ᠬᠠᠷᠠᠴᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ  ᠬᠡᠯᠲᠡᠰ ᠤᠨ2017 ᠣᠨ ᠤ ᠠᠷᠠᠳ ᠤᠨ ᠵᠠᠪᠰᠡᠭᠲᠦ ᠬᠦᠴᠦᠨ ᠤ ᠠᠵᠢᠯ ᠤᠨ ᠲᠡᠷᠢᠭᠦᠨ ᠤ ᠬᠠᠮᠲᠤ ᠪᠠ ᠬᠤᠪᠢ ᠬᠦᠮᠦᠨ ᠢ ᠬᠦᠬᠢᠭᠦᠯᠬᠦ ᠲᠤᠬᠠᠢ ᠨᠡᠶᠢᠲᠡᠯᠡᠯ
ᠨᠡᠶᠢᠲᠡᠯᠡᠭᠰᠡᠨ ᠴᠠᠭ᠄
2018/3/14
     ᠬᠠᠷᠠᠴᠢᠨ ᠵᠠᠰᠠᠭ ᠲᠠᠷᠬᠠᠭᠠᠭᠰᠠᠨ  ﹇2018﹈ 21  ᠲᠤᠭᠠᠲᠤᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂  ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠵᠥᠪᠯᠡᠯ ᠠᠯᠪᠠᠨ ᠭᠡᠷ ᠲᠤᠪᠴᠢᠶ᠎ᠠ᠂ ᠤᠯᠤᠰ ᠤᠷᠤᠨ ᠤ  ᠰᠢᠭᠤᠳ ᠬᠠᠷᠢᠶ᠎ᠠ ᠰᠠᠭᠤᠭ᠎ᠠ ᠨᠢᠭᠡᠴᠡ ᠳᠤ  ᠄   2017 ᠣᠨ ᠳᠤ᠂  ᠪᠦᠬᠦ ᠬᠤᠰᠢᠭᠤᠨ ᠤ ᠵᠡᠪᠰᠡᠭᠲᠦ ᠬᠦᠴᠦᠨ ᠤ ᠠᠵᠢᠯ ᠨᠢ ᠰᠢ ᠶᠢᠨ ᠫᠢᠩ ᠨᠦᠬᠦᠷ ᠤᠨ ᠰᠢᠷᠢᠰ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠠᠨ ᠪᠤᠯᠭᠠᠵᠤ᠂ ᠳᠡᠭᠡᠷ᠎ᠡ ᠱᠠᠲᠤᠨ ᠤ ᠴᠡᠷᠢᠭ ᠤᠨ ᠶᠠᠪᠤᠳᠠᠯ ᠤᠨ ᠰᠠᠯᠠᠭ᠎ᠠ ᠮᠦᠴᠢᠷ ᠪᠤᠯᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ  ᠤᠨ ᠤᠷᠳᠤᠨ ᠤ ᠰᠢᠢᠳᠪᠦᠷᠢ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ᠂  ᠲᠡᠷᠢᠭᠦᠨ ᠪᠠᠶᠢᠷᠢ ᠶᠢ ᠠᠳᠬᠤᠨ ᠰᠠᠭᠤᠷᠢ ᠶᠢ  ᠪᠠᠲᠤᠳᠬᠠᠵᠤ᠂  ᠪᠤᠳᠠᠲᠠᠢ ᠪᠡᠯᠡᠳᠭᠡᠯ ᠢ ᠠᠳᠬᠤᠨ ᠢᠯᠠᠯᠲᠠ ᠣᠯᠬᠤ ᠶᠢ ᠵᠦᠪᠳᠡᠵᠦ᠂  ᠦᠨᠳᠦᠰᠦᠨ ᠱᠠᠲᠤ ᠶᠢ ᠠᠳᠬᠤᠨ ᠰᠠᠭᠤᠷᠢ ᠶᠢ ᠪᠠᠲᠤᠳᠬᠠᠵᠤ᠂  ᠪᠦᠬᠦ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠤᠨ ᠠᠵᠢᠯ ᠨᠢ ᠰᠢᠨ᠎ᠡ ᠬᠦᠭᠵᠢᠯᠲᠡ ᠪᠠ ᠠᠬᠢᠯᠲᠠ ᠲᠠᠢ ᠪᠤᠯᠵᠠᠢ᠃  ᠲᠡᠷᠢᠭᠦᠨ ᠢ ᠵᠣᠷᠢᠭᠵᠢᠭᠤᠯᠤᠨ ᠬᠡᠪ ᠳᠦᠷᠢᠮ ᠪᠤᠯᠭᠠᠬᠤ ᠶᠢᠨ ᠲᠦᠯᠦᠭᠡ᠂  ᠬᠤᠰᠢᠭᠤᠨ ᠤ ᠠᠷᠠᠳ ᠤᠨ ᠵᠠᠰᠠᠭ ᠤᠨ ᠤᠷᠳᠤᠨ᠂  ᠵᠡᠪᠰᠡᠭᠲᠦ ᠬᠦᠴᠦᠨ ᠤ ᠬᠡᠯᠲᠡᠰ ᠠᠴᠠ  ᠶᠠᠷᠢᠯᠴᠠᠨ ᠲᠤᠭᠲᠠᠵᠤ᠂  ᠳᠤᠤᠷᠠᠬᠢ ᠨᠢᠭᠡᠴᠡ ᠪᠠ ᠬᠤᠪᠢ ᠬᠦᠮᠦᠨ ᠢ  ᠨᠡᠶᠢᠲᠡᠯᠡᠨ ᠬᠦᠬᠢᠭᠦᠯᠪᠡ᠃    ᠨᠢᠭᠡ᠂  ᠲᠡᠷᠢᠭᠦᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠸᠠᠩ ᠤᠨ ᠬᠤᠷᠢᠶ᠎ᠠ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠾᠧᠪᠡᠢ ᠵᠡᠭᠡᠯᠢ ᠭᠤᠳᠤᠮᠵᠢ ᠶᠢᠨ ᠵᠡᠪᠰᠡᠭᠲᠦ ᠬᠦᠴᠦᠨ ᠤ ᠬᠡᠯᠲᠡᠰ      ᠬᠤᠶᠠᠷ᠂  ᠴᠡᠷᠢᠭ ᠡᠯᠰᠡᠬᠦ ᠠᠵᠢᠯ ᠤᠨ ᠲᠡᠷᠢᠭᠦᠨ ᠤ ᠬᠠᠮᠲᠤ ᠨᠢᠭᠡᠴᠡ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠵᠡᠪᠰᠡᠭᠲᠦ ᠬᠦᠴᠦᠨ ᠤ ᠬᠡᠯᠲᠡᠰ ᠾᠧᠨᠠᠨ ᠵᠡᠭᠡᠯᠢ ᠭᠤᠳᠤᠮᠵᠢ ᠶᠢᠨ ᠵᠡᠪᠰᠡᠭᠲᠦ ᠬᠦᠴᠦᠨ ᠤ ᠬᠡᠯᠲᠡᠰ ᠬᠠᠷᠠᠴᠢᠨ ᠬᠤᠰᠢᠭᠤᠨ ᠤ ᠡᠮᠨᠡᠯᠭᠡ ᠶᠢᠨ ᠬᠤᠷᠢᠶ᠎ᠠ      ᠭᠤᠷᠪᠠ᠂  ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ  ᠠᠵᠢᠯ ᠤᠨ ᠲᠡᠷᠢᠭᠦᠨ ᠤ ᠨᠢᠭᠡᠴᠡᠬᠠᠷᠠᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠᠬᠠᠷᠠᠴᠢᠨ ᠬᠤᠰᠢᠭᠤᠨ ᠤ  ᠲᠤᠳᠤᠭᠠᠳᠤ ᠶᠢ ᠬᠠᠮᠠᠭᠠᠯᠠᠬᠤ  ᠲᠤᠪᠴᠢᠶ᠎ᠠ   ᠳᠥᠷᠪᠡ᠂  ᠰᠢᠯᠢᠳᠡᠭ ᠵᠡᠪᠰᠡᠭᠲᠦ ᠬᠦᠴᠦᠨ ᠤ ᠬᠡᠯᠲᠡᠰ ᠤᠨ ᠲᠤᠰᠬᠠᠢ ᠺᠠᠳ᠋ᠷ  ᠾᠧᠨᠠᠨ ᠵᠡᠭᠡᠯᠢ ᠭᠤᠳᠤᠮᠵᠢ ᠶᠢᠨ  ᠵᠡᠪᠰᠡᠭᠲᠦ ᠬᠦᠴᠦᠨ ᠤ ᠬᠡᠯᠲᠡᠰ ᠤᠨ  ᠠᠵᠢᠯᠯᠠᠭᠴᠢ      ᠸᠠᠩ ᠫᠧᠩ ᠹᠧᠢ  ᠾᠧᠪᠸᠢ ᠵᠡᠭᠡᠯᠢ ᠭᠤᠳᠤᠮᠵᠢ ᠶᠢᠨ  ᠵᠡᠪᠰᠡᠭᠲᠦ ᠬᠦᠴᠦᠨ ᠤ ᠬᠡᠯᠲᠡᠰ ᠤᠨ  ᠠᠵᠢᠯᠯᠠᠭᠴᠢ     ᠸᠠᠩ ᠵᠧᠨ ᠵᠢᠶᠧ    ᠲᠠᠪᠤ᠂  ᠴᠡᠷᠢᠭ ᠡᠯᠰᠡᠬᠦ ᠠᠵᠢᠯ ᠤᠨ ᠲᠠᠷᠢᠭᠦᠨ ᠤ ᠬᠤᠪᠢ ᠬᠦᠮᠦᠨ ᠬᠠᠷᠠᠴᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠴᠢᠨ     ᠵᠢᠶᠠᠩ ᠬᠤᠸᠠ ᠸᠠᠩ ᠤᠨ ᠬᠤᠷᠢᠶ᠎ᠠ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠯᠠᠭᠴᠢ    ᠱᠢ ᠶᠠᠨ ᠹᠧᠩ  ᠵᠢᠷᠭᠤᠭ᠎ᠠ᠂  ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠲᠡᠷᠢᠭᠦᠨ ᠤ ᠬᠤᠪᠢ ᠬᠦᠮᠦᠨ ᠬᠠᠷᠠᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠳᠠᠷᠤᠭ᠎ᠠ     ᠵᠠᠩ ᠵᠢᠶᠠ ᠵᠢᠶᠦ᠋ᠨ ᠬᠠᠷᠠᠴᠢᠨ ᠬᠤᠰᠢᠭᠤᠨ ᠤ ᠠᠵᠤ ᠠᠬᠤᠢ ᠶᠢᠨ ᠰᠤᠷᠠᠭ ᠵᠠᠩᠭᠢᠵᠢᠯᠠᠯᠲᠠ ᠶᠢᠨ ᠲᠤᠪᠴᠢᠶᠠᠨ ᠤ ᠳᠠᠷᠤᠭ᠎ᠠ    ᠯᠢᠦ ᠹᠧᠩ ᠬᠤᠸᠠ     ᠬᠦᠬᠢᠭᠦᠯᠦᠯ ᠬᠦᠷᠲᠡᠭᠰᠡᠨ  ᠨᠢᠭᠡᠴᠡ ᠪᠠ ᠬᠤᠪᠢ ᠬᠦᠮᠦᠨ ᠨᠢ ᠢᠷᠠᠭᠤ ᠠᠯᠳᠠᠷ ᠢᠶᠠᠨ ᠨᠠᠨᠳᠢᠩᠨᠠᠵᠤ᠂  ᠣᠮᠤᠷᠬᠠᠭ ᠪᠠᠷᠳᠠᠮᠨᠠᠬᠤ  ᠶᠢ ᠬᠢᠴᠢᠶᠠᠨ᠂ ᠰᠢᠨ᠎ᠡ ᠦᠷ᠎ᠡ ᠪᠦᠳᠦᠮᠵᠢ ᠶᠢ ᠣᠯᠬᠤ ᠪᠠᠷ ᠴᠢᠷᠮᠠᠶᠢᠬᠤ ᠬᠡᠷᠡᠭᠲᠡᠢ᠃  ᠡᠯ᠎ᠡ ᠪᠠᠶᠢᠭᠤᠯᠭ᠎ᠠ ᠨᠢᠭᠡᠴᠡ ᠨᠢ ᠲᠡᠳᠡᠨᠡᠷ ᠢᠶᠠᠷ ᠳᠠᠭᠤᠷᠢᠶᠠᠯ ᠪᠤᠯᠭᠠᠵᠤ᠂   ᠦᠨᠡᠨ ᠪᠤᠳᠠᠲᠠᠢ ᠶᠢ ᠡᠷᠬᠢᠮᠯᠡᠵᠦ᠂  ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂  ᠪᠦᠬᠦ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠤᠨ ᠠᠵᠢᠯ  ᠤᠨ ᠰᠢᠨ᠎ᠡ ᠠᠮᠵᠢᠯᠲᠠ ᠶᠢ ᠲᠡᠮᠡᠴᠢᠨ ᠣᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃                               2018 ᠣᠨ ᠤ 3 ᠰᠠᠷ᠎ᠠ ᠶᠢᠨ 12 ᠤ ᠡᠳᠦᠷ
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号