ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠶᠡᠷᠦᠩᠭᠡᠢ ᠲᠦᠰᠦᠯ᠄
ᠨᠡᠶᠢᠲᠡᠯᠡᠭᠰᠡᠨ ᠴᠠᠭ᠄
2019/10/30
ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠶᠡᠷᠦᠩᠭᠡᠢ ᠲᠦᠰᠦᠯ᠄ᠨᠢᠭᠡ᠂ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠬᠢ ᠪᠤᠯᠤᠨ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠰᠢᠯᠭᠠᠯᠳᠠ ᠶᠢ ᠰᠠᠯᠭᠠᠵᠤ᠂ᠴᠢᠳᠠᠪᠤᠷᠢᠳᠠᠨ ᠢ ᠰᠤᠩᠭᠤᠨ ᠰᠢᠯᠭᠠᠷᠠᠭᠤᠯᠬᠤ ᠠᠷᠭ᠎ᠠ ᠶᠢ ᠬᠡᠷᠡᠭᠵᠢᠬᠦᠯᠦᠨ᠎ᠡ᠃ᠬᠤᠶᠠᠷ᠂ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠢᠯᠭᠠᠯᠳᠠ ᠪᠤᠯᠤᠨ‌‍ᠶᠡᠷᠦᠩᠭᠡᠶᠢᠯᠡᠭᠰᠡᠨ ᠬᠡᠪ ᠴᠢᠨᠠᠷ ᠢ ᠦᠨᠡᠯᠡᠬᠦ ᠠᠷᠭ᠎ᠠ ᠶᠢ ᠲᠡᠬᠦᠯᠳᠡᠷᠵᠢᠬᠦᠯᠦᠨ᠂ ᠰᠤᠷᠤᠭᠴᠢᠳ ᠢ ᠬᠢᠴᠢᠶᠠᠯ ᠲᠦᠷᠦᠯ‌‍ᠪᠦ᠋ᠬᠦᠨ ᠢ ᠰᠠᠶᠢᠳᠦᠷ ᠰᠤᠷᠤᠯᠴᠠᠬᠤ ᠲᠡᠰᠢ ᠬᠦᠳᠦᠯᠦᠨ ᠵᠢᠯᠤᠭᠤᠳᠴᠤ᠂ ᠨᠡᠶᠢᠭᠡᠮ ᠤᠨ ᠰᠢᠨᠵᠢᠯᠡᠭᠡᠨ ᠪᠠ‌‍ᠪᠠᠶᠢᠭᠠᠯᠢ ᠶᠢᠨ ᠰᠢᠨᠵᠢᠯᠡᠭᠡᠨ ᠭᠡᠵᠤ ᠬᠤᠪᠢᠶᠠᠬᠤ ᠶᠢ ᠦᠭᠡᠶᠢᠰᠭᠡᠨ᠎ᠡ᠃ᠭᠤᠷᠪᠠ᠂ ᠵᠠᠷᠢᠮ ᠬᠢᠴᠢᠶᠠᠯ ᠲᠦᠷᠦᠯ ᠢ ᠵᠢᠯ ᠳᠤ ᠤᠯᠠᠨ ᠤᠳᠠᠭ᠎ᠠ ᠰᠢᠯᠭᠠᠬᠤ ᠠᠷᠭ᠎ᠠ ᠶᠢ ᠠᠪᠴᠤ‌‍ᠰᠤᠷᠤᠭᠴᠢᠳ ᠤᠨ ᠨᠢᠭᠡᠳᠦᠯᠳᠡᠢ ᠰᠢᠯᠭᠠᠯᠳᠠ ᠳᠤ ᠤᠷᠤᠯᠴᠠᠬᠤ ᠲᠠᠷᠤᠭᠠᠰᠤ ᠶᠢ ᠬᠦᠩᠭᠡᠷᠡᠬᠦᠯᠦᠨ᠎ᠡ᠃ᠲᠦᠷᠪᠡ᠂ ᠨᠢᠭᠡᠳᠦᠯᠳᠡᠢ ᠰᠢᠯᠭᠠᠯᠳᠠ ᠶᠢᠨ ᠰᠤᠷᠤᠭᠴᠢ ᠡᠯᠰᠡᠬᠦ ᠤᠷᠤᠨ ᠲᠤᠭ᠎ᠠ ᠶᠢ ᠬᠤᠪᠢᠶᠠᠨ‌‍ᠲ᠋ᠤᠬᠢᠷᠠᠭᠤᠯᠬᠤ ᠠᠷᠭ᠎ᠠ ᠶᠢ ᠲᠡᠬᠦᠯᠳᠡᠷᠵᠢᠬᠦᠯᠵᠤ᠂ ᠰᠤᠷᠭᠠᠭᠤᠯᠢ ᠲᠡᠪᠰᠢᠬᠦ ᠳᠤ ᠬᠠᠷᠠᠭᠠᠯᠵᠠᠯ ᠤᠨ ᠬᠤᠪᠢ ᠨᠡᠮᠡᠬᠦ‌‍ᠲ᠋ᠦ᠋ᠷᠦ ᠶᠢᠨ ᠪᠤᠳᠤᠯᠭ᠎ᠠ ᠶᠢ ᠲᠦᠷᠢᠮᠵᠢᠬᠦᠯᠦᠨ᠂ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠡᠷᠭᠡ ᠲᠡᠭᠰᠢ᠂ᠲᠦᠪ ᠭᠤᠤᠯᠴᠢ ᠶᠢ ᠬᠠᠮᠠᠭᠠᠯᠠᠨ᠎ᠠ᠃ᠲᠠᠪᠤ᠂ ᠤᠯᠠᠨ ᠠᠷᠭ᠎ᠠ ᠵᠠᠮ ᠢᠶᠠᠷ ᠰᠤᠷᠭᠠᠭᠤᠯᠢ ᠲᠡᠪᠰᠢᠬᠦ ᠪᠠ ᠰᠤᠷᠤᠯᠴᠠᠬᠤ ᠵᠦᠷᠢᠯᠢᠭ ᠬᠦᠬᠦᠷᠭᠡ ᠵᠢ‌‍ᠲ᠋ᠦ᠋ᠷᠭᠡᠳᠭᠡᠨ ᠪᠠᠶᠢᠭᠤᠯᠵᠤ᠂ ᠰᠤᠷᠤᠭᠴᠢᠳ ᠲᠤ ᠴᠢᠳᠠᠪᠤᠷᠢᠳᠠᠨ ᠪᠤᠯᠵᠤ ᠦᠰᠴᠤ ᠪᠤᠶᠢᠵᠢᠬᠤ ᠶᠠᠪᠤᠴᠠ ᠳᠤ ᠤᠯᠠᠨ ᠤᠳᠠᠭᠠᠨ ᠤ ᠰᠤᠩᠭᠤᠯᠳᠠ ᠬᠢᠬᠦ ᠠᠵᠠ ᠲᠤᠬᠢᠶᠠᠯ ᠬᠠᠩᠭᠠᠨ᠎ᠠ᠃ᠵᠢᠷᠭᠤᠭ᠎ᠠ᠂ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠳᠤ ᠨᠡᠶᠢᠭᠡᠮ ᠤᠨ ᠰᠢᠨᠵᠢᠯᠡᠭᠡᠨ ᠪᠠ‌‍ᠪᠠᠶᠢᠭᠠᠯᠢ ᠶᠢᠨ ᠰᠢᠨᠵᠢᠯᠡᠭᠡᠨ ᠭᠡᠵᠤ ᠬᠤᠪᠢᠶᠠᠬᠤ ᠦᠭᠡᠢ︔ 2015 ᠤᠨ ᠠᠴᠠ ᠡᠬᠢᠯᠡᠵᠤ ᠪᠡᠶ᠎ᠡ ᠶᠢᠨ ᠲᠠᠮᠢᠷ᠂ᠤᠷᠠᠯᠢᠭ ᠵᠡᠷᠭᠡ ᠤᠨᠴᠠᠭᠠᠢ ᠴᠢᠳᠠᠪᠤᠷᠢ ᠶᠢᠨ ᠰᠤᠷᠤᠭᠴᠢ ᠳᠤ ᠬᠤᠪᠢ ᠨᠡᠮᠡᠬᠦ ᠲᠦᠷᠦᠯ ᠵᠦᠢᠯ ᠢ ᠦᠭᠡᠶᠢᠰᠭᠡᠨ᠎ᠡ︔ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠬᠦᠷᠢᠶ᠎ᠠ ᠬᠡᠪᠴᠢᠶ᠎ᠡ ᠶᠢ ᠡᠷᠡᠰ ᠬᠢᠵᠠᠭᠠᠷᠯᠠᠨ᠎ᠠ︔ ᠨᠢᠭᠡᠳᠦᠯᠳᠡᠢ ᠰᠢᠯᠭᠠᠯᠳᠠ ᠶᠢᠨ ᠬᠢᠷᠢ ᠪᠦᠳᠦᠮᠵᠢ ᠶᠢ ᠢᠯᠡ ᠨᠡᠶᠢᠳᠡᠯᠡᠭᠰᠡᠨ ᠤ ᠲᠠᠷᠠᠭ᠎ᠠ ᠰᠤᠷᠭᠠᠭᠤᠯᠢ ᠳᠤ ᠤᠷᠤᠬᠤ ᠡᠷᠡᠮᠡᠯᠵᠡᠯ‌‍ᠲ᠋ᠠᠭᠯᠠᠬᠤ ᠶᠢ ᠬᠡᠷᠡᠭᠵᠢᠬᠦᠯᠦᠨ᠎ᠡ︔ ᠬᠦᠳᠡᠭᠡ ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠶᠡᠭᠡ‌‍ᠰᠤᠷᠭᠠᠭᠤᠯᠢ ᠳᠤ ᠤᠷᠤᠬᠤ ᠲᠤᠭ᠎ᠠ ᠶᠢ ᠨᠡᠮᠡᠭᠳᠡᠬᠦᠯᠦᠨ᠎ᠡ︔ 2014 ᠤᠨ ᠳᠤ ᠲᠤᠷᠰᠢᠯᠳᠠ ᠶᠢᠨ ᠴᠢᠭ᠋ ᠢ‌‍ᠬᠡᠷᠡᠭᠵᠢᠬᠦᠯᠵᠤ᠂ 2017 ᠤᠨ ᠳᠤ ᠪᠦᠬᠦ ᠲᠠᠯ᠎ᠠ ᠪᠠᠷ ᠬᠡᠷᠡᠭᠵᠢᠬᠦᠯᠵᠤ᠂ 2020 ᠤᠨ ᠪᠤᠯᠬᠤ ᠳ᠋ᠤ᠋‌ᠦᠨᠳᠦᠰᠦᠨ ᠳᠡᠭᠡᠨ ᠲᠦᠭᠡᠮᠡᠯᠵᠢᠬᠦᠯᠦᠨ᠎ᠡ᠃ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠶᠡᠷᠦᠩᠭᠡᠢ ᠬᠠᠷᠠᠯᠳᠠ᠄2014 ᠤᠨ ᠠᠴᠠ ᠡᠬᠢᠯᠡᠨ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ‍ᠤᠨ‌ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠠᠵᠢᠯ ᠢ ᠶᠠᠪᠤᠭᠳᠠᠭᠤᠯᠵᠤ᠂ 2020 ᠤᠨ ᠪᠤᠯᠬᠤ ᠳ᠋ᠤ᠋‌‍ᠲ᠋ᠤᠮᠳᠠᠳᠤ ᠤᠯᠤᠰ ᠤᠨ ᠤᠨᠴᠠᠯᠢᠭ ᠲᠠᠢ ᠤᠳᠤ ᠦᠶ᠎ᠡ ᠶᠢᠨ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠢ‌ᠦᠨᠳᠦᠰᠦᠨ ᠳᠡᠭᠡᠨ ᠪᠠᠶᠢᠭᠤᠯᠵᠤ ᠲᠡᠬᠦᠯᠳᠡᠷᠵᠢᠬᠦᠯᠦᠨ᠎ᠡ᠃ᠲᠦᠷᠦᠯ ᠬᠤᠪᠢᠶᠠᠨ ᠰᠢᠯᠭᠠᠵᠤ᠂ ᠤᠯᠠᠨ ᠡᠰᠢᠴᠢᠯᠡᠭᠰᠡᠨ ᠰᠤᠷᠤᠭᠴᠢ ᠡᠯᠰᠡᠬᠦ ᠵᠠᠭᠪᠤᠷ ᠢ ᠪᠤᠢ ᠪᠤᠯᠭᠠᠨ᠂ᠡᠷᠭᠡ ᠲᠡᠭᠰᠢ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠳᠠᠨ ᠢ ᠰᠤᠩᠭᠤᠵᠤ ᠰᠢᠯᠭᠠᠷᠠᠭᠤᠯᠤᠨ᠂ᠡᠷᠡᠰ ᠴᠢᠩᠭ᠎ᠠ ᠬᠢᠨᠠᠯᠳᠠ ᠲᠠᠯᠪᠢᠭᠰᠠᠨ ᠪᠠᠶᠢᠭᠤᠯᠤᠮᠵᠢ ᠶᠢᠨ ᠲᠤᠭᠳᠠᠴᠠ ᠶᠢ ᠲᠡᠬᠦᠯᠳᠡᠷᠵᠢᠬᠦᠯᠵᠤ᠂ ᠡᠯ᠎ᠡ ᠱᠠᠳᠤᠨ ‍ᠤ‌ᠡᠯ᠎ᠡ ᠲᠦᠷᠦᠯ ᠤᠨ ᠰᠤᠷᠭᠠᠨ ᠬᠦᠮᠦᠵᠢᠯ ᠲᠠᠢ ᠠᠭᠤᠰᠤᠯᠴᠠᠨ ᠵᠠᠯᠭᠠᠯᠳᠤᠭᠰᠠᠨ᠂ ᠤᠯᠠᠨ ᠵᠦᠢᠯ ᠤᠨ ᠰᠤᠷᠤᠯᠴᠠᠬᠤ‌ᠦᠷ᠎ᠡ ᠪᠦᠳᠦᠮᠵᠢ ᠶᠢ ᠮᠡᠳᠡᠷᠡᠵᠤ ᠵᠦᠪᠰᠢᠶᠡᠷᠡᠭᠰᠡᠨ ᠨᠠᠰᠤᠨ ᠲᠤᠷᠰᠢᠳᠠ ᠰᠤᠷᠤᠯᠴᠠᠬᠤ ︽ᠵᠦᠷᠢᠯᠢᠭ ᠬᠦᠬᠦᠷᠭᠡ︾ ᠵᠢ‌‍ᠪᠠᠶᠢᠭᠤᠯᠤᠨ᠎ᠠ᠃ ᠱᠠᠩᠬᠠᠢ ᠬᠤᠳᠠ ᠂ ᠵᠧᠵᠢᠶᠠᠩ ᠮᠤᠵᠢ ᠳᠤ ᠡᠨᠡ ᠵᠢᠯ ᠠᠴᠠ ᠡᠬᠢᠯᠡᠵᠤ ᠲᠤᠷᠰᠢᠯᠳᠠ ᠶᠢᠨ ᠴᠢᠭ᠋ ‍ᠤᠨ‌ᠠᠵᠢᠯ ᠢ ᠬᠢᠨ᠎ᠠ︔ 2017 ᠤᠨ ᠪᠤᠯᠬᠤ ᠳᠤ ᠪᠦᠬᠦ ᠲᠠᠯ᠎ᠠ ᠪᠠᠷ ᠬᠡᠷᠡᠭᠵᠢᠬᠦᠯᠦᠨ᠎ᠡ᠃ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠬᠠᠯᠠᠮᠰᠢᠯ ᠴᠡᠭ᠄ᠨᠢᠭᠡ᠂ ᠭᠠᠳᠠᠭᠠᠳᠤ ᠬᠡᠯᠡ ᠶᠢ ᠵᠢᠯ ᠳᠤ ᠬᠡᠳᠤ ᠤᠳᠠᠭ᠎ᠠ ᠰᠢᠯᠭᠠᠨ᠎ᠠ᠂ ᠨᠢᠭᠡᠳᠦᠯᠳᠡᠢ ᠰᠢᠯᠭᠠᠯᠳᠠ ᠳ᠋ᠤ᠋‌ᠭᠠᠳᠠᠭᠠᠳᠤ ᠬᠡᠯᠡ ᠶᠢ ᠤᠷᠤᠭᠤᠯᠬᠤ ᠦᠭᠡᠢ᠃ ᠭᠠᠳᠠᠭᠠᠳᠤ ᠬᠡᠯᠡᠨ ᠤ ᠰᠢᠯᠭᠠᠯᠳᠠ ᠶᠢᠨ ᠴᠠᠭ ᠪᠠ ᠬᠡᠳᠤ ᠤᠳᠠᠭ᠎ᠠ‌‍ᠰᠢᠯᠭᠠᠬᠤ ᠪᠠᠨ ᠦᠪᠡᠷᠰᠡᠳ ᠢᠶᠠᠨ ᠲᠤᠭᠳᠠᠭᠠᠬᠤ ᠪᠤᠯᠤᠭᠰᠠᠨ ᠠᠴᠠ ᠰᠤᠷᠤᠭᠴᠢᠳ ᠰᠤᠩᠭᠤᠯᠳᠠ ᠬᠢᠬᠦ ᠡᠷᠭᠡ ᠲᠠᠢ‌‍ᠪᠤᠯᠪᠠ᠃ᠬᠤᠶᠠᠷ᠂ ᠨᠢᠭᠡᠳᠦᠯᠳᠡᠢ ᠰᠢᠯᠭᠠᠯᠳᠠ ᠶᠢᠨ ᠬᠢᠴᠢᠶᠠᠯ ᠲᠦᠷᠦᠯ ᠢ ᠴᠦᠭᠡᠳᠭᠡᠵᠤ ᠂ ᠨᠢᠭᠡᠳᠦᠯᠳᠡᠢ‌‍ᠰᠢᠯᠭᠠᠯᠳᠠ ᠳᠤ ᠪᠠᠶᠢᠭᠠᠯᠢ ᠪᠠ ᠨᠡᠶᠢᠭᠡᠮ ᠤᠨ ᠰᠢᠨᠵᠢᠯᠡᠭᠡᠨ ᠤ ᠲᠦᠷᠦᠯ ᠭᠡᠵᠤ ᠬᠤᠪᠢᠶᠠᠬᠤ ᠦᠭᠡᠢ᠃ᠭᠤᠷᠪᠠ᠂ ᠦᠨᠳᠦᠷ ᠲᠤᠮᠳᠠᠳᠤ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠳᠤ ᠵᠠᠭᠤᠨ‌ᠬᠤᠪᠢ ᠶᠢᠨ ᠲᠦᠷᠢᠮ ᠢ ᠦᠭᠡᠶᠢᠰᠭᠡᠵᠤ᠂ ᠰᠤᠷᠤᠭᠠᠳ ᠪᠠᠷᠠᠪᠠᠯ ᠰᠢᠯᠭᠠᠬᠤ ᠲᠦᠷᠢᠮ ᠢ ᠬᠡᠷᠡᠭᠵᠢᠬᠦᠯᠦᠨ᠎ᠡ᠃ᠲᠦᠷᠪᠡ᠂ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠰᠤᠷᠤᠭᠴᠢ ᠡᠯᠰᠡᠬᠦ ᠳᠡᠭᠡᠨ ᠨᠢᠭᠡᠳᠦᠯᠳᠡᠢ‌‍ᠰᠢᠯᠭᠠᠯᠳᠠ ᠪᠤᠯᠤᠨ ᠦᠨᠳᠦᠷ ᠲᠤᠮᠳᠠᠳᠤ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢᠨ ᠬᠢᠷᠢ ᠪᠦᠳᠦᠮᠵᠢ ᠵᠢᠨ‌‍ᠶᠡᠷᠦᠩᠭᠡᠢ ᠦᠨᠡᠯᠡᠯᠳᠡ ᠪᠠᠷ ᠰᠠᠭᠤᠷᠢ ᠪᠤᠯᠭᠠᠵᠤ ᠤᠯᠠᠨ ᠡᠰᠢᠴᠢᠯᠡᠭᠰᠡᠨ ᠰᠤᠷᠤᠭᠴᠢ ᠡᠯᠰᠡᠬᠦ ᠲᠤᠭᠳᠠᠴᠠ ᠶᠢ ᠬᠡᠷᠡᠭᠵᠢᠬᠦᠯᠦᠨ᠎ᠡ᠃ᠲᠠᠪᠤ᠂ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠲᠦᠷᠦᠯ ᠬᠤᠪᠢᠶᠠᠨ ᠰᠤᠷᠤᠭᠴᠢ ᠡᠯᠰᠡᠬᠦ ᠪᠠ‌‍ᠲ᠋ᠠᠩᠰᠠᠯᠠᠭᠤᠯᠵᠤ ᠰᠤᠷᠭᠠᠭᠤᠯᠢ ᠳᠤ ᠤᠷᠤᠬᠤ ᠶᠢ ᠬᠡᠷᠡᠭᠵᠢᠬᠦᠯᠵᠤ᠂ ᠲᠡᠭᠡᠳᠤ ᠵᠡᠷᠭᠡ ᠶᠢᠨ ᠠᠵᠢᠯ ᠮᠡᠷᠭᠡᠵᠢᠯ ‍ᠤᠨ‌‍ᠰᠤᠷᠭᠠᠨ ᠬᠦᠮᠦᠵᠢᠯ ᠳᠤ ︽ᠮᠡᠳᠡᠯᠭᠡ ᠴᠢᠳᠠᠪᠤᠷᠢ︾ ᠶᠢᠨ ᠰᠢᠯᠭᠠᠯᠳᠠ ᠶᠢᠨ ᠵᠠᠭᠪᠤᠷ ᠢ ᠬᠡᠷᠡᠭᠵᠢᠬᠦᠯᠦᠨ᠎ᠡ᠃ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠠᠴᠢ ᠬᠤᠯᠪᠤᠭᠳᠠᠯ᠄ᠨᠢᠭᠡ ᠳᠤ᠂ ᠴᠢᠳᠠᠪᠤᠷᠢᠳᠠᠨ ᠢ ᠰᠢᠨᠵᠢᠯᠡᠬᠦ ᠤᠬᠠᠭᠠᠨᠴᠢ ᠪᠠᠷ ᠰᠤᠩᠭᠤᠨ ᠰᠢᠯᠭᠠᠷᠠᠭᠤᠯᠤᠨ᠎ᠠ᠃ᠬᠤᠶᠠᠷ ᠲᠤ᠂ ᠰᠤᠷᠤᠭᠴᠢᠳ ᠤᠨ ᠡᠷᠡᠬᠦᠯ ᠢᠶᠠᠷ ᠪᠤᠶᠢᠵᠢᠵᠤ ᠬᠦᠮᠦᠵᠢᠬᠦ ᠶᠢ ᠠᠬᠢᠭᠤᠯᠤᠨ᠎ᠠ᠃ᠭᠤᠷᠪᠠ ᠳᠤ᠂ ᠨᠡᠶᠢᠭᠡᠮ ᠤᠨ ᠡᠷᠭᠡ ᠲᠡᠭᠰᠢ ᠶᠢ ᠬᠠᠮᠠᠭᠠᠯᠠᠨ᠎ᠠ᠃
   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号