ᠨᠠᠨ ᠲᠠᠶᠢᠰᠠ ᠰᠢᠶᠠᠩ ᠠᠩᠬᠠᠳᠠᠭᠴᠢ ᠬᠤᠭᠤᠴᠠᠭᠠᠨ ᠤ ᠲᠦᠬᠦᠬᠡᠷᠦᠮᠵᠢᠳᠦ ᠲᠠᠷᠢᠶᠠᠯᠠᠩ ᠤᠨ ᠲᠠᠷᠢᠵᠤ ᠤᠷᠭᠤᠭᠤᠯᠬᠤ ᠮᠡᠷᠬᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2018/1/5
 
                                   ᠪᠦᠬᠦ ᠰᠢᠶᠠᠩ ᠤᠨ ᠲᠦᠬᠦᠬᠡᠷᠦᠮᠵᠢᠳᠦ ᠲᠠᠷᠢᠶᠠᠯᠠᠩ ᠤᠨ ᠲᠠᠷᠢᠵᠤ ᠤᠷᠭᠤᠭᠤᠯᠬᠤ ᠮᠡᠷᠬᠡᠵᠢᠯ ᠪᠤᠯᠤᠨ ᠬᠤᠷᠤᠬᠠᠢ ᠰᠢᠪᠡᠵᠢ ᠶᠢᠨ ᠡᠪᠡᠳᠴᠢᠨ ᠬᠦᠨᠦᠬᠡᠯ ᠢ ᠰᠡᠷᠬᠡᠶᠢᠯᠡᠬᠦ ᠬᠢᠷᠢ ᠲᠦᠪᠰᠢᠨ ᠢ ᠦᠨᠡᠩᠬᠦ ᠲᠡᠬᠡᠭᠰᠢᠯᠡᠬᠦᠯᠵᠤ᠂ ᠲᠠᠷᠢᠵᠤ ᠤᠷᠭᠤᠭᠤᠯᠬᠤ ᠡᠷᠦᠬᠡ ᠶᠢᠨ ᠮᠡᠷᠬᠡᠵᠢᠯ ᠤᠨ ᠬᠠᠮᠢᠶᠠᠷᠤᠯᠳᠠ ᠶᠢᠨ ᠴᠢᠳᠠᠪᠤᠷᠢ ᠶᠢ ᠪᠦᠳᠦᠮᠵᠢᠳᠠᠢ ᠲᠡᠭᠡᠭᠰᠢᠯᠡᠬᠦᠯᠬᠦ ᠪᠠᠷ᠂ ᠦᠢᠷ᠎ᠠ ᠳᠤ᠂ ᠨᠠᠨ  ᠲᠠᠶᠢᠰᠠ ᠰᠢᠶᠠᠩ ᠠᠩᠬᠠᠳᠠᠭᠴᠢ ᠬᠤᠭᠤᠴᠠᠭᠠᠨ ᠤ ᠲᠦᠬᠦᠬᠡᠷᠦᠮᠵᠢᠳᠦ ᠲᠠᠷᠢᠶᠠᠯᠠᠩ ᠤᠨ ᠲᠠᠷᠢᠵᠤ ᠤᠷᠭᠤᠭᠤᠯᠬᠤ ᠮᠡᠷᠬᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠪᠡ᠃      ᠬᠠᠮᠢᠶᠠᠷᠤᠯᠳᠠ ᠵᠢᠴᠢ ᠬᠤᠷᠤᠬᠠᠢ ᠰᠢᠪᠡᠵᠢ ᠶᠢᠨ ᠡᠪᠡᠳᠴᠢᠨ ᠬᠦᠨᠦᠬᠡᠯ ᠢ ᠰᠡᠷᠬᠡᠶᠢᠯᠡᠬᠦ ᠲᠤᠰᠬᠠᠢ ᠮᠡᠷᠬᠡᠵᠢᠯᠳᠠᠨ  ᠠᠴᠠ ᠲᠦᠪᠡᠳ ᠬᠠᠰᠢ ᠳᠤ ᠤᠯᠠᠩᠬᠢ ᠲᠤᠬᠢᠶᠠᠯᠳᠤᠳᠠᠭ ᠢᠯᠵᠠᠷᠠᠬᠤ ᠡᠪᠡᠳᠴᠢᠨ᠂ ᠡᠷᠳᠠ ᠶᠢᠨ ᠬᠢᠵᠢᠭ ᠡᠪᠡᠳᠴᠢᠨ᠂ ᠤᠷᠤᠢ ᠶᠢᠨ ᠬᠢᠵᠢᠭ ᠡᠪᠳᠴᠢᠨ ᠵᠡᠷᠬᠡ ᠭᠤᠤᠯ ᠬᠤᠷᠤᠬᠠᠢ ᠰᠢᠪᠠᠵᠢ ᠶᠢᠨ ᠡᠪᠡᠳᠴᠢᠨ᠂ ᠨᠢᠯᠬ᠎ᠠ ᠦᠷ᠎ᠠ ᠶᠢᠨ ᠬᠠᠮᠢᠶᠠᠷᠤᠯᠳᠠ᠂ ᠡᠮ ᠢᠶᠠᠷ ᠰᠡᠷᠬᠡᠶᠢᠯᠡᠨ ᠵᠠᠰᠠᠬᠤ ᠵᠡᠷᠬᠡ ᠲᠠᠯ᠎ᠠ ᠠᠴᠠ ᠲᠤᠰᠬᠠᠢ ᠰᠡᠳᠦᠪᠳᠦ ᠶᠠᠷᠢᠶ᠎ᠠ ᠲᠠᠶᠢᠯᠤᠮᠵᠢ ᠬᠢᠵᠠᠢ᠃ ᠺᠠᠯᠠ ᠵᠡᠬᠡᠯᠢ ᠲᠤᠰᠬᠤᠨ ᠤ 6 ᠳ᠋ᠤᠭᠠᠷ ᠲᠤᠭᠤᠶᠢᠯᠠᠩ ᠤᠨ ᠲᠠᠷᠢᠵᠤ ᠤᠷᠭᠤᠭᠤᠯᠬᠤ ᠡᠷᠦᠬᠡ ᠯᠢ ᡁᠢ ᠸᠧᠢ ᠄ ︽ᠪᠢ150 ᠭᠠᠷᠤᠢ ᠲᠦᠮᠡᠨ ᠲᠦᠬᠦᠷᠢᠭ ᠵᠠᠷᠤᠴᠠᠭᠤᠯᠤᠨ16 ᠰᠠᠭᠤᠷᠢ ᠬᠦᠯᠡᠮᠵᠢ ᠲᠦᠪᠡᠳ ᠬᠠᠰᠢ ᠲᠠᠷᠢᠪᠠ᠂ ᠨᠢᠬᠡᠳᠦᠬᠡᠷ ᠵᠢᠯ ᠲᠠᠷᠢᠵᠤ ᠪᠠᠶᠢᠬᠤ ᠠᠴᠠ ᠲᠤᠷᠰᠢᠯᠭ᠎ᠠ ᠬᠡᠮᠡᠷ ᠶᠠᠭᠤᠮ᠎ᠠ ᠦᠬᠡᠢ᠂ ᠦᠨᠦᠳᠦᠷ ᠭᠤᠤ ᠪᠠᠭᠰᠢ ᠶᠢᠨ ᠬᠢᠴᠢᠶᠡᠯ ᠢ ᠰᠤᠨᠤᠰᠤᠭᠠᠳ ᠮᠠᠰᠢ ᠤᠯᠠᠨ ᠮᠡᠳᠡᠯᠬᠡ ᠰᠤᠷᠤᠯ᠎ᠠ᠂ ᠤᠤᠯ ᠨᠢ ᠮᠢᠨᠤ ᠵᠠᠷᠢᠮ ᠠᠷᠭ᠎ᠠ ᠬᠢᠳᠡᠯ ᠰᠢᠨᠵᠢᠯᠡᠬᠦ ᠤᠬᠠᠭᠠᠨᠴᠢ ᠦᠬᠡᠢ᠂ ᠬᠤᠶᠢᠰᠢᠳᠠ ᠪᠢ ᠬᠦᠯᠡᠮᠵᠢ ᠳᠤ ᠲᠦᠪᠡᠳ ᠬᠠᠰᠢ ᠲᠠᠷᠢᠵᠤ ᠤᠷᠭᠤᠭᠤᠯᠬᠤ ᠮᠡᠷᠬᠡᠵᠢᠯ ᠢ ᠢᠯᠡᠬᠦᠬᠡᠨ ᠰᠤᠷᠤᠯᠴᠠᠵᠤ᠂ ᠲᠦᠪᠡᠳ ᠬᠠᠰᠢ ᠪᠠᠨ ᠰᠠᠶᠢᠨ ᠦᠨ᠎ᠡ ᠬᠠᠩᠰᠢ ᠪᠠᠷ ᠬᠤᠳᠠᠯᠳᠤᠨ᠎ᠠ︾ ᠬᠡᠵᠤ ᠢᠳᠡᠬᠡᠯ ᠲᠡᠬᠦᠯᠳᠡᠷ ᠶᠠᠷᠢᠵᠤ ᠪᠠᠶᠢᠯ᠎ᠠ᠃      ᠦᠢᠯᠠᠭᠠᠭᠰᠠᠨ ᠢᠶᠠᠷ᠂ 2017 ᠤᠨ ᠳᠤ᠂ ᠨᠠᠨ ᠲᠠᠶᠢᠰᠠ ᠰᠢᠶᠠᠩ ᠨᠢ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠭᠤᠤᠯᠳᠠᠯᠭ᠎ᠠ ᠪᠤᠯᠭᠠᠨ ᠪᠠᠷᠢᠮᠳᠠᠯᠠᠵᠤ᠂ ᠭᠤᠸᠠᠨ ᠰᠦᠨ ᠭᠸᠦ᠂ ᠺᠠᠯᠠ ᠵᠡᠬᠡᠯᠢ᠂ ᠳ᠋ᠠ ᠭᠸᠦ᠂ ᠬᠤᠶᠢᠳᠤ ᠠᠭᠤᠯᠠᠨ ᠤ ᠢᠷᠤᠭᠠᠷ᠂ ᠴᠤᠸᠠᠨ ᠰᠢᠨ ᠲᠡᠯᠬᠡᠬᠦᠷ ᠵᠡᠷᠬᠡ ᠲᠤᠰᠬᠤᠨ ᠲᠦᠬᠦᠬᠡᠷᠦᠮᠵᠢᠳᠦ ᠲᠠᠷᠢᠶᠠᠯᠠᠩ 10300 ᠮᠤ᠋ ᠲᠦᠯᠦᠪᠵᠢᠬᠦᠯᠵᠤ᠂ ᠭᠤᠷᠪᠠᠨ ᠵᠢᠯ ᠤᠨ ᠤᠷᠴᠢᠮ ᠴᠠᠭ ᠢᠶᠠᠷ ᠲᠦᠮᠡᠨ ᠮᠤ᠋ ᠲᠦᠬᠦᠬᠡᠷᠦᠮᠵᠢᠳᠦ ᠲᠠᠷᠢᠶᠠᠯᠠᠩ ᠤᠨ  ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠷᠢᠶᠡᠯᠡᠩ ᠢ ᠪᠠᠶᠢᠭᠤᠯᠬᠤ ᠪᠠᠷ ᠲᠦᠯᠦᠪᠯᠡᠵᠤ ᠪᠤᠢ᠃ ᠪᠦᠬᠦᠶᠢᠯᠡ ᠲᠦᠮᠡᠨ ᠮᠤ᠋ ᠲᠦᠬᠦᠬᠡᠷᠦᠮᠵᠢᠳᠦ ᠲᠠᠷᠢᠶᠠᠯᠠᠩ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠷᠢᠶᠡᠯᠡᠩ ᠢᠶᠠᠷ ᠲᠠᠮᠵᠢᠨ ᠠᠵᠤ ᠦᠢᠯᠡᠰ ᠤᠨ ᠬᠦᠷᠢᠶᠡᠯᠡᠩ ᠲᠠᠶᠢᠴᠢᠯᠠᠨ ᠲᠠᠭᠠᠭᠤᠯᠬᠤ᠂ ᠮᠦᠩᠬᠦᠨ ᠬᠦᠢᠯᠬᠡᠬᠡᠨ ᠤ ᠬᠦᠷᠦᠩᠬᠡ ᠲᠡᠮᠵᠢᠭᠤᠯᠬᠤ᠂ ᠭᠠᠵᠠᠷ ᠰᠢᠷᠤᠢ ᠶᠢᠨ ᠲᠦᠷᠢᠶᠡᠰᠦᠨ ᠮᠦᠩᠬᠦ ᠶᠢᠨ ᠤᠷᠤᠯᠭ᠎ᠠ᠂ ᠬᠦᠳᠡᠯᠮᠤᠷᠢ ᠬᠦᠴᠦ ᠬᠠᠩᠭᠠᠬᠤ ᠵᠡᠷᠬᠡ ᠠᠷᠭ᠎ᠠ ᠬᠡᠯᠪᠡᠷᠢ ᠪᠠᠷ   ᠪᠠᠷᠤᠭ ᠶᠠᠳᠠᠭᠤ ᠬᠦᠴᠢᠷᠳᠠᠢ ᠡᠷᠦᠬᠡ ᠶᠢᠨ525 ᠬᠦᠮᠦᠨ ᠤ ᠶᠠᠳᠠᠭᠤ  ᠠᠴᠠ ᠠᠩᠬᠢᠵᠢᠷᠠᠭᠤᠯᠬᠤ ᠶᠢ ᠪᠡᠶᠡᠯᠡᠬᠦᠯᠵᠠᠢ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号