᠤᠪᠢᠷᠠᠭᠤᠯᠤᠨ᠂ ᠴᠢᠬᠤᠯᠠ ᠵᠤᠭᠠᠴᠠᠯ ᠤᠨ ᠤᠷᠤᠨ᠂ ᠦᠵᠡᠮᠵᠢ ᠶᠢᠨ ᠤᠷᠤᠨ᠂ ᠬᠤᠪᠢ ᠶᠢᠨ ᠲᠡᠷᠬᠡ ᠪᠠᠷ ᠵᠤᠭᠠᠴᠠᠨ ᠲᠤᠭᠤᠷᠢᠬᠤ ᠭᠠᠵᠠᠷ᠂ ᠬᠦᠳᠡᠭᠡ ᠲᠤᠰᠬᠤᠨ ᠤ ᠵᠤᠭᠠᠴᠠᠯ ᠤᠨ ᠴ᠊ ᠴᠢᠭ ᠤᠨ ᠵᠤᠭᠠᠴᠠᠯ ᠤᠨ ᠵᠤᠷᠯᠤᠩ ᠤᠨ ᠲᠠᠷᠬᠠᠭᠠᠵᠤ ᠪᠠᠶᠢᠬᠤ ᠪᠠ ᠲᠤᠭ᠎ᠠ ᠶᠢ ᠪᠠᠶᠢᠴᠠᠭᠠᠨ ᠲᠤᠳᠤᠷᠬᠠᠶᠢᠯᠠᠵᠤ᠂ ᠪᠠᠶᠢᠭᠤᠯᠬᠤ ᠤᠷᠤᠨ ᠬᠡᠪᠴᠢᠶ᠎ᠠ ᠂ ᠲᠤᠭ᠎ᠠ ᠬᠡᠮᠵᠢᠶ᠎ᠠ᠂ ᠡᠷᠡᠭᠳᠠᠢ ᠡᠮᠡᠭᠳᠠᠢ ᠶᠢᠨ ᠵᠤᠷᠯᠤᠩ ᠤᠨ ᠬᠠᠷᠢᠴᠠᠯ᠂ ᠵᠡᠮᠳᠡᠭ ᠬᠦᠮᠦᠨ ᠤ ᠲᠤᠰᠬᠠᠢ ᠬᠡᠷᠡᠭᠯᠡᠬᠦ ᠵᠤᠷᠯᠤᠩ᠂ ᠬᠡᠷ ᠪᠦᠯᠢ ᠶᠢᠨ ᠵᠤᠷᠯᠤᠩ ᠵᠡᠷᠬᠡ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠠᠢ᠃ ᠡᠬᠦᠨ ᠤ ᠬᠠᠮᠳᠤ ᠪᠤᠯᠪᠠᠰᠤᠨ ᠪᠠ ᠤᠷᠴᠢᠨ ᠲᠤᠭᠤᠷᠢᠨ ᠢ ᠬᠠᠮᠠᠭᠠᠯᠠᠬᠤ ᠶᠢ ᠴᠢᠬᠤᠯᠠᠴᠢᠯᠠᠨ᠂ ᠬᠠᠮᠢᠶᠠᠷᠤᠯᠳᠠ ᠪᠤᠯᠤᠨ ᠡᠵᠡᠩᠨᠡᠯᠳᠠ ᠶᠢᠨ ᠲᠤᠭᠳᠠᠯᠴᠠᠭ᠎ᠠ ᠶᠢᠨ ᠰᠢᠨ᠎ᠡ ᠶᠢ ᠡᠬᠦᠳᠴᠦ᠂ ᠠᠮᠢ ᠠᠬᠤᠢ᠂ ᠲᠤᠤᠷ᠎ᠠ ᠨᠡᠬᠦᠷᠡᠰᠦᠳᠦ᠋ᠷᠦ᠋ᠭᠴᠢᠳᠦ ᠪᠠ ᠤᠷᠴᠢᠨ ᠲᠤᠭᠤᠷᠢᠨ ᠢ ᠬᠠᠮᠠᠭᠠᠯᠠᠬᠤ ᠵᠤᠷᠯᠤᠩ ᠢ ᠪᠠᠶᠢᠭᠤᠯᠤᠨ᠂ ︽ᠠᠷᠠᠯᠵᠢᠶ᠎ᠠ ᠪᠠᠷ ᠵᠤᠷᠯᠤᠩ ᠢ ᠬᠠᠮᠢᠶᠠᠷᠤᠨ᠂ ᠠᠷᠠᠯᠵᠢᠶ᠎ᠠ  ᠪᠠᠷ ᠵᠤᠷᠯᠤᠩ ᠢ ᠡᠵᠡᠩᠨᠡᠬᠦ︾ ᠰᠢᠨ᠎ᠡ ᠵᠠᠭᠪᠤᠷ ᠢ ᠪᠦᠬᠦ ᠲᠠᠯ᠎ᠠ ᠪᠠᠷ ᠲᠡᠯᠬᠡᠷᠡᠬᠦᠯᠦᠨ᠂ ᠵᠤᠷᠯᠤᠩ ᠤᠨ ᠡᠵᠡᠩᠨᠡᠯᠳᠠ ᠪᠤᠯᠤᠨ ᠬᠠᠮᠢᠶᠠᠷᠤᠯᠳᠠ ᠶᠢᠨ ᠦᠷᠬᠦᠯᠵᠢᠯᠠᠳᠠ ᠶᠢᠨ ᠬᠦᠭᠵᠢᠯᠳᠠ ᠶᠢ ᠪᠠᠳᠤᠯᠠᠵᠤ᠂ ᠬᠠᠮᠤᠭ ᠡᠴᠦᠰ ᠵᠤᠭᠠᠴᠠᠯ ᠤᠨ ᠭᠠᠵᠠᠷ ᠤᠷᠤᠨ ᠤ ᠵᠤᠷᠯᠤᠩ ᠢ ᠪᠦᠬᠦᠨ ᠢA ᠲᠡᠰ ᠤᠨ ᠵᠤᠭᠠᠴᠠᠯ ᠤᠨ ᠵᠤᠷᠯᠤᠩ ᠤᠨ ᠪᠠᠷᠢᠮᠵᠢᠶ᠎ᠠ ᠳᠤ ᠬᠦᠷᠬᠡᠵᠤ᠂ ᠵᠤᠭᠠᠴᠠᠭᠰᠠᠳ ᠤᠨ ᠬᠠᠨᠤᠮᠵᠢ ᠶᠢᠨ ᠬᠡᠮᠵᠢᠶ᠎ᠠ ᠶᠢ ᠦᠷᠬᠦᠯᠵᠢᠯᠡᠬᠦᠯᠦᠨ ᠲᠡᠭᠡᠭᠰᠢᠯᠡᠬᠦᠯᠦᠨ᠎ᠡ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号