ᠾᠧᠪᠧᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠮᠤᠷ ᠲᠦᠪᠰᠢᠨ ᠦᠢᠯᠡᠳᠪᠦᠷᠢᠯᠡᠯ ᠤᠨ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠪᠠ
ᠨᠡᠶᠢᠲᠡᠯᠡᠭᠰᠡᠨ ᠴᠠᠭ᠄
2019/10/28
 ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠮᠤᠷ ᠲᠦᠪᠰᠢᠨ ᠦᠢᠯᠡᠳᠪᠦᠷᠢᠯᠡᠯ ᠤᠨ ᠠᠵᠢᠯ ᠢᠶᠠᠨ ᠦᠨᠡᠨᠬᠦ ᠴᠢᠩᠭᠠᠳᠬᠠᠵᠤ᠂ ᠠᠮᠤᠷ ᠲᠦᠪᠰᠢᠨ ᠤ ᠡᠯ᠎ᠡ ᠵᠦᠢᠯ ᠤᠨ ᠬᠡᠷᠡᠭ ᠠᠳᠡᠯ ᠢ ᠴᠢᠩᠭ᠎ᠠ ᠰᠡᠷᠭᠡᠶᠢᠯᠡᠨ ᠬᠤᠷᠢᠭᠯᠠᠬᠤ ᠶᠢᠨ ᠲᠦᠯᠦᠭᠡ᠂ ᠬᠠᠷᠠᠴᠢᠨ ᠬᠤᠰᠢᠭᠤᠨ ᠤ ᠾᠧᠪᠧᠢ ᠵᠡᠭᠡᠯᠢ ᠭᠤᠳᠤᠮᠵᠢ ᠶᠢᠨ ᠬᠢᠨᠢ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠠᠮᠤᠷ ᠲᠦᠪᠰᠢᠨ ᠦᠢᠯᠡᠳᠪᠦᠷᠢᠯᠡᠯ ᠤᠨ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠵᠦ᠂ ᠠᠷᠠᠳ ᠤᠯᠠᠨ ᠤ ᠠᠮᠤᠷ ᠲᠦᠪᠰᠢᠨ᠂ ᠪᠠᠶᠠᠷ ᠪᠠᠶᠠᠰᠤᠯ ᠲᠠᠢ ᠡᠶ᠎ᠡ ᠨᠠᠶᠢᠷ ᠲᠠᠢ ᠪᠠᠶᠠᠷ ᠤᠨ ᠡᠳᠦᠷ ᠢᠶᠠᠨ ᠦᠩᠭᠡᠷᠡᠭᠡᠬᠦ ᠶᠢ ᠪᠠᠳᠤᠯᠠᠪᠠ᠃ᠨᠢᠭᠡ ᠳᠤ᠂ ᠤᠬᠠᠭᠤᠯᠭ᠎ᠠ ᠶᠢᠨ ᠨᠤᠭᠤᠯᠪᠤᠷᠢ ᠶᠢ ᠬᠢᠪᠡ᠃ ᠾᠧᠪᠧᠢ ᠵᠡᠭᠡᠯᠢ ᠭᠤᠳᠤᠮᠵᠢ ᠶᠢᠨ ᠬᠠᠮᠢᠶᠠᠷᠣᠯᠳᠠ ᠶᠢᠨ ᠠᠯᠪᠠᠨ ᠭᠡᠷ ᠨᠢ ᠠᠮᠤᠷ ᠲᠦᠪᠰᠢᠨ ᠦᠢᠯᠡᠳᠪᠦᠷᠢᠯᠡᠯ ᠤᠨ ᠠᠵᠢᠯ ᠢ ᠤᠯᠠᠨ ᠤᠳᠠᠭ᠎ᠠ ᠪᠠᠶᠢᠷᠢᠯᠠᠭᠤᠯᠵᠤ᠂ ᠠᠮᠤᠷ ᠲᠦᠪᠰᠢᠨ ᠤ ᠰᠡᠷᠡᠮᠵᠢ ᠶᠢᠨ ᠬᠤᠩᠬᠤ ᠶᠢ ᠴᠠᠭ ᠢᠮᠠᠭᠳᠠ ᠲᠤᠤᠭᠠᠷᠭᠠᠪᠠ᠃ ᠤᠯᠤᠰ ᠤᠨ ᠪᠠᠶᠠᠷ ᠤᠨ ᠤᠷᠢᠳ᠂ ᠠᠶᠤᠯᠭᠦᠢ ᠦᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠠᠯᠪᠠᠨ ᠭᠡᠷ ᠠᠴᠠ ︽ᠤᠯᠤᠰ ᠤᠨ ᠪᠠᠶᠠᠷ ᠤᠨ 70 ᠵᠢᠯ ᠤᠨ ᠦᠪᠡᠳᠡᠭᠰᠢ ᠪᠠᠶᠠᠷ ᠢ ᠨᠡᠶᠢᠭᠡᠮ ᠲᠠᠶᠠᠭᠠᠷ ᠪᠡᠯᠭᠡᠯᠡᠬᠦ ᠳᠤ ᠠᠮᠤᠷ ᠲᠦᠪᠰᠢᠨ ᠢ ᠠᠩᠬᠠᠷᠬᠤ︾ ᠤᠬᠠᠭᠤᠯᠭ᠎ᠠ ᠶᠢᠨ ᠨᠤᠭᠤᠯᠪᠤᠷᠢ ᠶᠢ ᠦᠢᠯᠡᠳᠴᠤ᠂ ᠠᠶᠤᠯᠬᠦᠢ ᠦᠢᠯᠡᠳᠪᠤᠷᠢᠯᠡᠯ ᠤᠨ ᠶᠢᠰᠦᠨ ᠵᠤᠷᠪᠤᠰ ᠬᠤᠷᠢᠭ ᠴᠠᠭᠠᠵᠠ᠂ ᠴᠠᠭᠢᠯᠭᠠᠨ ᠢ ᠠᠮᠤᠷ ᠲᠦᠪᠰᠢᠨ ᠬᠡᠷᠡᠭᠯᠡᠬᠦ᠂ ᠤᠯᠠᠨ ᠨᠡᠶᠢᠳᠡ ᠶᠢᠨ ᠭᠠᠵᠠᠷ ᠲᠠᠬᠢ ᠠᠮᠤᠷ ᠲᠦᠪᠰᠢᠨ ᠤ ᠵᠢᠵᠢᠭ ᠰᠠᠨᠠᠭᠤᠯᠭ᠎ᠠ᠂ ᠵᠢᠭᠤᠯᠴᠢᠯᠠᠯ ᠬᠢᠬᠦ ᠠᠮᠤᠷ ᠲᠦᠪᠰᠢᠨ ᠤ ᠲᠤᠬᠠᠢ ᠵᠢᠵᠢᠭ ᠰᠠᠨᠠᠭᠤᠯᠭ᠎ᠠ᠂ ᠨᠠᠮᠤᠷ ᠤᠨ ᠬᠤᠷᠢᠶᠠᠯᠳᠠ ᠠᠮᠤᠷ ᠲᠦᠪᠰᠢᠨ ᠦᠢᠯᠡᠳᠪᠦᠷᠢᠯᠡᠯ ᠳᠤ ᠠᠩᠬᠠᠷᠬᠤ ᠵᠦᠢᠯ ᠵᠡᠷᠭᠡ 9 ᠲᠦᠷᠦᠯ ᠤᠨ ᠠᠭᠤᠯᠭ᠎ᠠ ᠶᠢ ᠪᠠᠭᠳᠠᠭᠠᠪᠠ᠃ᠬᠤᠶᠠᠷ ᠲᠤ᠂ ᠲᠦᠪᠯᠡᠷᠡᠭᠦᠯᠦᠭᠰᠡᠨ ᠤᠬᠠᠭᠤᠯᠬᠤ ᠬᠦᠳᠡᠯᠭᠡᠭᠡᠨ ᠢ ᠦᠷᠨᠢᠭᠦᠯᠪᠡ᠃ 9 ᠰᠠᠷ᠎ᠠ ᠶᠢᠨ 28 ᠤ ᠡᠳᠦᠷ᠂ ᠾᠧᠪᠧᠢ ᠵᠡᠭᠡᠯᠢ ᠭᠤᠳᠤᠮᠵᠢ ᠶᠢᠨ ᠬᠢᠨᠢ ᠪᠧᠢ ᠱᠠᠨ ᠠᠭᠤᠳᠠᠮ ᠲᠠᠯᠠᠪᠠᠢ ᠳᠤ ᠤᠯᠤᠰ ᠤᠨ ᠪᠠᠶᠠᠷ ᠢ ᠪᠡᠯᠭᠡᠯᠡᠬᠦ ᠠᠶᠤᠯᠬᠦᠢ ᠦᠢᠯᠡᠳᠪᠦᠷᠢᠯᠡᠯ ᠤᠨ ᠲᠦᠪᠯᠡᠷᠡᠭᠦᠯᠦᠭᠰᠡᠨ ᠤᠬᠠᠭᠤᠯᠬᠤ ᠬᠦᠳᠡᠯᠭᠡᠭᠡᠨ ᠢ ᠦᠷᠨᠢᠭᠦᠯᠵᠦ᠂ ᠬᠦᠳᠡᠯᠭᠡᠭᠡᠨ ᠤ ᠲᠤᠬᠠᠢ ᠲᠠᠯᠠᠪᠠᠢ ᠳᠤ 800 ᠭᠠᠷᠤᠢ ᠬᠤᠪᠢ ᠤᠬᠠᠭᠤᠯᠭ᠎ᠠ ᠶᠢᠨ ᠨᠤᠭᠤᠯᠪᠤᠷᠢ ᠶᠢ ᠲᠠᠷᠬᠠᠭᠠᠵᠤ᠂ ᠤᠯᠠᠨ ᠤ ᠠᠰᠠᠭᠤᠨ ᠯᠠᠪᠯᠠᠯᠳᠠ ᠶᠢ 50 ᠬᠦᠮᠦᠨ ᠤᠳᠠᠭ᠎ᠠ ᠬᠦᠯᠢᠶᠡᠨ ᠠᠪᠤᠪᠠ᠂ ᠤᠯᠠᠨ ᠲᠦᠮᠡᠨ ᠤ ᠠᠮᠢ ᠨᠠᠰᠤ ᠪᠠᠨ ᠬᠠᠶᠢᠷᠠᠯᠠᠬᠤ᠂ ᠠᠮᠤᠷ ᠲᠦᠪᠰᠢᠨ ᠢ ᠬᠦᠨᠳᠦᠳᠭᠡᠬᠦ ᠶᠢ ᠵᠢᠯᠤᠭᠤᠳᠴᠤ᠂ ᠠᠶᠤᠯᠬᠦᠢ ᠦᠢᠯᠡᠳᠪᠦᠷᠢᠯᠡᠯ ᠤᠨ ᠮᠠᠰᠢ ᠰᠠᠶᠢᠨ ᠪᠠᠶᠢᠳᠠᠯ ᠢ ᠪᠤᠢ ᠪᠤᠯᠭᠠᠪᠠ᠃ᠭᠤᠷᠪᠠ ᠳᠤ᠂ ᠨᠠᠮᠤᠷ ᠤᠨ ᠬᠤᠷᠢᠶᠠᠯᠳᠠ ᠳᠤ ᠴᠢᠭᠯᠡᠭᠦᠯᠵᠦ ᠤᠬᠠᠭᠤᠯᠬᠤ ᠬᠦᠳᠡᠯᠭᠡᠭᠡᠨ ᠦᠷᠨᠢᠬᠦᠯᠪᠡ᠃ ᠾᠧᠪᠧᠢ ᠵᠡᠭᠡᠯᠢ ᠭᠤᠳᠤᠮᠵᠢ ᠶᠢᠨ ᠬᠢᠨᠢ ᠨᠠᠮᠤᠷ ᠤᠨ ᠬᠤᠷᠢᠶᠠᠯᠳᠠ ᠪᠤᠯᠬᠤ ᠲᠠᠰᠢᠷᠠᠮ᠂ ᠠᠶᠤᠯᠭᠦᠢ ᠦᠢᠯᠡᠳᠪᠦᠷᠢᠯᠡᠯ ᠤᠨ ᠭᠡᠮ ᠰᠤᠭᠤᠭ ᠨᠡᠮᠡᠭᠳᠡᠬᠦ ᠪᠤᠳᠠᠳᠠᠢ ᠪᠠᠶᠢᠳᠠᠯ ᠳᠤ ᠴᠢᠭᠯᠡᠭᠦᠯᠵᠦ᠂ ᠴᠢᠭᠯᠡᠯᠳᠦ ᠴᠢᠨᠡᠷ ᠲᠠᠢ ᠤᠬᠠᠭᠤᠯᠭ᠎ᠠ ᠶᠢ ᠦᠷᠨᠢᠭᠦᠯᠵᠦ᠂ ᠡᠯ᠎ᠡ ᠵᠠᠰᠠᠭ ᠵᠠᠬᠢᠷᠭᠠᠨ ᠤ ᠲᠤᠰᠬᠤᠨ ᠪᠠ ᠨᠡᠶᠢᠭᠡᠮ ᠲᠤᠭᠤᠷᠢᠭ ᠲᠤ ᠤᠬᠠᠭᠤᠯᠭ᠎ᠠ ᠶᠢᠨ ᠮᠠᠲ᠋ᠧᠷᠢᠶᠡᠯ ᠢ 4000 ᠭᠠᠷᠤᠢ ᠬᠤᠪᠢ ᠲᠠᠷᠬᠠᠭᠠᠵᠤ᠂ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠲᠠᠨᠢᠯᠳᠠ ᠶᠢ ᠡᠷᠴᠢᠮᠳᠡᠢ ᠲᠡᠭᠡᠭᠰᠢᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号