ᠨᠢᠦ ᠵᠢᠶᠠ ᠢᠩᠽᠢ ᠪᠠᠯᠭᠠᠰᠤᠨ ᠤ ᠪᠤᠶᠠᠨᠰᠠᠭ ᠠᠵᠤ ᠠᠬᠤᠶᠢᠯᠠᠯ ᠴᠦᠩ ᠶᠠᠩ ᠤᠨ ᠪᠠᠶᠠᠷ ᠤᠨ ᠡᠳᠦᠷ ᠨᠠᠰᠤᠳᠠᠳ ᠢ ᠠᠰᠠᠷᠠᠬᠤ ᠬᠦᠷᠢᠶᠡᠯᠡᠩ ᠳᠤ ᠬᠦᠷᠴᠦ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2019/10/28
ᠶᠢᠰᠦᠨ ᠰᠠᠷ᠎ᠠ ᠶᠢᠨ ᠶᠢᠰᠦᠨ ᠤ ᠴᠦᠩ ᠶᠠᠩ ᠤᠨ ᠪᠠᠶᠠᠷ ᠤᠨ ᠡᠳᠦᠷ ᠢᠶᠠᠷ ᠨᠠᠰᠤᠳᠠᠳ ᠢᠶᠠᠨ ᠬᠦᠨᠳᠤᠯᠡᠭᠦ ᠰᠠᠶᠢᠬᠠᠨ ᠵᠠᠩ ᠲᠠᠳᠬᠠᠯ ᠲᠠᠢ ᠪᠢᠯᠡ᠂ ︽ᠨᠠᠰᠤᠳᠠᠳ ᠢᠶᠠᠨ ᠬᠦᠨᠳᠤᠯᠡᠵᠦ᠂ ᠨᠠᠰᠤᠳᠠᠳ ᠢᠶᠠᠨ ᠬᠦᠨᠳᠦᠳᠭᠡᠵᠦ᠂ ᠨᠠᠰᠤᠳᠠᠳ ᠢᠶᠠᠨ ᠬᠠᠶᠢᠷᠠᠯᠠᠬᠤ︾ ᠨᠢ ᠲᠤᠮᠳᠠᠳᠤ ᠶᠢᠨ ᠦᠨᠳᠦᠰᠦᠳᠡᠨ ᠤ ᠤᠯᠠᠮᠵᠢᠯᠠᠯᠳᠤ ᠰᠠᠶᠢᠬᠠᠨ ᠮᠤᠷᠠᠯ ᠶᠤᠮ᠃ ᠤᠶᠢᠷ᠎ᠠ ᠳᠤ᠂ ᠨᠢᠦ ᠵᠢᠶᠠ ᠢᠩᠽᠢ ᠪᠠᠯᠭᠠᠰᠤᠨ ᠤ ᠪᠤᠶᠠᠨᠰᠠᠭ ᠠᠵᠤ ᠠᠬᠤᠶᠢᠯᠠᠯ ᠪᠤᠯᠬᠤ ᠤᠯᠠᠭᠠᠨᠬᠳᠠ ᠶᠢᠨ ᠵᠢᠶᠠ ᠴᠧᠩ ᠮᠠᠰᠢᠨ ᠬᠦᠳᠡᠯᠭᠡᠭᠦᠷᠳᠦ ᠲᠡᠷᠭᠡ ᠬᠢᠨᠡᠨ ᠰᠢᠯᠭᠠᠬᠤ ᠬᠢᠵᠠᠭᠠᠷᠳᠤ ᠺᠣᠮᠫᠠᠨᠢ ᠶᠢᠨ ᠯᠢ ᠵᠢᠶᠦ᠋ᠨ ᠬᠤᠸᠠ ᠦᠷᠳᠡᠭᠡᠨ ᠲᠠᠷᠤᠭ᠎ᠠ ᠵᠡᠷᠭᠡ ᠠᠷᠪᠠ ᠭᠠᠷᠤᠢ ᠬᠦᠮᠦᠨ ᠨᠠᠰᠤᠳᠠᠶᠢᠴᠤᠳ ᠢᠶᠠᠨ ᠬᠠᠶᠢᠷᠠᠯᠠᠬᠤ ᠪᠤᠶᠠᠨᠰᠠᠭ ᠰᠡᠳᠬᠢᠯ ᠡᠪᠦᠷᠯᠡᠨ᠂ ᠨᠢᠦ ᠵᠢᠶᠠ ᠢᠩᠽᠢ ᠪᠠᠯᠭᠠᠰᠤᠨ ᠤ ᠨᠠᠰᠤᠳᠠᠳ ᠢ ᠠᠰᠠᠷᠠᠬᠤ ᠬᠦᠷᠢᠶᠡᠯᠡᠩ ᠳᠤ ᠬᠦᠷᠴᠦ ᠪᠤᠯᠭᠤᠭᠠᠨ ᠲᠤᠬᠤᠨᠢᠭᠤᠯᠪᠠ᠃ᠲᠤᠰ ᠤᠳᠠᠭᠠᠨ ᠤ ᠬᠦᠳᠡᠯᠭᠡᠭᠡᠨ ᠨᠢ ︽ᠨᠠᠰᠤᠳᠠᠶᠢᠴᠤᠳ ᠲᠠᠢ ᠬᠠᠶᠢᠷ᠎ᠠ ᠪᠠᠨ ᠬᠤᠯᠪᠤᠵᠤ᠂ ᠨᠠᠰᠦᠳᠡᠶᠢᠴᠤᠳ ᠢᠶᠠᠨ ᠬᠠᠶᠢᠷᠠᠯᠠᠬᠤ︾ ᠪᠠᠷ ᠭᠤᠤᠯ ᠰᠡᠳᠦᠪ ᠪᠤᠯᠭᠠᠭᠰᠠᠨ ᠶᠤᠮ᠂ ᠲᠡᠳᠡ ᠨᠠᠰᠤᠳᠠᠳ ᠢ ᠠᠰᠠᠷᠠᠬᠤ ᠬᠦᠷᠢᠶᠡᠯᠡᠩ ᠤᠨ ᠨᠠᠰᠦᠳᠡᠶᠢᠴᠤᠳ ᠲᠤ ᠴᠤ᠋ ᠰᠢᠨ᠎ᠠ ᠬᠦᠪᠦᠩ ᠬᠤᠪᠴᠠᠰᠤ ᠪᠠ ᠤᠷᠤ ᠶᠢᠨ ᠪᠦᠳᠡᠭᠡᠯᠭᠡ᠂ ᠬᠦᠨᠵᠢᠯᠡ ᠶᠢᠨ ᠭᠠᠳᠠᠷ᠂ ᠰᠦ ᠵᠡᠷᠭᠡ ᠠᠮᠢᠳᠤᠷᠠᠯ ᠤᠨ ᠬᠡᠷᠡᠭᠯᠡᠬᠦ ᠪᠤᠳᠠᠰ ᠬᠦᠷᠭᠡᠵᠦ᠂ ᠲᠡᠳᠡᠨ ᠤ ᠦᠷᠦᠭᠡ ᠭᠡᠷ ᠢ ᠴᠡᠪᠡᠷᠯᠡᠨ ᠦᠭᠴᠦ᠂ ᠮᠢᠬ᠎ᠠ ᠨᠤᠭᠤᠭ᠎ᠠ ᠠᠪᠴᠢᠷᠠᠵᠤ ᠪᠠᠩᠰᠢ ᠪᠠᠷᠢᠵᠤ ᠢᠳᠡᠭᠦᠯᠪᠡ᠃ᠪᠠᠯᠭᠠᠰᠤᠨ ᠤ ᠨᠠᠰᠤᠳᠠᠳ ᠢ ᠠᠰᠠᠷᠠᠬᠤ ᠬᠦᠷᠢᠶᠡᠯᠡᠩ ᠤᠨ ᠲᠠᠷᠤᠭ᠎ᠠ ᠪᠠ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠮᠧᠩ ᠹᠠᠨ ᠰᠢᠤᠸᠠᠢ ᠠᠴᠠ᠂ ᠪᠤᠶᠠᠨᠰᠠᠭ ᠠᠵᠤ ᠠᠬᠤᠶᠢᠯᠠᠯ ᠨᠢ ᠨᠠᠰᠤᠳᠠᠳ ᠢ ᠠᠰᠠᠷᠠᠬᠤ ᠬᠦᠷᠢᠶᠡᠯᠡᠩ ᠢ ᠲᠡᠮᠵᠢᠵᠦ ᠪᠠᠶᠢᠭ᠎ᠠ ᠳᠤ ᠲᠠᠯᠠᠷᠬᠠᠵᠤ ᠪᠠᠶᠢᠨ᠎ᠠ᠂ ᠪᠢᠳᠠ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠨᠢᠬᠡᠳᠦᠯᠵᠢᠬᠦᠯᠦᠨ ᠵᠤᠬᠢᠴᠠᠭᠤᠯᠵᠤ᠂ ᠨᠠᠰᠤᠳᠠᠳ ᠢ ᠠᠰᠠᠷᠠᠬᠤ ᠬᠦᠷᠢᠶᠠᠯᠠᠩ ᠤᠨ ᠠᠵᠢᠯ ᠢ ᠰᠠᠶᠢᠨ ᠬᠢᠵᠦ᠂ ᠠᠳᠡ ᠪᠠᠶᠢᠭ᠎ᠠ ᠨᠠᠰᠤᠳᠠᠶᠢᠴᠤᠳ ᠢ ᠦᠳᠡᠯᠦᠭᠰᠡᠳ ᠶᠢ ᠠᠰᠠᠷᠠᠨ ᠬᠠᠷᠠᠭᠠᠯᠵᠠᠵᠤ᠂ ᠦᠳᠡᠯᠦᠭᠰᠡᠨ ᠴᠤ ᠰᠤᠷᠤᠯᠴᠠᠵᠤ ᠂ ᠦᠳᠡᠯᠦᠭᠰᠡᠨ ᠴᠤ ᠬᠢᠬᠦ ᠠᠵᠢᠯ ᠲᠠᠢ᠂ ᠦᠳᠡᠯᠦᠭᠰᠡᠨ ᠴᠤ ᠪᠠᠶᠠᠷ ᠪᠠᠶᠠᠰᠤᠯ ᠲᠠᠢ᠂ ᠦᠳᠡᠯᠦᠭᠡ  ᠨᠠᠰᠤᠨ ᠳᠤ ᠨᠢ ᠠᠮᠤᠷ ᠵᠢᠷᠭᠠᠯ ᠲᠠᠢ ᠪᠠᠶᠢᠯᠭᠠᠨ᠎ᠠ ᠭᠡᠵᠦ ᠬᠡᠯᠡᠵᠦ ᠪᠠᠶᠢᠯ᠎ᠠ᠃ᠤᠯᠠᠭᠠᠨᠬᠳᠠ ᠶᠢᠨ ᠵᠢᠶᠠ ᠴᠧᠩ ᠮᠠᠰᠢᠨ ᠬᠦᠳᠡᠯᠭᠡᠭᠦᠷᠳᠦ ᠲᠡᠷᠭᠡ ᠬᠢᠨᠡᠨ ᠰᠢᠯᠭᠠᠬᠤ ᠬᠢᠵᠠᠭᠠᠷᠳᠤ ᠺᠣᠮᠫᠠᠨᠢ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠬ᠎ᠠ ᠲᠡᠯᠭᠡᠭᠦᠷ ᠲᠤ ᠬᠢᠨᠠᠯᠳᠠ ᠲᠠᠯᠪᠢᠬᠤ ᠲᠤᠪᠴᠢᠶᠠᠨ ᠠᠴᠠ ᠬᠢᠨᠡᠨ ᠵᠦᠪᠰᠢᠶᠡᠷᠡᠭᠰᠡᠨ ᠮᠠᠰᠢᠨ ᠲᠡᠷᠭᠡ ᠬᠢᠨᠡᠨ ᠰᠢᠯᠭᠠᠬᠤ ᠪᠠᠶᠢᠭᠤᠯᠤᠮᠵᠢ ᠪᠤᠯᠬᠤ ᠶᠤᠮ᠂ ᠺᠤᠮᠫᠠᠨᠢ ᠨᠢ ᠤᠯᠠᠭᠠᠨᠬᠳᠠ ᠬᠤᠳᠠ ᠶᠢᠨ ᠬᠠᠷᠠᠴᠢᠨ ᠬᠤᠰᠢᠭᠤᠨ ᠤ ᠨᠢᠦ ᠵᠢᠶᠠ ᠢᠩᠽᠢ ᠪᠠᠯᠭᠠᠰᠤᠨ ᠤ ᠰᠢ ᠱᠠᠨ ᠠᠵᠤ ᠦᠢᠯᠡᠳᠪᠦᠷᠢ ᠶᠢᠨ ᠲᠤᠭᠤᠷᠢᠭ ᠲᠤ ᠪᠠᠶᠢᠷᠢᠯᠠᠵᠤ ᠪᠠᠶᠢᠳᠠᠭ᠂ 2017 ᠤᠨ ᠤ 6 ᠰᠠᠷ᠎ᠠ ᠶᠢᠨ1 ᠤ ᠡᠳᠦᠷ ᠪᠠᠶᠢᠭᠤᠯᠤᠭᠳᠠᠪᠠ᠂ ᠶᠡᠷᠦᠩᠬᠡᠢ ᠲᠠᠯᠠᠪᠠᠢ ᠨᠢ ᠨᠢᠭᠡ ᠲᠦᠮᠡ ᠭᠠᠷᠤᠢ ᠲᠡᠭᠰᠢ ᠲᠦᠷᠪᠡᠯᠵᠢᠨ ᠮᠧᠲᠷ ᠪᠠᠶᠢᠵᠤ᠂ ᠨᠢᠭᠡ ᠮᠢᠩᠭᠠᠨ ᠲᠦᠮᠡᠨ ᠲᠦᠬᠦᠷᠢᠭ ᠪᠡᠯᠡ ᠤᠷᠤᠭᠤᠯᠪᠠ᠂ ᠺᠤᠮᠫᠠᠨᠢ ᠨᠢ ᠪᠦᠬᠦ ᠤᠯᠤᠰ ᠤᠨ ᠬᠡᠪᠴᠢᠶᠡᠨ ᠤ ᠡᠯ᠎ᠡ ᠵᠦᠢᠯ ᠤᠨ ᠮᠠᠰᠢᠨ ᠬᠦᠳᠡᠯᠭᠡᠭᠦᠷᠳᠦ ᠲᠡᠷᠭᠡ ᠶᠢ ᠬᠢᠨᠡᠨ ᠰᠢᠯᠭᠠᠬᠤ ᠲᠤᠰᠬᠠᠢ ᠠᠵᠢᠯ ᠢ ᠲᠠᠭᠠᠭᠠᠨ ᠠᠪᠴᠤ ᠬᠢᠵᠦ ᠪᠠᠶᠢᠳᠠᠭ᠃ S206 ᠮᠤᠵᠢ ᠶᠢᠨ ᠲᠡᠰ ᠤᠨ ᠵᠠᠰᠠᠮᠠᠯ ᠵᠠᠮ᠂ ᠢᠦᠢ ᠯᠦᠩ ᠲᠦᠷᠭᠡᠨ ᠵᠠᠮ ᠤᠨ ᠭᠠᠷᠬᠤ ᠬᠡᠰᠡᠭ ᠲᠤ  ᠪᠠᠶᠢᠷᠢᠯᠠᠵᠤ᠂ ᠵᠠᠮ ᠬᠠᠷᠢᠯᠴᠠᠭ᠎ᠠ ᠲᠤᠩ ᠲᠦᠭᠦᠮ ᠪᠠᠶᠢᠳᠠᠭ᠃ ᠺᠤᠮᠫᠠᠨᠢ ᠨᠢ ︽ᠨᠢᠭᠡ ᠦᠷᠳᠡᠭᠡ ᠶᠢᠨ ᠬᠡᠯᠪᠡᠷᠢ︾ ᠶᠢᠨ ᠦᠢᠯᠡᠴᠢᠯᠡᠭᠡ ᠬᠠᠩᠭᠠᠵᠤ᠂ ᠲᠠᠯᠪᠢᠬᠤ ᠬᠠᠮᠢᠶᠠᠷᠬᠤ ᠦᠢᠯᠡᠴᠢᠯᠡᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭᠳᠠᠢ ᠪᠠᠶᠢᠯᠭᠠᠵᠤ ᠴᠢᠳᠠᠪᠠ᠃ ᠺᠤᠮᠫᠠᠨᠢ ᠪᠠᠶᠢᠭᠤᠯᠤᠭᠳᠠᠭᠰᠠᠨ  ᠠᠴᠠ ᠨᠠᠰᠢ ᠤᠯᠠᠨ ᠤᠳᠠᠭ᠎ᠠ ᠲᠤᠷᠤᠢ ᠪᠠᠭᠤᠷᠠᠢ ᠬᠦᠮᠦᠰ ᠢ ᠲᠤᠰᠠᠯᠠᠨ ᠲᠡᠮᠵᠢᠵᠦ᠂ ᠬᠢᠵᠦ ᠲᠡᠶᠢᠯᠬᠦᠶᠢᠴᠡ ᠨᠡᠮᠡᠷᠢ ᠬᠠᠨᠳᠢᠪ ᠢᠶᠠᠨ ᠬᠠᠷᠠᠮ ᠦᠭᠡᠢ ᠡᠷᠭᠦᠭᠰᠡᠭᠡᠷ ᠢᠷᠡᠭᠰᠡᠨ ᠶᠤᠮ᠃ᠦᠳᠡ ᠶᠢᠨ ᠦᠶ᠎ᠡ ᠪᠠᠷ ᠵᠢᠶᠠ ᠴᠧᠩ ᠮᠠᠰᠢᠨ ᠬᠦᠳᠡᠯᠭᠡᠭᠦᠷᠳᠦ ᠲᠡᠷᠭᠡ ᠬᠢᠨᠡᠨ ᠰᠢᠯᠭᠠᠬᠤ ᠬᠢᠵᠠᠭᠠᠷᠳᠤ ᠺᠣᠮᠫᠠᠨᠢ ᠶᠢᠨ ᠤᠳᠤᠷᠢᠳᠤᠯᠭ᠎ᠠ ᠪᠠ ᠠᠵᠢᠯᠳᠠᠳ ᠨᠢ ᠨᠠᠰᠦᠳᠡᠶᠢᠴᠤᠳ ᠲᠠᠢ ᠬᠠᠮᠳᠤ ᠶᠢᠨ ᠵᠢᠷᠤᠭ ᠠᠪᠬᠠᠭᠤᠯᠵᠤ᠂ ᠪᠤᠯᠭᠤᠭᠠᠨ ᠲᠤᠬᠤᠨᠢᠭᠤᠯᠬᠤ ᠬᠦᠳᠡᠯᠭᠡᠭᠡᠨ ᠪᠠᠶᠠᠷ ᠬᠦᠷ ᠲᠠᠢ ᠦᠨᠳᠦᠷᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号