ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠢᠨ ᠲᠦᠯᠦᠭᠡ᠂ ᠤᠶᠢᠷ᠎ᠠ ᠶᠢᠨ | ᠡᠳᠦᠷ᠂ ᠰᠢ ᠴᠢᠶᠤᠤ ᠵᠧᠨ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠭᠰᠡᠨ᠂ ᠰᠢ | ᠴᠢᠶᠤᠤ ᠵᠧᠨ ᠪᠠᠯᠭᠠᠰᠤᠨ ᠤ ᠰᠤᠷᠭᠠᠭᠤᠯᠢ ᠲᠠᠭᠠᠭᠠᠴᠢᠯᠠᠨ ᠡᠷᠬᠢᠯᠡᠭᠰᠡᠨ ︽ᠤᠭ ᠵᠤᠷᠢᠯᠳᠠ ᠪᠠᠨ ᠮᠠᠷᠳᠠᠬᠤ ᠦᠭᠡᠢ᠂ | ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ | ᠤᠢ ᠶᠢ ᠪᠡᠯᠭᠡᠯᠡᠬᠦ ᠤᠷᠠᠨ ᠰᠠᠶᠢᠬᠠᠨ ᠤ ᠲᠤᠭᠯᠠᠯᠳᠠ ᠶᠢ ᠰᠢ ᠴᠢᠶᠤᠤ ᠵᠧᠨ ᠪᠠᠯᠭᠠᠰᠤᠨ ᠤ ᠰᠤᠷᠭᠠᠭᠤᠯᠢ ᠳᠤ | ᠡᠷᠬᠢᠯᠡᠪᠡ᠃ ᠠᠭᠤᠯᠭ᠎ᠠ ᠬᠡᠯᠪᠡᠷᠢ ᠨᠢ ᠰᠢᠨ᠎ᠡ ᠰᠡᠪᠡᠬᠦᠨ ᠲᠤᠭᠯᠠᠯᠳᠠ ᠨᠢ ᠲᠤᠬᠠᠢ ᠶᠢᠨ ᠲᠠᠯᠠᠪᠠᠢ ᠶᠢᠨ ᠬᠦᠷ | ᠬᠦᠭᠵᠢᠶᠡᠨ ᠢ ᠨᠡᠮᠡᠭᠳᠡᠬᠦᠯᠵᠦ᠂ ᠦᠵᠡᠭᠴᠢᠳ ᠤᠨ ᠠᠯᠠᠭ᠎ᠠ ᠲᠠᠰᠢᠯᠳᠠ ᠨᠢᠵᠢᠬᠢᠨᠡᠵᠦ ᠪᠠᠶᠢᠯ᠎ᠠ᠃ ᠪᠦᠵᠢᠭ᠂ ᠨᠠᠶᠢᠷᠠᠯ | ᠲᠠᠭᠤᠤ᠂ ᠭᠤᠴᠤᠯᠠᠯ ᠲᠠᠭᠤᠤ ᠵᠡᠷᠭᠡ ᠤᠯᠠᠨ ᠵᠦᠢᠯ ᠤᠨ ᠬᠡᠯᠪᠡᠷᠢ ᠶᠢ ᠬᠠᠮᠤᠷᠠᠭᠰᠠᠨ ᠭᠤᠶᠤ ᠲᠤᠭᠯᠠᠯᠳᠠ ᠪᠤᠯᠪᠠ᠃ | | | ᠲᠤᠭᠯᠠᠯᠳᠠ ᠨᠢ ︽ᠪᠢ ᠡᠬᠡ ᠤᠯᠤᠰ ᠲᠠᠢ ᠪᠠᠨ︾ ᠭᠡᠬᠦ ᠪᠦᠵᠢᠭ ᠤᠨ ᠲᠤᠮᠳᠠ ᠡᠬᠢᠯᠡᠯᠳᠡ ᠶᠢᠨ ᠬᠦᠰᠢᠭᠡ ᠪᠠᠨ | ᠢᠷᠠᠪᠠ᠂ ᠭᠤᠶᠤ ᠰᠠᠶᠢᠬᠠᠨ ᠲᠤᠭᠯᠠᠯᠳᠠ ᠨᠢ ᠬᠦᠳᠡᠯᠭᠡᠭᠡᠨ ᠢ ᠤᠷᠬᠢᠯ ᠳᠤ ᠨᠢ ᠬᠦᠷᠭᠡᠵᠦ᠂ ᠬᠦᠮᠦᠨ ᠤ ᠰᠡᠳᠬᠢᠯ ᠢ | ᠲᠤᠭᠳᠤᠯᠤᠭᠤᠯᠵᠤ ᠪᠠᠶᠢᠯ᠎ᠠ᠃ ᠬᠦᠳᠡᠯᠭᠡᠭᠡᠨ ᠤ ᠲᠤᠮᠳᠠ᠂ ᠰᠢ ᠴᠢᠶᠤᠤ ᠵᠧᠨ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠠᠴᠠ ᠪᠦᠬᠦ ᠵᠢᠯ ᠤᠨ ᠠᠵᠢᠯ ᠤᠨ ᠲᠤᠮᠳᠠ ᠲᠤᠪᠤᠶᠢᠮ᠎ᠠ ᠠᠮᠵᠢᠯᠳᠠ ᠤᠯᠤᠭᠰᠠᠨ ᠲᠡᠷᠢᠬᠦᠨ ᠤ | ᠬᠠᠮᠳᠤ ᠨᠢᠭᠡᠴᠡ ᠪᠠ ᠲᠡᠷᠢᠬᠦᠨ ᠤ ᠬᠤᠪᠢ ᠬᠦᠮᠦᠨ ᠢ ᠱᠠᠩᠨᠠᠨ ᠬᠦᠬᠢᠭᠦᠯᠪᠡ᠂ ᠬᠠᠮᠤᠭ ᠰᠡᠬᠦᠯ ᠳᠤ ︽ᠡᠬᠡ | ᠤᠯᠤᠰ ᠢᠶᠠᠨ ᠮᠠᠭᠳᠠᠨ ᠲᠠᠭᠤᠯᠠᠨ᠎ᠠ︾ ᠭᠡᠬᠦ ᠨᠠᠶᠢᠷᠠᠯ ᠲᠠᠭᠤᠤ ᠶᠢᠨ ᠲᠤᠮᠳᠠ ᠲᠤᠭᠯᠠᠯᠳᠠ ᠦᠨᠳᠦᠷᠯᠡᠪᠡ᠃ | | | ᠲᠤᠰ ᠤᠳᠠᠭᠠᠨ ᠤ ᠲᠤᠭᠯᠠᠯᠳᠠ ᠨᠢ ᠤᠯᠠᠨ ᠵᠦᠢᠯ ᠤᠨ ᠤᠨᠴᠠᠯᠢᠭᠳᠤ ᠬᠦᠳᠡᠯᠭᠡᠭᠡᠨ ᠢᠶᠠᠷ ᠲᠠᠮᠵᠢᠵᠦ᠂ ᠲᠤᠰ | ᠪᠠᠯᠭᠠᠰᠤᠨ ᠤ ᠪᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠠᠨ ᠪᠡᠯᠭᠡᠯᠡᠬᠦ ᠬᠦᠳᠡᠯᠭᠡᠭᠡᠨ | ᠤ ᠴᠢᠬᠤᠯᠠ ᠠᠭᠤᠯᠭ᠎ᠠ ᠪᠤᠯᠭᠠᠵᠤ᠂ ︽ ᠪᠤᠳᠠᠳᠠᠢ ᠲᠠᠢ ᠤᠶᠢᠷᠠᠳᠴᠦ᠂ ᠠᠮᠢᠳᠤᠷᠠᠯ ᠳᠤ ᠤᠶᠢᠷᠠᠳᠴᠦ᠂ ᠤᠯᠠᠨ | ᠲᠦᠮᠡᠨ ᠲᠠᠢ ᠤᠶᠢᠷᠠᠳᠤᠯᠴᠠᠨ︾ ᠰᠤᠶᠤᠯ ᠢ ᠬᠦᠳᠡᠭᠡ ᠲᠤᠰᠬᠤᠨ ᠳᠤ ᠬᠦᠷᠭᠡᠬᠦ ᠪᠤᠳᠠᠳᠠᠢ ᠠᠷᠭ᠎ᠠ ᠬᠡᠮᠵᠢᠶ᠎ᠡ ᠪᠤᠯᠬᠤ | ᠶᠤᠮ᠂ ᠪᠠᠰᠠᠴᠤ ᠰᠢ ᠴᠢᠶᠤᠤ ᠵᠧᠨ ᠪᠠᠯᠭᠠᠰᠤᠨ ᠤ ᠠᠵᠤ ᠠᠬᠤᠢ ᠨᠡᠶᠢᠬᠡᠮ ᠤᠨ ᠡᠯ᠎ᠡ ᠵᠦᠢᠯ ᠤᠨ ᠦᠢᠯᠡᠰ ᠤᠨ | ᠬᠦᠭᠵᠢᠯᠳᠡ ᠶᠢᠨ ᠦᠷ᠎ᠡ ᠪᠦᠳᠦᠭᠡᠯ ᠪᠠ ᠰᠢ ᠴᠢᠶᠤᠤ ᠶᠢᠨ ᠬᠦᠪᠡᠭᠦᠳ ᠦᠬᠢᠳ ᠤᠨ ᠤᠷᠬᠢᠯᠤᠮ᠎ᠠ ᠬᠠᠯᠠᠭᠤᠨ ᠵᠤᠷᠢᠭ | ᠰᠠᠨᠠᠭ᠎ᠠ ᠶᠢ ᠲᠡᠯᠭᠡᠨ ᠦᠵᠡᠬᠦᠯᠬᠦ ᠨᠢᠭᠡᠨ ᠤᠳᠠᠭᠠᠨ ᠤ ᠦᠪᠡᠳᠡᠭᠰᠢ ᠴᠤᠭᠯᠠᠭᠠᠨ ᠪᠤᠯᠬᠤ ᠶᠤᠮ᠂ ᠲᠤᠭᠯᠠᠯᠳᠠ ᠨᠢ ᠡᠪ | ᠬᠠᠮᠳᠤ ᠰᠠᠶᠢᠨ᠂ ᠨᠡᠶᠢᠭᠡᠮ ᠵᠢᠷᠦᠮ ᠰᠠᠶᠢᠨ᠂ ᠠᠭᠤᠤ ᠶᠡᠭᠡ ᠡᠬᠡ ᠤᠯᠤᠰ ᠰᠠᠶᠢᠨ ᠭᠡᠬᠦ ᠰᠢᠨ᠎ᠡ ᠴᠠᠭ ᠦᠶ᠎ᠡ ᠶᠢᠨ | ᠭᠤᠤᠯ ᠠᠶᠢᠵᠢᠮ ᠢ ᠮᠠᠭᠳᠠᠨ ᠲᠠᠭᠤᠯᠠᠪᠠ᠃ ᠡᠬᠦᠨ ᠤ ᠬᠠᠮᠳᠤ᠂ ᠲᠤᠭᠯᠠᠭᠴᠢᠳ ᠤᠨ ᠢᠷᠠᠭᠤ ᠲᠤᠳᠤ ᠡᠭᠡᠰᠢᠭ᠂ | ᠤᠷᠬᠢᠯᠤᠮ᠎ᠠ ᠬᠠᠯᠠᠭᠤᠨ ᠰᠡᠳᠬᠢᠯᠭᠡ ᠨᠢ ᠨᠠᠮ ᠳᠤ ᠪᠠᠨ ᠬᠢᠵᠠᠭᠠᠯᠠᠰᠢ ᠦᠭᠡᠢ ᠦᠨᠡᠨᠴᠢ᠂ ᠡᠬᠡ ᠤᠯᠤᠰ ᠲᠤ ᠪᠠᠨ | ᠢᠷᠦᠭᠡᠯ ᠵᠦᠩᠨᠡᠯ ᠢᠶᠠᠨ ᠲᠡᠪᠰᠢᠬᠦᠯᠵᠦ ᠪᠠᠶᠢᠬᠤ ᠶᠢ ᠢᠯᠡᠷᠡᠬᠦᠯᠵᠦ ᠡᠷᠡᠯᠬᠡᠭᠯᠡᠨ ᠤᠷᠤᠭᠰᠢᠯᠠᠵᠤ᠂ ᠪᠦᠯᠬᠦᠮᠳᠡᠨ | ᠲᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ ᠴᠢᠳᠠᠪᠠ᠃ | | |