ᠪᠠᠭᠰᠢ ᠶᠢᠨ ᠭᠡᠷᠢ ᠭᠡᠮ ᠢ ᠭᠡᠷᠡᠴᠢᠯᠡᠬᠦ
ᠨᠡᠶᠢᠲᠡᠯᠡᠭᠰᠡᠨ ᠴᠠᠭ᠄
2019/10/30
ᠨᠢᠭᠡ᠂ ᠬᠢᠨᠠᠨ ᠵᠥᠪᠰᠢᠶᠡᠷᠡᠬᠦ ᠦᠨᠳᠦᠰᠦᠯᠡᠯ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ ᠭᠡᠮ ᠤᠨ ᠳᠦᠷᠢᠮ︾᠂ ︽ᠪᠠᠭᠰᠢ ᠶᠢᠨ ᠬᠢᠷᠢ ᠬᠡᠮ ᠤᠨ ᠳᠦᠷᠢᠮ ᠢ ᠬᠡᠷᠡᠭᠵᠢᠭᠦᠯᠬᠦ ᠠᠷᠭ᠎ᠠ︾᠂ ︽ᠪᠠᠭᠰᠢ ᠶᠢᠨ ᠬᠢᠷᠢ ᠭᠡᠮ ᠤᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ᠬᠤᠶᠠᠷ᠂ ᠬᠢᠨᠡᠨ ᠵᠦᠪᠰᠢᠶᠡᠷᠡᠬᠦ ᠨᠥᠬᠦᠴᠡᠯ1. ᠭᠤᠶᠤᠴᠢᠯᠠᠭᠴᠢ ᠨᠠᠮ ᠤᠨ ᠦᠨᠳᠦᠰᠦᠨ ᠱᠤᠭᠤᠮ ᠢ ᠬᠦᠷᠢᠶᠡᠯᠡᠵᠦ᠂ ᠨᠠᠮ ᠤᠨ ᠰᠤᠷᠭᠠᠨ‌‍ᠬᠦ᠋ᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠪᠠᠭᠰᠢ ᠶᠢᠨ ᠬᠠᠤᠯᠢ︾ ᠵᠡᠷᠭᠡ ᠬᠠᠤᠯᠢ‌‍ᠴᠠᠭᠠᠵᠠ ᠬᠠᠤᠯᠢ ᠲᠤᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠦ᠂ ᠪᠠᠭᠰᠢ ᠶᠢᠨ ᠡᠷᠬᠢᠯᠡᠭᠰᠡᠨ ᠠᠵᠢᠯ ᠤᠨ ᠶᠣᠰᠦ ᠰᠤᠷᠲᠠᠬᠤᠨ ᠢ ᠵᠢᠷᠤᠮᠯᠠᠨ᠂ ᠰᠤᠷᠭᠠᠨ ᠬᠦᠮᠦᠵᠢᠯ ᠤᠨ ᠦᠢᠯᠡᠰ ᠢ ᠬᠠᠶᠢᠷᠠᠯᠠᠵᠦ᠂ ᠰᠤᠷᠤᠭᠴᠢ ᠪᠠᠨ ᠬᠠᠶᠢᠷᠠᠯᠠᠨ᠂ᠪᠤᠰᠤᠳ ᠲᠤ ᠬᠡᠪ ᠳᠦᠷᠢᠮ ᠪᠣᠯᠬᠤ ᠬᠡᠷᠡᠭᠲᠡᠢ᠃2. ᠰᠤᠷᠤᠯᠭ᠎ᠠ ᠶᠢᠨ ᠨᠠᠮᠲᠠᠷ ᠤᠨ ᠨᠥᠬᠦᠴᠡᠯ᠄︵1︶ ᠬᠡᠤᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠭᠡᠮ ᠭᠤᠶᠤᠴᠢᠯᠠᠪᠠᠯ᠂ ᠬᠡᠤᠬᠡᠳ ‍ᠤᠨ‌‍ᠪᠠᠭᠰᠢ ᠶᠢᠨ ᠰᠤᠷᠭᠠᠭᠤᠯᠢ ᠲᠡᠭᠦᠰᠦᠭᠰᠡᠨ ᠪᠤᠶᠤ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠢ‌‍ᠪᠦ᠋ᠷᠢᠳᠥᠭᠦᠯᠥᠭᠰᠡᠨ ᠪᠠᠶᠢᠬᠤ ᠬᠡᠷᠡᠭᠲᠡᠢ︔︵2︶ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠭᠤᠶᠤᠴᠢᠯᠠᠪᠠᠯ᠂ ᠳᠤᠮᠳᠠ ᠵᠡᠷᠭᠡ ᠵᠢᠨ‌‍ᠪᠠᠭᠰᠢ ᠶᠢᠨ ᠰᠤᠷᠭᠠᠭᠤᠯᠢ ᠲᠡᠭᠦᠰᠦᠭᠰᠡᠨ ᠪᠤᠶᠤ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠢ‌‍ᠪᠦ᠋ᠷᠢᠳᠥᠭᠦᠯᠥᠭᠰᠡᠨ ᠪᠠᠶᠢᠬᠤ ᠬᠡᠷᠡᠭᠲᠡᠢ︔︵3 ︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠭᠡᠮ‌ᠭᠤᠶᠤᠴᠢᠯᠠᠪᠠᠯ᠂ ᠳᠡᠭᠡᠳᠦ ᠵᠡᠷᠭᠡ ᠶᠢᠨ ᠪᠠᠭᠰᠢ ᠶᠢᠨ ᠲᠤᠰᠬᠠᠢ ᠮᠡᠷᠭᠡᠵᠢᠯ ᠪᠤᠶᠤ ᠪᠤᠰᠤᠳ ᠶᠡᠭᠡ ᠰᠤᠷᠭᠠᠭᠤᠯᠢ ᠵᠢᠨ‌‍ᠲ᠋ᠤᠰᠬᠠᠢ ᠮᠡᠷᠭᠡᠵᠢᠯ ᠢᠶᠠᠷ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ‌‍ᠪᠠᠶᠢᠬᠤ ᠬᠡᠷᠡᠭᠲᠡᠢ︔︵4︶ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠪᠠ ᠳᠤᠮᠳᠠ‌ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠭᠤᠶᠤᠴᠢᠯᠠᠪᠠᠯ᠂ ᠳᠡᠭᠡᠳᠦ ᠵᠡᠷᠭᠡ ᠵᠢᠨ‌‍ᠪᠠᠭᠰᠢ ᠶᠢᠨ ᠰᠤᠷᠭᠠᠭᠤᠯᠢ ᠶᠢᠨ ᠵᠢᠩᠬᠢᠨᠢ ᠠᠩᠭᠢ ᠪᠤᠶᠤ ᠪᠤᠰᠤᠳ ᠶᠡᠭᠡ ᠰᠤᠷᠭᠠᠭᠤᠯᠢ ᠶᠢᠨ ᠵᠢᠩᠬᠢᠨᠢ ᠠᠩᠭᠢ ᠡᠴᠠ‌‍ᠲ᠋ᠡᠭᠦᠰᠦᠭᠰᠡᠨ ᠵᠢᠴᠢ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ︔︵5︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠵᠢᠯᠤᠭᠤᠳᠬᠤ‌‍ᠪᠠᠭᠰᠢ ᠶᠢᠨ ᠬᠢᠷᠢ ᠭᠡᠮ ᠭᠤᠶᠤᠴᠢᠯᠠᠪᠠᠯ᠂ ᠡᠯ᠎ᠡ ᠲᠦᠷᠦᠯ ᠤᠨ ᠳᠤᠮᠳᠠ ᠵᠡᠷᠭᠡ ᠶᠢᠨ ᠠᠵᠢᠯ ᠮᠡᠷᠭᠡᠵᠢᠯ ‍ᠤᠨ‌‍ᠰᠤᠷᠭᠠᠭᠤᠯᠢ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢ ᠰᠤᠷᠤᠯᠴᠠᠭᠰᠠᠨ ᠨᠠᠮᠲᠠᠷ ᠪᠠ ᠲᠤᠰᠠᠯᠠᠬᠤ‌ᠢᠨᠵᠧᠨᠧᠷ ᠠᠴᠠ ᠳᠡᠭᠡᠭᠰᠢ ᠲᠤᠰᠬᠠᠢ ᠮᠡᠷᠭᠡᠵᠢᠯ ᠤᠨ ᠲᠤᠰᠢᠶᠠᠯ ᠲᠠᠢ ᠲᠡᠩᠴᠡᠬᠦ ᠪᠤᠶᠤ ᠳᠤᠮᠳᠠ ᠵᠡᠷᠭᠡ ᠠᠴᠠ ᠳᠡᠭᠡᠭᠰᠢ‌ᠠᠵᠢᠯᠴᠢᠨ ᠤ ᠮᠡᠷᠭᠡᠵᠢᠯ ᠤᠨ ᠳᠡᠰ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ᠃3. ᠪᠠᠭᠰᠢ ᠶᠢᠨ ᠬᠢᠷᠢ ᠭᠡᠮ ᠤᠨ ᠦᠨᠡᠮᠯᠡᠯ ᠦᠨᠡᠮᠰᠢᠭᠦᠯᠬᠦ ᠪᠠᠷ ᠭᠤᠶᠤᠴᠢᠯᠠᠭᠴᠢ ᠶᠢᠨ ᠰᠤᠷᠭᠠᠨ‌‍ᠬᠦ᠋ᠮᠦᠵᠢᠯ ᠤᠨ ᠵᠢᠭᠠᠨ ᠰᠤᠷᠭᠠᠬᠤ ᠴᠢᠳᠠᠪᠤᠷᠢ ᠨᠢ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ‌‍ᠬᠡᠷᠡᠭᠲᠡᠢ᠄︵1︶ ᠰᠤᠷᠭᠠᠨ ᠬᠥᠮᠥᠵᠢᠯ ᠤᠨ ᠤᠬᠠᠭᠠᠨ᠂ ᠰᠡᠳᠬᠢᠴᠡ ᠵᠦᠢ ᠵᠡᠷᠭᠡ ᠬᠢᠴᠢᠶᠡᠯ ᠢ ᠰᠤᠷᠤᠯᠴᠠᠭᠰᠠᠨ︔︵2︶ ᠰᠤᠷᠭᠠᠨ ᠬᠥᠮᠥᠵᠢᠯ ᠤᠨ ᠵᠢᠭᠠᠨ ᠰᠤᠷᠭᠠᠬᠤ ᠠᠵᠢᠯ ᠢ ᠡᠭᠦᠷᠭᠡᠯᠡᠬᠦ ᠴᠢᠬᠤᠯᠠ ᠪᠦᠬᠦᠢ‌‍ᠲ᠋ᠤᠰᠬᠠᠢ ᠮᠡᠷᠭᠡᠵᠢᠯ ᠤᠨ ᠮᠡᠳᠡᠯᠭᠡ ᠪᠠ ᠦᠨᠳᠥᠰᠥᠨ ᠴᠢᠳᠠᠪᠤᠷᠢ ᠲᠠᠢ ᠪᠠᠶᠢᠵᠤ᠂ ᠨᠢᠭᠤᠷᠳᠠᠨ ᠰᠢᠯᠭᠠᠬᠤ᠂ ᠲᠤᠷᠰᠢᠨ‌‍ᠶᠠᠷᠢᠬᠤ ᠳᠤ ᠬᠢᠷᠢ ᠲᠡᠩᠴᠡᠭᠰᠡᠨ︔︵3︶ ᠪᠠᠷᠢᠮᠵᠢᠶ᠎ᠡ ᠬᠡᠯᠡ ᠶᠢᠨ ᠬᠤᠶᠠᠳᠤᠭᠠᠷ ᠵᠡᠷᠭᠡ ᠶᠢᠨ ᠬᠤᠶᠠᠳᠤᠭᠠᠷ ᠳᠡᠰ ᠠᠴᠠ ᠳᠡᠭᠡᠭᠰᠢ‌‍ᠪᠠᠷᠢᠮᠵᠢᠶ᠎ᠡ ᠳᠤ ᠬᠥᠷᠥᠭᠰᠡᠨ︔︵4︶ ᠪᠡᠶ᠎ᠡ ᠰᠡᠳᠬᠢᠴᠡ ᠶᠢᠨ ᠰᠠᠶᠢᠨ ᠰᠠᠶᠢᠬᠠᠨ ᠬᠡᠪ ᠴᠢᠨᠠᠷ ᠲᠠᠢ ᠪᠠᠶᠢᠵᠤ᠂ ᠬᠠᠯᠳᠠᠪᠤᠷᠢᠲᠤ‌ᠡᠪᠡᠳᠴᠢᠨ ᠦᠭᠡᠢ᠂ ᠣᠶᠣᠨ ᠮᠡᠳᠡᠷᠡᠯ ᠤᠨ ᠡᠪᠡᠳᠴᠢᠨ ᠤ ᠲᠡᠮᠳᠡᠭᠯᠡᠯ ᠦᠭᠡᠢ᠂ ᠰᠤᠷᠭᠠᠨ ᠬᠥᠮᠥᠵᠢᠯ ᠤᠨ ᠵᠢᠭᠠᠨ‌‍ᠰᠤᠷᠭᠠᠬᠤ ᠠᠵᠢᠯ ᠤᠨ ᠬᠡᠷᠡᠭᠴᠡᠭᠡ ᠳᠤ ᠲᠣᠬᠢᠷᠠᠭᠰᠠᠨ᠂ ᠪᠠᠭᠰᠢ ᠶᠢᠨ ᠬᠢᠷᠢ ᠭᠡᠮ ᠢ ᠦᠨᠡᠮᠰᠢᠬᠦ ᠪᠠᠶᠢᠭᠤᠯᠤᠮᠵᠢ ᠵᠢᠨ‌ᠵᠢᠭᠠᠨ ᠲᠣᠭᠲᠠᠭᠠᠭᠰᠠᠨ ᠰᠢᠶᠠᠨ ᠤ ᠱᠠᠲᠥᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠳᠤ ᠪᠡᠶ᠎ᠡ ᠪᠠᠶᠢᠴᠠᠭᠠᠯᠭᠠᠳ‌‍ᠬᠢᠷᠢ ᠲᠡᠩᠴᠡᠭᠰᠡᠨ ᠪᠠᠶᠢᠬᠤ ᠬᠡᠷᠡᠭᠲᠡᠢ᠃ ᠭᠤᠷᠪᠠ᠂ ᠭᠤᠶᠤᠴᠢᠯᠠᠯ ᠤᠨ ᠮᠠᠲ᠋ᠧᠷᠢᠶᠠᠯ1. ︽ᠪᠠᠭᠰᠢ ᠶᠢᠨ ᠬᠢᠷᠢ ᠭᠡᠮ ᠢ ᠦᠨᠡᠮᠰᠢᠬᠦ ᠭᠤᠶᠤᠴᠢᠯᠠᠯ ᠤᠨ ᠬᠦᠰᠥᠨᠥᠭᠲᠦ︾ ᠨᠢᠭᠡ ᠶᠠᠩᠵᠦ ᠶᠢᠨ ᠬᠢ ᠶᠢ ᠬᠤᠶᠠᠷ ᠬᠤᠪᠢ ᠲᠠᠭᠯᠠᠨ᠎ᠠ︔2. ᠪᠡᠶ᠎ᠡ ᠶᠢᠨ ᠦᠨᠡᠮᠯᠡᠯ ᠤᠨ ᠤᠭ ᠵᠦᠢᠯ ᠪᠠ ᠪᠠᠭᠤᠯᠭᠠᠪᠥᠷᠢ︔3. ᠰᠤᠷᠤᠯᠭ᠎ᠠ ᠶᠢᠨ ᠨᠠᠮᠲᠠᠷ ᠤᠨ ᠤᠭ ᠵᠦᠢᠯ ᠪᠠ ᠪᠠᠭᠤᠯᠭᠠᠪᠥᠷᠢ︔4. ᠡᠮᠨᠡᠯᠭᠡ ᠶᠢᠨ ᠬᠤᠷᠢᠶᠠᠨ ᠤ ᠬᠢᠵᠦ ᠥᠭᠭᠦᠭᠰᠡᠨ ᠪᠠᠭᠰᠢ ᠶᠢᠨ ᠬᠢᠷᠢ ᠭᠡᠮ ᠢ ᠦᠨᠡᠮᠰᠢᠬᠦ ᠪᠡᠶ᠎ᠡ ᠵᠢᠨ‌‍ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ︔5. ︽ᠪᠠᠷᠢᠮᠵᠢᠶ᠎ᠡ ᠬᠡᠯᠡᠨ ᠤ ᠬᠢᠷᠢ ᠬᠡᠮᠵᠢᠶ᠎ᠡ ᠶᠢᠨ ᠰᠢᠯᠭᠠᠯᠲᠠ ᠶᠢᠨ ᠳᠡᠰ ᠤᠨ ᠦᠨᠡᠮᠯᠡᠯ︾ ᠤᠨ ᠤᠭ‌ᠵᠦ᠋ᠢᠯ ᠪᠠ ᠪᠠᠭᠤᠯᠭᠠᠪᠥᠷᠢ︔6. ︽ᠪᠠᠭᠰᠢ ᠶᠢᠨ ᠬᠢᠷᠢ ᠭᠡᠮ ᠢ ᠦᠨᠡᠮᠰᠢᠭᠦᠯᠬᠦ ᠪᠠᠷ ᠭᠤᠶᠤᠴᠢᠯᠠᠬᠤ ᠶᠢᠨ ᠨᠢᠭᠤᠷᠳᠠᠨ ᠰᠢᠯᠭᠠᠭᠰᠠᠨ᠂ ᠲᠤᠷᠰᠢᠨ ᠶᠠᠷᠢᠭᠰᠠᠨ ᠪᠠᠶᠢᠳᠠᠯ ᠢ ᠳᠠᠩᠰᠠᠯᠠᠬᠤ ᠬᠦᠰᠥᠨᠥᠭᠲᠦ︾7. ︽ᠭᠤᠶᠤᠴᠢᠯᠠᠭᠴᠢ ᠶᠢᠨ ᠦᠵᠡᠯ ᠰᠠᠨᠠᠭ᠎ᠠ ᠶᠣᠰᠦ ᠮᠤᠷᠠᠯ ᠢ ᠬᠢᠨᠠᠨ ᠲᠣᠭᠲᠠᠭᠠᠬᠤ‌‍ᠬᠦ᠋ᠰᠥᠨᠥᠭᠲᠦ︾᠂ ᠠᠵᠢᠯ ᠳᠤ ᠪᠠᠶᠢᠭ᠎ᠠ ᠭᠤᠶᠤᠴᠢᠯᠠᠭᠴᠢ ᠪᠣᠯ ᠲᠤᠰ ᠬᠦᠰᠥᠨᠥᠭᠲᠦ ᠶᠢ ᠠᠵᠢᠯᠯᠠᠵᠤ ᠪᠠᠶᠢᠭ᠎ᠠ ᠨᠢᠭᠡᠴᠡ ᠠᠴᠠ ᠨᠢ ᠲᠠᠭᠯᠠᠨ᠎ᠠ︔ ᠠᠵᠢᠯ ᠳᠤ ᠪᠠᠶᠢᠭ᠎ᠠ ᠪᠤᠰᠤ ᠭᠤᠶᠤᠴᠢᠯᠠᠭᠴᠢ ᠪᠣᠯ ᠲᠤᠰ ᠬᠦᠰᠥᠨᠥᠭᠲᠦ ᠶᠢ ᠡᠷᠦᠭᠡ‌ᠠᠮᠠ ᠶᠢᠨ ᠪᠠᠶᠢᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠠᠩ ᠪᠠᠯᠭᠠᠰᠤ ᠵᠢᠨ‌ᠠᠷᠠᠳ ᠤᠨ ᠵᠠᠰᠠᠭ ᠤᠨ ᠣᠷᠳᠣᠨ ᠠᠴᠠ ᠨᠢ ᠲᠠᠭᠯᠠᠨ᠎ᠠ᠃ ᠴᠢᠬᠤᠯᠠᠲᠠᠢ ᠦᠶ᠎ᠡ ᠳᠤ᠂ ᠪᠠᠭᠰᠢ ᠶᠢᠨ ᠬᠢᠷᠢ ᠭᠡᠮ ᠢ‌ᠦᠨᠡᠮᠰᠢᠬᠦ ᠪᠠᠶᠢᠭᠤᠯᠤᠮᠵᠢ ᠨᠢ ᠬᠤᠯᠪᠤᠭᠳᠠᠯ ᠪᠦᠬᠦᠢ ᠨᠢᠭᠡᠴᠡ ᠪᠠᠷ ᠨᠡᠩ ᠨᠠᠷᠢᠨ ᠲᠣᠲᠤᠷᠬᠠᠢ ᠭᠡᠷᠡᠴᠢᠯᠡᠬᠦ ᠮᠠᠲ᠋ᠧᠷᠢᠶᠠᠯ‌ᠬᠠᠩᠭᠠᠯᠭᠠᠬᠤ ᠶᠢ ᠱᠠᠭᠠᠷᠳᠠᠵᠤ ᠪᠤᠯᠤᠨ᠎ᠠ᠃8. ᠪᠠᠭᠰᠢ ᠶᠢᠨ ᠰᠤᠷᠭᠠᠨ ᠬᠦᠮᠦᠵᠢᠯ ᠤᠨ ᠪᠤᠰᠤ ᠲᠤᠰᠬᠠᠢ ᠮᠡᠷᠭᠡᠵᠢᠯ ᠢᠶᠠᠷ ᠲᠡᠭᠦᠰᠦᠭᠰᠡᠨ ᠬᠦᠮᠦᠰ ᠡᠷᠬᠡᠪᠰᠢ ᠵᠣᠬᠢᠴᠠᠩᠭᠤᠢ ᠳᠡᠰ ᠳᠠᠪᠬᠤᠷᠭ᠎ᠠ ᠪᠦᠬᠦᠢ ᠰᠤᠷᠭᠠᠨ ᠬᠦᠮᠦᠵᠢᠯ ᠤᠨ ᠤᠬᠠᠭᠠᠨ᠂ ᠰᠡᠳᠬᠢᠴᠡ ᠵᠦᠢ ᠵᠢᠨ‌‍ᠪᠣᠯᠪᠠᠰᠤᠷᠠᠭᠤᠯᠤᠯ ᠠᠴᠠ ᠰᠤᠷᠤᠯᠭ᠎ᠠ ᠲᠡᠭᠦᠰᠦᠭᠰᠡᠨ ᠦᠨᠡᠮᠯᠡᠯ ᠬᠠᠩᠭᠠᠬᠤ ᠬᠡᠷᠡᠭᠲᠡᠢ︔9. ᠦᠢᠶ᠎ᠡ ᠶᠢᠨ ᠬᠤᠭᠤᠴᠠᠭᠠᠨ ᠤ ᠠᠳᠠᠯᠢ ᠳᠡᠪᠢᠰᠬᠡᠷ ᠲᠠᠢ ᠮᠠᠯᠠᠭᠠᠢ ᠦᠭᠡᠢ ᠬᠤᠶᠠᠷ ᠢᠮᠠᠬᠤ ᠵᠢᠨ‌ᠦᠩᠭᠡᠲᠦ ᠭᠡᠷᠡᠯ ᠵᠢᠷᠤᠭ ᠭᠤᠷᠪᠠᠨ ᠬᠤᠪᠢ︔ᠳᠥᠷᠪᠡ᠂ ᠬᠢᠨᠠᠨ ᠵᠦᠪᠰᠢᠶᠡᠷᠡᠬᠦ ᠴᠠᠭ ᠤᠨ ᠬᠢᠵᠠᠭᠠᠷ‌ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠬᠢᠵᠠᠭᠠᠷ ᠳᠠᠭᠤᠰᠤᠭᠠᠳ ᠵᠢᠷᠭᠤᠭᠠᠨ‌ᠡᠳᠦᠷ ᠤᠨ ᠳᠠᠷᠠᠭᠠᠬᠢ ᠬᠠᠤᠯᠢ ᠪᠠᠷ ᠲᠣᠭᠲᠠᠭᠠᠭᠰᠠᠨ 30 ᠠᠵᠢᠯᠯᠠᠬᠤ ᠡᠳᠦᠷ ᠤᠨ ᠳᠣᠲᠣᠷ᠎ᠠ ᠪᠠᠭᠰᠢ ᠶᠢᠨ ᠬᠢᠷᠢ ᠭᠡᠮ ᠢ ᠦᠨᠡᠮᠰᠢᠬᠦ ᠡᠰᠡᠬᠦ ᠶᠢᠨ ᠰᠢᠢᠳᠪᠦᠷᠢ ᠭᠠᠷᠭᠠᠬᠤ ᠶᠢᠨ ᠬᠠᠮᠲᠤ ᠦᠨᠡᠮᠰᠢᠭᠰᠡᠨ ᠦᠷ᠎ᠡ ᠳ᠋ᠦᠩ ᠢ ᠭᠤᠶᠤᠴᠢᠯᠠᠭᠴᠢ ᠳᠤ ᠮᠡᠳᠡᠭᠳᠡᠵᠦ᠂ ᠬᠠᠤᠯᠢ ᠪᠠᠷ ᠲᠣᠭᠲᠠᠭᠠᠭᠰᠠᠨ ᠦᠨᠡᠮᠰᠢᠬᠦ ᠨᠦᠬᠦᠴᠡᠯ ᠳᠤ ᠨᠡᠶᠢᠴᠡᠭᠰᠡᠳ ᠲᠤ᠋‌ᠵᠣᠬᠢᠴᠠᠩᠭᠤᠢ ︽ᠪᠠᠭᠰᠢ ᠶᠢᠨ ᠬᠢᠷᠢ ᠭᠡᠮ ᠤᠨ ᠦᠨᠡᠮᠯᠡᠯ︾ ᠣᠯᠭᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号