ᠬᠠᠷᠠᠴᠢᠨ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠢᠯᠡᠳᠦᠯᠬᠡᠵᠢᠬᠦᠯᠬᠦ ᠶᠢ ᠦᠢᠯᠡᠴᠢᠯᠡᠬᠡᠨ ᠤ ᠡᠮᠦᠨ᠎ᠡ ᠹᠷᠣᠨᠲ ᠲᠤ ᠠᠭᠤᠰᠤᠯᠴᠠᠭᠤᠯᠵᠤ ᠪᠤᠢ
ᠨᠡᠶᠢᠲᠡᠯᠡᠭᠰᠡᠨ ᠴᠠᠭ᠄
2018/1/5
                      ︽ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠢᠯᠡᠳᠦᠯᠬᠡᠵᠢᠬᠦᠯᠬᠦ ᠳᠤ ᠵᠦᠪᠬᠡᠨ ᠰᠤᠷᠤᠯᠴᠠᠯᠭ᠎ᠠ ᠳᠤ ᠲᠦᠰᠢᠭᠯᠡᠬᠡᠳ ᠪᠤᠯᠬᠤ ᠦᠬᠡᠢ᠂ ᠨᠡᠩ ᠴᠢᠬᠤᠯᠠ ᠨᠢ ᠠᠷᠠᠳ ᠤᠯᠠᠨ ᠳᠤ ᠦᠢᠯᠡᠴᠢᠯᠡᠬᠦ ᠡᠳᠦᠷ ᠲᠤᠳᠤᠮ ᠤᠨ ᠠᠵᠢᠯ ᠲᠤᠮᠳᠠ ᠠᠭᠤᠰᠤᠯᠴᠠᠭᠤᠯᠤᠨ᠂ ᠴᠠᠬᠢᠯᠭᠠᠨ ᠬᠦᠴᠦᠨ ᠤ ᠠᠵᠢᠯ ᠢᠶᠠᠨ ᠰᠠᠶᠢᠳᠤᠷ ᠬᠢᠪᠡᠯ  ᠰᠠᠶ᠋ᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠡᠩᠬᠦ ᠪᠤᠳᠠᠳᠠᠶᠢᠵᠢᠭᠤᠯᠵᠤ ᠴᠢᠳᠠᠨ᠎ᠠ︾ ᠭᠡᠵᠤ ᠬᠠᠷᠠᠴᠢᠨ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ ᠶᠢᠨ ᠨᠢᠬᠡ ᠬᠠᠷᠢᠭᠤᠴᠠᠯᠭᠠᠳᠠᠨ ᠨᠦᠬᠦᠷ ᠡᠮᠦᠨᠡᠬᠡᠨ ᠰᠤᠷᠪᠤᠯᠵᠢᠯᠠᠭᠴᠢ ᠳᠤ ᠶᠠᠷᠢᠵᠤ ᠪᠠᠶᠢᠯ᠎ᠠ᠃      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠪᠤᠳᠠᠳᠠᠢ ᠳᠤ ᠨᠠᠶᠢᠳᠠᠪᠤᠷᠢᠵᠢᠭᠤᠯᠤᠨ᠂ ᠰᠢᠶᠤᠤ ᠨᠢᠦ ᠪᠠᠯᠭᠠᠰᠤ ᠶᠢᠨ ᠰᠢᠩ ᠾᠧ ᠬᠡᠷ ᠬᠦᠷᠢᠶᠡᠯᠡᠩ ᠤᠨ ᠶᠠᠳᠠᠭᠤ ᠶᠢ ᠲᠡᠳᠬᠦᠵᠤ ᠨᠡᠬᠦᠯᠬᠡᠨ ᠰᠢᠯᠵᠢᠬᠦᠯᠦᠭᠰᠡᠨ ᠡᠷᠦᠬᠡ ᠨᠢ ᠡᠷᠳᠠ ᠡᠳᠦᠷ ᠰᠢᠨ᠎ᠠ ᠬᠡᠷ ᠳᠡᠭᠡᠨ ᠤᠷᠤᠵᠤ᠂ ᠠᠮᠤᠷ ᠲᠦᠪᠰᠢᠨ ᠴᠠᠬᠢᠯᠭᠠᠨ ᠬᠡᠷᠡᠭᠯᠡᠬᠦᠯᠬᠦ ᠶᠢᠨ ᠲᠦᠯᠦᠬᠡ᠂ ᠤᠷᠴᠢᠮ ᠤᠨ ᠡᠳᠦᠷ᠂ ᠲᠤᠰ ᠺᠤᠮᠫᠠᠨᠢ ᠶᠢᠨ ᠵᠢᠨᠱᠠᠨ ᠴᠠᠬᠢᠯᠭᠠᠨ ᠬᠠᠩᠭᠠᠬᠤ ᠭᠠᠵᠠᠷ ᠤᠨ ᠨᠠᠮ ᠤᠨ ᠬᠡᠰᠢᠬᠦᠨ ᠤ ᠦᠢᠯᠡᠴᠢᠯᠡᠬᠡᠨ ᠤ ᠡᠩᠨᠡᠭᠡ ᠨᠢ ᠡᠪᠦᠯ ᠤᠨ ᠬᠦᠢᠳᠡᠨ ᠢ ᠬᠠᠶᠢᠬᠤᠷᠤᠯ ᠦᠬᠡᠢ᠂ ᠡᠷᠳᠡᠯᠡᠨ ᠤᠷᠤᠶᠢᠯᠠᠵᠤ ᠴᠠᠬᠢᠯᠭᠠᠨ ᠬᠦᠴᠦᠨ ᠤ ᠠᠵᠢᠯ ᠤᠨ ᠶᠠᠪᠤᠭᠳᠠᠬᠤ ᠠᠬᠢᠴᠠ ᠶᠢ ᠲᠦᠷᠬᠡᠳᠬᠡᠨ᠂ ᠲᠡᠭᠷᠢ ᠨᠡᠩ ᠶᠡᠭᠡ ᠬᠦᠢᠳᠡᠷᠡᠬᠦ ᠠᠴᠠ ᠡᠮᠦᠨ᠎ᠡ ᠬᠠᠯᠠᠭᠤᠨ ᠲᠤᠯᠠᠭᠠᠨ ᠡᠨᠧᠷᠬᠢ ᠶᠢ ᠡᠷᠦᠬᠡ ᠪᠤᠯᠭᠠᠨ ᠳᠤ ᠨᠡᠪᠳᠡᠷᠡᠬᠦᠯᠵᠤ ᠪᠠᠶᠢᠨ᠎ᠠ᠃ ᠦᠢᠯᠠᠭᠠᠭᠰᠠᠨ ᠢᠶᠠᠷ᠂ ᠡᠨᠡᠬᠦ ᠢᠨᠵᠧᠨᠧᠷᠢᠩ ᠳᠤ ᠲᠤᠰ ᠺᠤᠮᠫᠠᠨᠢ ᠨᠡᠶᠢᠳᠠ31 ᠴᠠᠬᠢᠯᠭᠠᠨ ᠪᠠᠭᠠᠨ᠎ᠠ ᠪᠤᠰᠬᠠᠨ᠂ ᠬᠦᠴᠦᠳᠡᠯ ᠦᠬᠡᠷᠡᠴᠢᠯᠡᠭᠴᠢ ᠶᠢ 2 ᠰᠠᠤᠷᠢ ᠤᠭᠰᠠᠷᠠᠵᠤ᠂10 ᠺᠢᠯᠤᠸᠤᠯᠲ ᠤᠨ ᠴᠠᠬᠢᠯᠭᠠᠨ ᠲᠤᠬᠢᠷᠠᠭᠤᠯᠤᠭᠴᠢ ᠤᠳᠠᠰᠤ ᠶᠢ180 ᠮᠧᠲᠷ᠂ ᠲᠤᠤᠷ᠎ᠠ ᠲᠠᠷᠤᠯᠳᠠᠳᠤ ᠴᠠᠬᠢᠯᠭᠠᠨ ᠤᠳᠠᠰᠤ2400 ᠮᠧᠲᠷ᠂ ᠭᠠᠵᠠᠷ ᠲᠤᠤᠷᠠᠬᠢ ᠡᠷᠦᠬᠡ ᠳᠤ ᠤᠷᠤᠭᠤᠯᠤᠭᠰᠠᠨ ᠴᠠᠬᠢᠯᠭᠠᠨ ᠤᠳᠠᠰᠤ 6800 ᠮᠧᠲᠷ ᠢ ᠲᠠᠳᠠᠵᠤ᠂  ᠬᠡᠮᠵᠢᠬᠦᠷ ᠪᠠᠭᠠᠵᠢ 48 ᠬᠡᠰᠡᠭ ᠲᠠᠭᠠᠷᠠᠭᠤᠯᠤᠨ᠂  ᠨᠡᠬᠦᠵᠤ ᠤᠴᠢᠭᠰᠠᠨ48 ᠡᠷᠦᠬᠡ ᠶᠢᠨ ᠲᠠᠷᠤᠶᠢᠬᠠᠨ ᠬᠡᠷᠡᠭᠯᠡᠬᠦ ᠴᠠᠬᠢᠯᠭᠠᠨ ᠢ ᠪᠠᠳᠤᠯᠠᠵᠤ ᠴᠢᠳᠠᠵᠠᠢ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号