ᠪᠡᠭᠡᠵᠢᠩ ᠦᠪᠦᠷ ᠮᠤᠩᠭᠤᠯ ᠤᠨ ᠬᠠᠷᠢᠯᠴᠠᠨ ᠬᠠᠮᠵᠢᠯᠴᠠᠬᠤ ᠡᠷᠡᠭᠦᠯ ᠮᠡᠨᠳᠤ ᠶᠢᠨ ᠡᠯᠴᠢ--- ᠯᠢ ᠶᠠᠨ
ᠨᠡᠶᠢᠲᠡᠯᠡᠭᠰᠡᠨ ᠴᠠᠭ᠄
2019/1/23
     ᠪᠡᠭᠡᠵᠢᠩ ᠬᠤᠳᠠ ᠶᠢᠨ ᠰᠢ ᠴᠧᠩ ᠲᠤᠭᠤᠷᠢᠭ ᠨᠢ ᠬᠠᠷᠠᠴᠢᠨ ᠬᠤᠰᠢᠭᠤ ᠲᠠᠢ ᠶᠠᠳᠠᠭᠤ ᠶᠢ ᠲᠡᠳᠬᠦᠬᠦ ᠵᠤᠯᠭᠠᠯᠴᠠᠭ᠎ᠠ ᠦᠷᠨᠢᠭᠦᠯᠦᠭᠰᠡᠨ ᠠᠴᠠ ᠨᠠᠰᠢ᠂  ᠤᠨᠤᠪᠴᠢᠲᠠᠢ ᠪᠠᠷ ᠶᠠᠳᠠᠭᠤ ᠶᠢ ᠲᠡᠳᠬᠦᠨ᠂  ᠰᠢᠪᠲᠤᠯᠤᠯᠲᠠ ᠶᠢᠨ ᠳᠠᠶᠢᠯᠠᠯᠳᠤᠭᠠᠨ ᠳᠤ ᠳᠡᠮᠵᠢᠵᠤ᠂ ᠮᠠᠯᠠᠭᠠᠢ ᠪᠠᠨ ᠠᠪᠬᠤ ᠳᠤ ᠬᠦᠴᠦᠯᠡᠭᠰᠡᠭᠡᠷ ᠢᠷᠡᠭᠰᠡᠨ ᠶᠤᠮ᠃  ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠶᠢᠨ  ᠲᠦᠯᠦᠭᠡ᠂  ᠰᠢ ᠴᠧᠩ ᠬᠤᠲᠠ ᠶᠢᠨ ᠡᠬᠡ ᠨᠢᠯᠬᠠᠰ  ᠡᠷᠡᠭᠦᠯ ᠮᠡᠨᠳᠤ ᠶᠢᠨ ᠬᠤᠷᠢᠶᠠᠨ ᠤ ᠡᠮᠡᠭᠲᠡᠢ ᠶᠢᠨ ᠰᠠᠯᠠᠭᠠᠨ ᠶᠢᠨ  ᠡᠷᠬᠢᠯᠡᠭᠴᠢ ᠡᠮᠴᠢ  ᠯᠢ ᠶᠠᠨ ᠬᠠᠷᠠᠴᠢᠨ ᠬᠤᠰᠢᠭᠤᠨ ᠳᠤ ᠢᠷᠡᠵᠦ ᠮᠡᠷᠭᠡᠵᠢᠯ ᠤᠨ ᠬᠠᠪᠰᠤᠷᠤᠯᠭ᠎ᠠ ᠪᠠ ᠲᠤᠬᠠᠶᠢᠯᠠᠭᠰᠠᠨ ᠠᠵᠢᠯ ᠤᠨ ᠳᠡᠮᠵᠢᠯᠭᠡ ᠬᠢᠭᠡᠳ ᠰᠠᠷ᠎ᠠ ᠭᠠᠷᠤᠢ ᠪᠤᠯᠵᠣ ᠪᠠᠶᠢᠭ᠎ᠠ ᠶᠤᠮ᠃      ᠪᠡᠶᠡᠳᠡᠨ ᠵᠢᠱᠢᠶ᠎ᠡ ᠦᠵᠡᠭᠦᠯᠵᠦ᠂  ᠬᠠᠶᠢᠷ᠎ᠠ ᠬᠠᠯᠠᠮᠵᠢ ᠬᠠᠷᠢᠭᠤᠴᠠᠯᠭ᠎ᠠ ᠶᠢ ᠲᠡᠷᠢᠭᠦᠨ ᠳᠤ ᠲᠠᠯᠪᠢᠵᠤ᠂  ᠤᠰᠤ ᠰᠢᠷᠤᠢ ᠲᠤᠬᠢᠷᠠᠬᠤ ᠦᠭᠡᠢ ᠵᠡᠷᠭᠡ ᠪᠠᠶᠢᠳᠠᠯ ᠢ ᠲᠡᠪᠴᠢᠨ᠂  ᠪᠦᠬᠦ ᠬᠤᠰᠢᠭᠤᠨ ᠤ ᠡᠪᠡᠳᠴᠢᠨ ᠠᠴᠠ ᠪᠤᠯᠵᠣ ᠶᠠᠳᠠᠭᠤᠷᠠᠭᠰᠠᠨ ᠡᠮᠡᠭᠲᠡᠶᠢᠴᠦᠳ  ᠤᠨ ᠳᠠᠩᠰᠠ ᠡᠪᠬᠡᠮᠡᠯ ᠢ ᠡᠮᠬᠢᠯᠡᠨ ᠰᠤᠩᠭᠤᠵᠤ᠂  ᠡᠮᠴᠢᠯᠡᠨ ᠲᠤᠰᠠᠯᠠᠬᠤ ᠬᠡᠷᠡᠭᠵᠢᠭᠦᠯᠬᠦ ᠲᠦᠰᠦᠪ ᠢ ᠲᠤᠭᠲᠠᠭᠠᠨ᠂  ᠠᠵᠢᠯ ᠢᠶᠠᠨ ᠳᠠᠷᠤᠶᠢᠬᠠᠨ ᠡᠬᠢᠯᠡᠭᠦᠯᠵᠡᠢ᠃  ᠦᠨᠳᠦᠰᠦᠨ ᠪᠠᠶᠢᠳᠠᠯ ᠢ ᠤᠶᠢᠯᠠᠭᠠᠭᠰᠠᠨ ᠤ ᠳᠠᠷᠠᠭ᠎ᠠ᠂  ᠵᠢᠷᠮᠦᠰᠦᠨ  ᠪᠦᠰᠡᠬᠦᠢ ᠶᠢᠨ ᠰᠤᠷᠭᠠᠭᠤᠯᠢ ᠠᠴᠠ ᠭᠠᠷᠳᠠᠨ᠂  ᠡᠮᠴᠢ ᠠᠵᠢᠯᠳᠠᠨ ᠪᠠ ᠵᠢᠷᠮᠦᠰᠤᠨ  ᠪᠦᠰᠡᠬᠦᠶᠢᠴᠤᠳ ᠲᠤ ᠵᠢᠷᠮᠦᠰᠦᠨ ᠬᠤᠭᠤᠴᠠᠭᠠᠨ ᠳᠠᠬᠢ ᠡᠷᠡᠭᠦᠯ ᠮᠡᠨᠳᠤ ᠶᠢᠨ ᠮᠡᠳᠡᠯᠭᠡ  ᠢ ᠲᠦᠭᠡᠮᠡᠯᠵᠢᠯᠡᠭᠦᠯᠵᠦ᠂ ᠳᠠᠪᠰᠢᠩᠭᠤᠢ ᠵᠢᠷᠮᠦᠰᠦᠯᠡᠨ ᠬᠥᠩᠭᠡᠵᠢᠬᠦ ᠡᠷᠡᠭᠦᠯ ᠮᠡᠨᠳᠦ ᠶᠢᠨ ᠤᠶᠢᠯᠠᠭᠠᠭᠳᠠᠬᠤᠨ ᠢ ᠤᠯᠠᠮᠵᠢᠯᠠᠵᠠᠢ᠃  ᠭᠠᠷᠠᠭ ᠪᠦᠷᠢ ᠶᠢᠨ ᠬᠤᠶᠠᠷ ᠤᠳᠠᠭᠠᠨ ᠤ ᠬᠢᠴᠢᠶᠡᠯ  ᠢᠶᠠᠷ ᠳᠠᠮᠵᠢᠭᠠᠳ ᠪᠦᠰᠡᠬᠦᠶᠢᠴᠤᠳ ᠤᠨ ᠨᠢᠭᠤᠷ ᠴᠢᠷᠠᠢ ᠳᠤ ᠪᠠᠶᠠᠷ ᠤᠨ ᠢᠨᠢᠶᠡᠳᠦ ᠲᠤᠳᠤᠷᠠᠵᠤ ᠪᠠᠶᠢᠯ᠎ᠠ᠃  ᠬᠤᠰᠢᠭᠤᠨ ᠤ  ᠲᠦᠯᠦᠪᠯᠡᠭᠡᠲᠦ ᠦᠷᠡᠵᠢᠯ ᠡᠷᠡᠭᠦᠯ ᠬᠠᠮᠠᠭᠠᠯᠠᠯ ᠤᠨ ᠲᠤᠪᠴᠢᠶᠠᠨ ᠤ ᠲᠤᠬᠢᠷᠠᠭᠤᠯᠭ᠎ᠠ ᠪᠠᠷ  ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠬᠤᠰᠢᠭᠤᠨ ᠤ ᠭᠤᠤᠯᠳᠠᠯᠭ᠎ᠠ ᠲᠠᠢ ᠡᠮᠨᠡᠯᠭᠡ ᠶᠢᠨ ᠬᠤᠷᠢᠶᠠᠨ ᠳᠤ ᠬᠢᠵᠦ᠂  ᠬᠦᠮᠦᠰ  ᠤᠨ ᠮᠠᠭᠳᠠᠭᠠᠯ ᠢ ᠤᠯᠵᠠᠢ᠃     ᠮᠡᠷᠭᠡᠵᠢᠯ ᠤᠨ  ᠳᠡᠮᠵᠢᠯᠭᠡ ᠦᠵᠡᠭᠦᠯᠵᠦ᠂  ᠪᠡᠶᠡᠳᠡᠨ ᠵᠢᠯᠤᠭᠤᠳᠴᠠᠢ᠃  ᠴᠢᠳᠠᠪᠤᠷᠢᠲᠠᠨ ᠢ ᠬᠦᠮᠦᠵᠢᠭᠦᠯᠬᠦ ᠪᠠᠷ ᠭᠤᠤᠯᠳᠠᠯᠭ᠎ᠠ ᠪᠠᠨ ᠪᠤᠯᠭᠠᠵᠤ᠂  ᠡᠮᠴᠢᠯᠡᠭᠡᠨ ᠤ ᠴᠢᠨᠠᠷ ᠤᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠤᠨ ᠲᠦᠰᠦᠪ ᠲᠤᠭᠲᠠᠭᠠᠨ  ᠡᠮᠴᠢ ᠨᠠᠷ ᠢ ᠪᠤᠯᠪᠠᠰᠤᠷᠠᠭᠤᠯᠵᠠᠢ᠃  ᠤᠳᠠᠭᠠᠨ ᠵᠢᠯ ᠤᠨ ᠡᠮᠴᠢᠯᠡᠭᠡᠨ ᠤ ᠲᠤᠷᠰᠢᠯᠭ᠎ᠠ ᠪᠠᠨ ᠬᠡᠷᠡᠭᠯᠡᠵᠦ᠂  ᠶᠠᠳᠠᠭᠤ ᠬᠦᠴᠢᠷᠲᠡᠢ ᠬᠥᠩᠵᠢᠬᠦ ᠨᠠᠰᠤᠨ  ᠤ ᠡᠮᠡᠭᠲᠡᠶᠢᠴᠦᠳ ᠲᠤ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ ᠥᠭᠭᠦᠨ᠂  ︽ ᠬᠤᠶᠠᠷ  ᠦᠮᠠᠨ︾  ᠢ ᠤᠷᠢᠳᠴᠢᠯᠠᠨ ᠰᠡᠷᠭᠡᠶᠢᠡᠯᠬᠦ ᠪᠠ ᠡᠮᠴᠢᠯᠡᠵᠡᠢ᠃ 2018ᠣᠨ ᠤ12 ᠰᠠᠷ᠎ᠠ ᠶᠢᠨ15 ᠤ ᠡᠳᠦᠷ᠂  ᠬᠦᠴᠢᠷ ᠬᠥᠩᠭᠡᠵᠢᠯᠲᠡ ᠶᠢᠨ  ᠨᠢᠭᠡᠨ ᠡᠮᠡᠭᠲᠡᠢ ᠳᠤ ᠮᠡᠰᠡ ᠵᠠᠰᠠᠯ  ᠬᠢᠵᠦ ᠬᠥᠩᠭᠡᠵᠢᠭᠦᠯᠦᠨ  ᠡᠬᠡ ᠨᠢᠯᠬ᠎ᠠ ᠶᠢᠨ ᠠᠮᠢ ᠨᠠᠰᠤ ᠶᠢ ᠬᠠᠮᠲᠤ ᠳᠤ ᠨᠢ ᠠᠪᠤᠷᠠᠭᠰᠠᠨ ᠪᠠᠶᠢᠯ᠎ᠠ᠃  17 ᠤᠨ ᠡᠳᠦᠷ᠂  ᠡᠬᠡ ᠨᠢᠯᠬᠠᠰ ᠤᠨ ᠲᠥᠪ ᠤᠨ ᠠᠩᠬᠠᠳᠤᠭᠴᠢ ᠬᠡᠪᠡᠯᠢ ᠶᠢᠨ ᠲᠣᠯᠢ ᠶᠢᠨ ᠮᠡᠰᠡ ᠵᠠᠰᠠᠯ ᠢ ᠬᠢᠵᠦ᠂  ᠲᠡᠮᠳᠡᠭᠯᠡᠯ ᠡᠭᠦᠳᠴᠡᠢ᠃  ᠡᠪᠡᠳᠴᠢᠳᠡᠨ ᠢ ᠤᠨᠤᠭᠰᠢᠯᠠᠬᠤ᠂  ᠡᠪᠡᠳᠴᠢᠲᠡᠨ ᠶᠢᠨ ᠦᠷᠦᠭᠡ ᠶᠢ ᠪᠠᠶᠢᠴᠠᠭᠠᠬᠤ᠂  ᠮᠡᠰᠡ ᠵᠠᠰᠠᠯ ᠢ ᠳᠠᠭᠠᠭᠤᠯᠤᠨ ᠬᠢᠬᠦ᠂  ᠬᠦᠴᠢᠷ ᠲᠦᠪᠡᠭᠲᠡᠢ ᠡᠪᠡᠳᠴᠢᠨ ᠢ ᠬᠠᠮᠲᠤᠪᠡᠷ ᠰᠤᠳᠤᠯᠬᠤ᠂ ᠲᠤᠰᠬᠠᠢ ᠰᠡᠲᠦᠪᠲᠦ ᠮᠡᠳᠡᠯᠭᠡ ᠤᠨ  ᠶᠠᠷᠢᠶ᠎ᠠ ᠢᠯᠡᠳᠬᠡᠯ ᠬᠢᠬᠦ᠂  ᠪᠤᠳᠠᠲᠠᠢ ᠪᠠᠷ ᠲᠤᠷᠰᠢᠨ ᠬᠢᠬᠦ ᠵᠡᠷᠭᠡ ᠤᠯᠠᠨ ᠠᠷᠭ᠎ᠠ ᠬᠡᠯᠪᠡᠷᠢ ᠪᠠᠷ ᠶᠠᠳᠠᠭᠤ ᠬᠦᠴᠢᠷᠲᠡᠢ ᠭᠠᠵᠠᠷ ᠤᠷᠤᠨ ᠤ ᠡᠮ  ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠬᠦᠴᠦᠲᠡᠢ ᠲᠡᠮᠵᠢᠯᠭᠡ ᠦᠵᠡᠭᠦᠯᠦᠭᠰᠡᠨ ᠪᠠᠶᠢᠨ᠎ᠠ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号