ᠬᠠᠷᠠᠴᠢᠨ ᠬᠤᠰᠢᠭᠤᠨ ᠤ ᠭᠠᠨ ᠰᠤ᠋ ᠮᠢᠶᠤᠤ ᠲᠤᠰᠬᠤᠨ ᠨᠢ  ︽  ᠭᠤᠷᠪᠠᠨ ᠬᠢᠴᠢᠶᠡᠯ︾  ᠢᠶᠠᠷ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ  ᠶᠢ ᠳᠡᠮᠵᠢᠵᠦ ᠪᠤᠢ
ᠨᠡᠶᠢᠲᠡᠯᠡᠭᠰᠡᠨ ᠴᠠᠭ᠄
2018/10/10
     ᠤᠶᠢᠷ᠎ᠠ ᠶᠢᠨ ᠡᠳᠦᠷ᠂  ᠰᠤᠷᠪᠤᠯᠵᠢᠯᠠᠭᠴᠢ ᠬᠠᠷᠠᠴᠢᠨ ᠬᠤᠰᠢᠭᠤᠨ ᠤ ᠨᠠᠷᠢᠨ ᠪᠠᠯᠭᠠᠰᠤᠨ ᠤ ᠭᠠᠨ ᠰᠤ᠋ ᠮᠢᠶᠤᠤ ᠲᠤᠰᠬᠤᠨ ᠳᠤ ᠰᠤᠷᠪᠤᠯᠵᠢᠯᠠᠬᠤ ᠳᠠᠭᠠᠨ ᠤᠶᠢᠯᠠᠭᠠᠭᠰᠠᠨ ᠢᠶᠠᠷ᠂  ᠲᠤᠰ ᠲᠤᠰᠬᠤᠨ ᠨᠢ  ᠨᠢᠭᠡᠳᠦᠭᠡᠷ ᠱᠦᠵᠢ᠂  ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂  ᠲᠤᠰᠬᠤᠨ ᠤ ᠰᠦᠨᠢ ᠶᠢᠨ ᠰᠤᠷᠭᠠᠭᠤᠯᠢ ᠶᠢ ᠪᠠᠶᠢᠭᠤᠯᠤᠨ᠂  ᠤᠯᠠᠨ ᠲᠦᠮᠡᠨ ᠳᠤ ᠲᠦᠷᠥ ᠶᠢᠨ ᠪᠣᠳᠣᠯᠭ᠎ᠠ ᠶᠢᠨ ᠲᠠᠶᠢᠯᠪᠤᠷᠢ᠂  ᠬᠡᠷᠡᠭᠯᠡᠭᠡᠨ ᠤ ᠮᠡᠷᠭᠡᠵᠢᠯ ᠪᠠ  ᠬᠠᠷᠢᠯᠴᠠᠨ ᠤᠶᠢᠯᠠᠭᠠᠯᠴᠠᠬᠤ ᠵᠡᠷᠭᠡ ︽ ᠭᠤᠷᠪᠠᠨ ᠬᠢᠴᠢᠶᠡᠯ︾  ᠢᠶᠠᠷ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ  ᠶᠢ ᠳᠡᠮᠵᠢᠵᠦ ᠪᠤᠢ᠃       ᠭᠠᠷᠠᠭ ᠤᠨ ᠳᠥᠷᠪᠡᠨ ᠤ ᠤᠷᠤᠢ ᠶᠢᠨ ᠰᠤᠯᠠ ᠰᠡᠯᠡᠭᠦᠦ ᠴᠠᠭ ᠢ ᠠᠰᠢᠭᠯᠠᠨ  ᠲᠦᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠢᠴᠢᠶᠡᠯ ᠢ ᠳᠥᠷᠪᠡ ᠤᠳᠠᠭ᠎ᠠ ᠡᠷᠬᠢᠯᠡᠵᠡᠢ᠃  ᠬᠢᠴᠢᠶᠡᠯ ᠳᠡᠭᠡᠷ᠎ᠡ  ᠶᠠᠳᠠᠭᠤ ᠶᠢ ᠲᠡᠳᠬᠦᠬᠦ᠂  ᠡᠮᠨᠡᠯᠭᠡ ᠶᠢᠨ ᠬᠤᠷᠢᠶ᠎ᠠ᠂ ᠤᠷᠤᠨ ᠰᠠᠭᠤᠴᠠ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂  ᠨᠡᠶᠢᠭᠡᠮ ᠤᠨ ᠪᠠᠲᠤᠯᠠᠭ᠎ᠠ᠂  ᠡᠮᠨᠡᠯᠭᠡ  ᠶᠢᠨ ᠳᠠᠭᠠᠳᠬᠠᠯ᠂  ᠬᠠᠤᠯᠢ ᠴᠠᠭᠠᠵᠠ᠂  ᠲᠠᠷᠢᠶᠠᠯᠠᠩ ᠤᠨ ᠬᠠᠮᠢᠶᠠᠲᠠᠢ ᠡᠯ᠎ᠡ ᠦᠷᠲᠡᠭᠡ ᠰᠠᠯᠪᠤᠷᠢ ᠵᠡᠷᠭᠡ ᠭᠠᠵᠠᠷ ᠤᠨ ᠠᠵᠢᠯᠲᠠᠨ ᠠᠴᠠ  ᠭᠤᠤᠯᠳᠠᠭᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂  ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂  ᠨᠤᠷᠠᠬᠤ ᠠᠶᠤᠮᠰᠢᠭᠲᠠᠢ ᠭᠡᠷ ᠪᠠᠷᠢᠯᠭ᠎ᠠ ᠶᠢ ᠦᠭᠡᠷᠡᠴᠢᠯᠡᠨ ᠵᠠᠰᠠᠬᠤ᠂  ᠨᠡᠶᠢᠭᠡᠮ ᠤᠨ ᠪᠠᠲᠤᠯᠠᠭ᠎ᠠ ᠵᠡᠷᠭᠡ ᠶᠠᠳᠠᠭᠤ ᠶᠢ ᠲᠡᠳᠬᠦᠬᠦ ᠲᠦᠷᠥ ᠶᠢᠨ ᠪᠣᠳᠣᠯᠭ᠎ᠠ  ᠨᠤᠭᠤᠳ  ᠢ ᠨᠠᠷᠢᠯᠢᠭ ᠲᠠᠶᠢᠯᠪᠤᠷᠢᠯᠠᠨ ᠥᠭᠴᠦ᠂ ᠤᠯᠠᠨ ᠲᠦᠮᠡᠨ ᠤ  ᠲᠦᠷᠥ ᠶᠢᠨ ᠪᠣᠳᠣᠯᠭ᠎ᠠ ᠶᠢᠨ ᠲᠤᠬᠠᠢ ᠤᠶᠢᠯᠠᠭᠠᠯᠲᠠ ᠶᠢ ᠨᠡᠮᠡᠭᠳᠡᠭᠦᠯᠦᠨ᠂  ᠶᠠᠳᠠᠭᠤ ᠠᠴᠠ ᠠᠩᠭᠢᠵᠢᠷᠠᠬᠤ ᠢᠲᠡᠭᠡᠯ ᠵᠣᠷᠢᠭ ᠢ   ᠨᠢ ᠬᠥᠪᠴᠢᠯᠡᠵᠡᠢ᠃     ᠬᠦᠳᠡᠭᠡ ᠲᠤᠰᠬᠤᠨ ᠤ ᠠᠯᠤᠰ ᠡᠵᠡᠮᠰᠢᠯᠲᠦ ᠰᠤᠷᠭᠠᠨ ᠬᠦᠮᠦᠵᠢᠯ ᠤᠨ ᠦᠷᠲᠡᠭᠡ ᠴᠢᠭ᠂  ᠨᠣᠮ ᠤᠨ ᠦᠷᠦᠭᠡ᠂  ᠸᠢᠴᠠᠲ ᠲᠠᠪᠴᠠᠩ ᠵᠡᠷᠭᠡ ᠪᠠᠷ ᠳᠠᠮᠵᠢᠭᠤᠯᠵᠤ᠂  ᠲᠠᠷᠢᠶᠠᠯᠠᠩ ᠮᠠᠯ ᠠᠵᠤ ᠠᠬᠤᠢ᠂ ᠤᠢ ᠰᠢᠭᠤᠢ᠂  ᠶᠠᠳᠠᠭᠤ ᠶᠢ ᠲᠡᠳᠬᠦᠬᠦ ᠦᠷᠲᠡᠭᠡ ᠠᠴᠠ ᠮᠡᠷᠭᠡᠵᠢᠯᠲᠡᠨ ᠢ  ᠤᠷᠢᠨ ᠠᠪᠴᠢᠷᠠᠬᠤ ᠪᠤᠶᠤ ᠪᠠᠶᠠᠵᠢᠯ ᠤᠨ ᠴᠢᠳᠠᠪᠤᠷᠢᠲᠠᠨ᠂  ᠨᠤᠲᠤᠭ ᠲᠠᠭᠠᠨ ᠪᠤᠴᠠᠵᠤ ᠦᠢᠯᠡᠰ ᠪᠤᠰᠬᠠᠭᠴᠢᠳ ᠢ ᠤᠷᠢᠵᠤ᠂  ︽ ᠰᠣᠨᠢ +  ᠡᠳᠦᠷ᠂  ᠲᠤᠭᠲᠠᠭᠰᠠᠨ ᠭᠠᠵᠠᠷ +  ᠬᠦᠳᠡᠯᠦᠩᠭᠦᠢ᠂  ᠴᠤᠭᠯᠠᠷᠠᠭᠤᠯᠬᠤ +  ᠲᠠᠷᠠᠬᠠᠢ ᠪᠤᠲᠠᠷᠬᠠᠢ᠂  ᠲᠤᠭᠲᠠᠭᠰᠠᠨ ᠬᠤᠭᠤᠴᠠᠭ᠎ᠠ +  ᠲᠤᠭᠲᠠᠮᠠᠯ ᠪᠤᠰᠤ ᠬᠤᠭᠤᠴᠠᠭ᠎ᠠ  ︾  ᠵᠡᠷᠭᠡ ᠶᠢ ᠤᠶᠠᠯᠳᠤᠭᠤᠯᠬᠤ ᠬᠡᠯᠪᠡᠷᠢ ᠶᠢ ᠠᠪᠴᠤ᠂  ᠡᠯ᠎ᠡ ᠵᠦᠢᠯ ᠤᠨ ᠪᠤᠯᠪᠠᠰᠤᠷᠠᠯ ᠢ 8  ᠬᠤᠭᠤᠴᠠᠭ᠎ᠠ ᠡᠷᠬᠢᠯᠡᠨ᠂  ᠨᠡᠶᠢᠲᠡ 300 ᠬᠦᠮᠦᠨ ᠤᠳᠠᠭ᠎ᠠ  ᠪᠤᠯᠪᠠᠰᠤᠷᠠᠯ ᠳᠤ ᠤᠷᠤᠯᠴᠠᠭᠰᠠᠨ ᠪᠠᠶᠢᠨ᠎ᠠ᠃  ᠲᠤᠰᠬᠤᠨ  ᠤ  ︽ ᠬᠤᠶᠠᠷ ᠪᠠᠭ︾   ᠨᠢ  ᠪᠠᠭ ᠤᠨ ᠬᠤᠷᠠᠯ ᠢ ᠲᠤᠭᠲᠠᠭᠰᠠᠨ ᠬᠤᠭᠤᠴᠠᠭ᠎ᠠ ᠲᠠᠢ  ᠪᠠᠷ ᠵᠤᠬᠢᠶᠠᠨ ᠪᠠᠶᠢᠭᠤᠯᠤᠨ ᠬᠤᠷᠠᠯᠳᠤᠭᠤᠯᠵᠤ᠂  ᠲᠤᠰᠬᠤᠨ ᠤ ᠨᠠᠮ ᠤᠨ ᠭᠡᠰᠢᠭᠦᠨ ᠤᠯᠠᠨ ᠲᠦᠮᠠᠨ ᠲᠠᠢ ᠬᠠᠮᠲᠤᠪᠡᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠤᠮᠳᠠ ᠤᠷᠤᠰᠢᠵᠤ ᠪᠠᠶᠢᠭ᠎ᠠ ᠲᠤᠮᠤ ᠶᠠᠪᠤᠳᠠᠯ᠂ ᠬᠦᠴᠢᠷ ᠠᠰᠠᠭᠤᠳᠠᠯ  ᠵᠡᠷᠭᠡ  ᠢ ᠰᠤᠳᠤᠯᠤᠨ ᠶᠠᠷᠢᠯᠴᠠᠵᠤ᠂  ᠠᠷᠠᠳᠴᠢᠯᠠᠯ ᠢ ᠭᠦᠢᠴᠡᠳ ᠪᠠᠳᠠᠷᠠᠭᠤᠯᠵᠤ᠂  ᠤᠯᠠᠨ ᠲᠦᠮᠡᠨ ᠤ ᠰᠠᠨᠠᠯ  ᠰᠠᠨᠠᠭᠤᠯᠭ᠎ᠠ ᠶᠢ ᠭᠦᠢᠴᠡᠳ ᠰᠤᠨᠤᠰᠤᠭᠰᠠᠨ ᠤ ᠰᠠᠭᠤᠷᠢᠨ ᠳᠡᠭᠡᠷ᠎ᠡ  ᠫᠢᠶᠤᠤ ᠥᠭᠴᠦ ᠰᠢᠢᠳᠪᠦᠷᠢ ᠭᠠᠷᠭᠠᠬᠤ ᠬᠡᠯᠪᠡᠷᠢ ᠪᠠᠷ  ᠤᠯᠤᠰ ᠤᠨ ᠬᠠᠮᠢᠶ᠎ᠠ ᠪᠦᠬᠦᠢ ᠠᠷᠠᠳ ᠲᠤ ᠠᠰᠢᠭᠲᠠᠢ ᠲᠦᠷᠥ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠠᠢ᠃  ᠡᠭᠦᠨ ᠤ ᠵᠡᠷᠭᠡᠪᠡᠷ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠤᠬᠢᠶᠠᠨ ᠪᠠᠶᠢᠭᠤᠯᠵᠤ  ᠦᠨᠳᠦᠰᠦᠨ ᠱᠠᠲᠤᠨ ᠳᠤ ᠭᠦᠨᠵᠡᠭᠡᠶᠢᠷᠡᠨ᠂ 20 ᠢᠯᠡᠭᠦᠦ ᠵᠦᠷᠢᠴᠡᠯ ᠮᠠᠷᠭᠤᠯᠳᠤᠭᠠᠨ ᠢ ᠡᠪᠰᠡᠭᠦᠯᠵᠦ᠂  ᠤᠯᠠᠨ ᠲᠦᠮᠡᠨ ᠳᠤ 30 ᠢᠯᠡᠭᠦᠦ ᠤᠳᠠᠭᠠᠨ ᠤ ᠰᠠᠶᠢᠨ ᠬᠡᠷᠡᠭ ᠶᠠᠪᠤᠳᠠᠯ ᠬᠢᠵᠦ ᠥᠭᠭᠦᠭᠰᠡᠨ ᠪᠠᠶᠢᠨ᠎ᠠ᠃  
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号