ᠵᠢᠨᠱᠠᠨ ᠪᠠᠯᠭᠠᠰᠤ᠄ ᠠᠵᠢᠯ ᠤᠯᠭᠤᠵᠤ ᠶᠠᠳᠠᠭᠤ ᠶᠢ ᠲᠡᠳᠬᠦᠬᠦ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2019/10/28
10 ᠰᠠᠷ᠎ᠠ ᠶᠢᠨ 17 ᠤ ᠡᠳᠦᠷ᠂ ᠵᠢᠨᠱᠠᠨ ᠪᠠᠯᠭᠠᠰᠤ ᠨᠢ ᠪᠦᠬᠦ ᠤᠯᠤᠰ ᠤᠨ ︽ᠶᠠᠳᠠᠭᠤ ᠶᠢ ᠲᠡᠳᠬᠦᠬᠦ ᠡᠳᠦᠷ︾ ᠲᠤ᠂ ︽ᠠᠵᠢᠯ ᠤᠯᠭᠤᠵᠤ ᠶᠠᠳᠠᠭᠤ ᠶᠢ ᠲᠡᠳᠬᠦᠬᠦ ᠠᠵᠢᠯᠯᠠᠭᠠᠨ ᠤ ᠡᠳᠦᠷ︾ ᠤᠨ ᠲᠤᠰᠬᠠᠢ ᠬᠦᠳᠡᠯᠭᠡᠭᠡᠨ ᠦᠷᠨᠢᠭᠦᠯᠪᠡ᠂ ᠲᠦᠷᠦ ᠶᠢᠨ ᠪᠤᠳᠤᠯᠭ᠎ᠠ ᠬᠦᠷᠭᠡᠬᠦ᠂ ᠰᠤᠷᠠᠭ ᠵᠠᠩᠬᠢ ᠬᠦᠷᠭᠡᠬᠦ᠂ ᠦᠢᠯᠡᠴᠢᠯᠡᠭᠡ ᠬᠦᠷᠭᠡᠬᠦ᠂ ᠠᠵᠢᠯ ᠤᠨ ᠪᠠᠶᠢᠷᠢ ᠬᠦᠷᠭᠡᠬᠦ ᠪᠠᠷ ᠲᠤᠰᠬᠤᠨ ᠪᠠ ᠡᠷᠦᠬᠡ ᠳᠤ ᠭᠦᠨᠵᠡᠭᠡᠶᠢᠷᠡᠵᠦ᠂ ᠨᠠᠮ ᠪᠠ ᠵᠠᠰᠠᠭ ᠤᠨ ᠤᠷᠳᠤᠨ ᠤ ᠭᠦᠨ ᠵᠤᠵᠠᠭᠠᠨ ᠬᠠᠶᠢᠷ᠎ᠠ ᠬᠠᠯᠠᠮᠵᠢ ᠶᠢ ᠶᠠᠳᠠᠭᠤ ᠬᠦᠴᠢᠷᠳᠡᠢ ᠡᠷᠦᠬᠡ ᠳᠤ ᠬᠦᠷᠭᠡᠵᠦ ᠦᠭᠪᠡ᠃ᠵᠢᠨᠱᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠪᠠᠯᠭᠠᠰᠤᠨ ᠤ ᠨᠡᠶᠢᠭᠡᠮ ᠤᠨ ᠪᠠᠳᠤᠯᠠᠭᠠᠨ ᠤ ᠰᠠᠯᠪᠤᠷᠢ ᠪᠠ ᠪᠠᠯᠭᠠᠰᠤᠨ ᠠᠴᠠ ᠲᠤᠰᠬᠤᠨ ᠢ ᠲᠠᠭᠠᠭᠠᠴᠢᠯᠠᠨ ᠠᠪᠤᠭᠰᠠᠨ ᠠᠵᠢᠯᠯᠠᠬᠤ ᠲᠤᠭᠤᠶᠢᠯᠠᠩ ᠤᠨ ᠬᠡᠰᠢᠭᠦᠳ ᠢᠶᠠᠷ ᠪᠦᠷᠢᠯᠳᠤᠭ᠍ᠰᠡᠨ ᠰᠠᠶᠢᠨ ᠲᠤᠷᠠᠴᠤᠤᠯ ᠤᠨ ᠠᠩᠬᠢ ᠶᠢ ᠵᠤᠬᠢᠶᠠᠨ ᠪᠠᠶᠢᠭᠤᠯᠵᠤ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠶᠡᠭᠡ ᠤᠬᠠᠭᠤᠯᠤᠯ ᠢ ᠲᠤᠰᠬᠤᠨ ᠳᠤ ᠠᠪᠠᠴᠢᠨ᠂ ᠠᠵᠢᠯ ᠤᠯᠭᠤᠬᠤ ᠲᠦᠷᠦ ᠶᠢᠨ ᠪᠤᠳᠣᠯᠭ᠎ᠠ ᠪᠠ ᠦᠢᠯᠡᠰ ᠪᠦᠳᠦᠭᠡᠬᠦ ᠮᠡᠷᠭᠡᠵᠢᠯ ᠤᠨ ᠪᠤᠯᠪᠠᠰᠣᠷᠠᠯ ᠢ ᠦᠷᠨᠢᠭᠦᠯᠪᠡ᠃ ᠦᠢᠯᠡᠰ ᠪᠦᠳᠦᠭᠡᠬᠦ ᠪᠤᠯᠪᠠᠰᠣᠷᠠᠯ᠂ ᠦᠢᠯᠡᠰ ᠪᠦᠳᠦᠭᠡᠬᠦ ᠪᠠᠳᠤᠯᠠᠨ ᠲᠠᠭᠠᠯᠭᠠᠬᠤ ᠵᠢᠭᠡᠯᠡᠯᠭᠡ᠂ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠤᠯᠪᠠᠰᠤᠷᠠᠯ᠂ ᠠᠵᠢᠯ ᠤᠯᠭᠤᠵᠤ ᠶᠠᠳᠠᠭᠤ ᠶᠢ ᠲᠡᠳᠬᠦᠬᠦ ᠲᠦᠷᠦ ᠶᠢᠨ ᠪᠤᠳᠣᠯᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ  ᠶᠢ  ᠶᠠᠳᠠᠭᠤ ᠬᠦᠴᠢᠷᠳᠡᠢ ᠤᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠵᠦ᠂ ᠨᠠᠮ ᠪᠠ ᠤᠯᠤᠰ ᠭᠡᠷ ᠤᠨ ᠲᠦᠷᠦ ᠶᠢᠨ ᠪᠤᠳᠤᠯᠭ᠎ᠠ ᠶᠢ ᠶᠠᠳᠠᠭᠤ ᠬᠦᠴᠢᠷᠳᠡᠢ ᠤᠯᠠᠨ ᠲᠦᠮᠡᠨ ᠳᠤ ᠤᠯᠠᠮ ᠨᠢᠭᠡ ᠠᠯᠬᠤᠮ ᠤᠶᠢᠯᠠᠭᠠᠭᠤᠯᠪᠠ᠃ ︽ᠠᠵᠢᠯ ᠤᠯᠭᠤᠵᠤ ᠶᠠᠳᠠᠭᠤ ᠶᠢ ᠲᠡᠳᠬᠦᠬᠦ ᠠᠵᠢᠯᠯᠠᠭᠠᠨ ᠤ ᠡᠳᠦᠷ︾ ᠲᠤ᠂ ᠵᠢᠨᠱᠠᠨ ᠪᠠᠯᠭᠠᠰᠤᠨ ᠤ ᠰᠠᠶᠢᠨ ᠲᠤᠷᠠᠴᠤᠳ ᠨᠢ ᠶᠠᠳᠠᠭᠤ ᠬᠦᠴᠢᠷᠳᠡᠢ ᠤᠯᠠᠨ ᠲᠦᠮᠡᠨ ᠳᠤ 21 ᠨᠢᠭᠡᠴᠡ ᠶᠢᠨ 70 ᠠᠵᠢᠯ ᠲᠦᠷᠦᠯ ᠤᠨ 1118 ᠠᠵᠢᠯ ᠤᠨ ᠪᠠᠶᠢᠷᠢ ᠶᠢᠨ ᠰᠤᠷᠠᠭ ᠵᠠᠩᠬᠢ ᠶᠢ ᠬᠠᠩᠭᠠᠵᠤ᠂ ᠲᠡᠳᠡᠨ ᠤ ᠠᠵᠢᠯ ᠤᠯᠵᠤ ᠦᠢᠯᠡᠰ ᠪᠦᠳᠦᠭᠡᠬᠦ ᠬᠠᠷᠠᠭ᠎ᠠ᠂ ᠲᠤᠬᠢᠶᠠᠯ ᠢ ᠦᠷᠭᠡᠳᠭᠡᠨ᠂ ᠠᠵᠢᠯ ᠤᠯᠭᠤᠬᠤ ᠪᠤᠳᠠᠳᠠᠢ ᠠᠰᠠᠭᠤᠳᠠᠯ ᠢ ᠰᠢᠢᠳᠪᠦᠷᠢᠯᠡᠵᠦ ᠦᠭᠪᠡ᠃ᠬᠦᠳᠡᠯᠭᠡᠭᠡᠨ ᠲᠤᠮᠳᠠ᠂ ᠤᠬᠠᠭᠤᠯᠬᠤ ᠲᠡᠷᠭᠡ ᠬᠦᠳᠡᠯᠭᠡᠵᠦ᠂ 1000 ᠭᠠᠷᠤᠢ ᠬᠤᠪᠢ ᠤᠬᠠᠭᠤᠯᠬᠤ ᠬᠠᠭᠤᠳᠠᠰᠤ ᠲᠠᠷᠬᠠᠭᠠᠪᠠ᠃ ᠰᠢ ᠬᠤᠸᠠᠩ ᠲᠤᠰᠬᠤᠨ ᠪᠠ ᠸᠠ ᠹᠠᠩ ᠳ᠋ᠢ ᠲᠤᠰᠬᠤᠨ ᠳᠠᠬᠢ ᠤᠬᠠᠭᠤᠯᠬᠤ ᠬᠤᠷᠠᠯ ᠤᠨ ᠬᠡᠯᠪᠡᠷᠢ  ᠪᠠᠷ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠤᠬᠠᠭᠤᠯᠪᠠ᠂ ᠨᠡᠶᠢᠳᠡ 60 ᠭᠠᠷᠤᠢ ᠬᠦᠮᠦᠨ ᠤᠬᠠᠭᠤᠯᠭ᠎ᠠ ᠶᠢ ᠰᠤᠨᠤᠰᠪᠠ᠂ ᠴᠤᠭᠯᠠᠭᠠᠨ ᠳᠤ ᠤᠯᠠᠨ ᠲᠦᠮᠡᠨ ᠠᠴᠠ ᠠᠵᠢᠯ ᠤᠯᠬᠤ ᠪᠠᠷ ᠬᠦᠯᠢᠶᠡᠵᠦ ᠪᠠᠶᠢᠭ᠎ᠠ ᠪᠠᠶᠢᠳᠠᠯ ᠤᠨ ᠪᠠᠶᠢᠴᠠᠭᠠᠯᠳᠠ ᠬᠢᠵᠦ᠂ 4 ᠬᠦᠮᠦᠨ ᠳᠤ ᠠᠵᠢᠯ ᠡᠷᠢᠬᠦ ᠪᠦᠷᠢᠳᠭᠡᠯ ᠬᠢᠵᠦ ᠦᠭᠪᠡ᠃ ᠲᠤᠰ ᠤᠳᠠᠭᠠᠨ ᠤ ᠬᠦᠳᠡᠯᠭᠡᠭᠡᠨ ᠨᠢ ᠶᠠᠳᠠᠭᠤ ᠬᠦᠴᠢᠷᠳᠡᠢ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠶᠢ ᠰᠠᠶᠢᠨ ᠤᠶᠢᠯᠠᠭᠠᠬᠤ ᠦᠭᠡᠢ ᠂ ᠠᠵᠢᠯ ᠤᠯᠬᠤ ᠰᠤᠷᠠᠭ ᠵᠠᠩᠬᠢ ᠲᠤᠳᠠᠮᠠᠭ ᠪᠠᠶᠢᠬᠤ ᠵᠡᠷᠭᠡ ᠬᠦᠴᠢᠷᠳᠡᠯ ᠢ ᠰᠢᠢᠳᠪᠦᠷᠢᠯᠡᠨ ᠦᠭᠴᠦ ᠤᠨᠤᠪᠴᠢᠳᠡᠢ ᠶᠠᠳᠠᠭᠤ ᠶᠢ ᠲᠡᠳᠬᠦᠬᠦ ᠠᠵᠢᠯ ᠤᠨ ᠠᠬᠢᠴᠠ ᠶᠢ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号