ᠨᠠᠷᠢᠨ ᠪᠠᠯᠭᠠᠰᠤ᠄ ᠤᠭ ᠵᠤᠷᠢᠯᠳᠠ ᠪᠠᠨ ᠮᠠᠷᠳᠠᠯ ᠦᠭᠡᠢ ᠪᠤᠳᠠᠳᠤ ᠤᠴᠢᠷ ᠢ ᠰᠢᠢᠳᠪᠦᠷᠢᠯᠡᠵᠦ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ ᠠᠷᠠᠳ ᠤᠨ ᠵᠤᠪᠠᠨᠢᠯ ᠢ ᠲᠠᠶᠢᠯᠤᠨ᠎ᠠ
ᠨᠡᠶᠢᠲᠡᠯᠡᠭᠰᠡᠨ ᠴᠠᠭ᠄
2019/11/10
10 ᠰᠠᠷ᠎ᠠ ᠶᠢᠨ 22   ᠤ ᠡᠳᠦᠷ᠂ ᠨᠠᠷᠢᠨ ᠪᠠᠯᠭᠠᠰᠤ ᠬᠦᠴᠦᠷᠬᠡᠭ ᠢ ᠲᠠᠮᠵᠢᠵᠦ ᠶᠠᠳᠠᠭᠤ ᠶᠢ ᠲᠠᠶᠢᠴᠢᠯᠠᠬᠤ ᠶᠠᠳᠠᠭᠤ  ᠶᠢ ᠲᠡᠳᠬᠦᠬᠦ ᠪᠡᠯᠡ ᠮᠦᠩᠬᠦ ᠪᠠᠷ 3000 ᠲᠡᠭᠰᠢ ᠲᠦᠷᠪᠡᠯᠵᠢᠨ ᠲᠠᠯᠠᠪᠠᠢ ᠲᠠᠢ ᠰᠤᠷᠭᠤᠭ ᠢᠶᠠᠷ ᠬᠠᠳᠠᠭᠠᠯᠠᠬᠤ ᠬᠦᠮᠦᠷᠭᠡ ᠶᠢ ᠰᠢᠨ᠎ᠡ ᠪᠠᠷ ᠪᠠᠶᠢᠭᠤᠯᠵᠦ᠂ ᠭᠤᠤᠯ ᠴᠤᠭᠴᠠ ᠶᠢᠨ ᠪᠠᠷᠢᠯᠭ᠎ᠠ ᠶᠢ ᠪᠦᠬᠦᠨ ᠢ ᠪᠡᠶᠡᠯᠡᠭᠦᠯᠪᠡ᠃ᠨᠠᠷᠢᠨ ᠪᠠᠯᠭᠠᠰᠤ ᠨᠢ ᠢᠳᠡᠰᠢᠨ ᠨᠤᠭᠤᠭ᠎ᠠ ᠲᠠᠷᠢᠭᠰᠠᠨ ᠤᠳᠠᠭᠠᠨ ᠵᠢᠯ ᠤᠨ ᠲᠡᠦᠬᠡ ᠲᠠᠢ ᠶᠤᠮ᠂ ᠬᠡᠳᠡᠯ᠎ᠡ ᠵᠠᠬ᠎ᠠ ᠲᠡᠯᠭᠡᠭᠦᠷ ᠤᠨ ᠴᠢᠮᠡᠭᠡ ᠵᠠᠩᠬᠢ ᠬᠤᠪᠢᠷᠠᠨ ᠤᠯᠠᠷᠢᠵᠤ ᠪᠠᠶᠢᠳᠠᠭ ᠪᠤᠯᠬᠤᠷ ᠲᠠᠷᠢᠶᠠᠴᠢᠳ ᠨᠤᠭᠤᠭᠠᠨ ᠤ ᠵᠠᠬ᠎ᠠ ᠶᠢᠨ ᠪᠠᠶᠢᠳᠠᠯ ᠢ ᠲᠡᠷᠡ ᠲᠠᠷᠤᠢ ᠳᠤ ᠨᠢ ᠮᠡᠳᠡᠵᠦ ᠴᠢᠳᠠᠬᠤ ᠦᠭᠡᠢ ᠠᠴᠠ ᠪᠤᠯᠵᠤ᠂ ᠨᠤᠭᠤᠭ᠎ᠠ ᠬᠢᠮᠳᠠᠷᠠᠵᠤ ᠲᠠᠷᠢᠭᠴᠢᠳ ᠤᠨ ᠤᠷᠤᠯᠭ᠎ᠠ ᠶᠢ ᠪᠠᠭᠤᠷᠠᠭᠤᠯᠵᠤ ᠪᠠᠶᠢᠳᠠᠭ᠂ ᠲᠠᠷᠢᠬᠤ ᠦᠶ᠎ᠡ ᠪᠠᠷ ᠵᠠᠬ᠎ᠠ ᠶᠢᠨ ᠦᠨ᠎ᠡ ᠰᠠᠶᠢᠨ ᠪᠠᠶᠢᠵᠤ᠂ ᠬᠤᠷᠢᠶᠠᠬᠤ ᠦᠶ᠎ᠡ ᠪᠠᠷ ᠬᠢᠮᠳᠠᠷᠠᠴᠢᠬᠠᠳᠠᠭ᠃ ᠨᠤᠭᠤᠭᠠᠨ ᠤ ᠦᠨ᠎ᠡ ᠬᠢᠮᠳᠠᠷᠠᠪᠠᠯ ᠨᠤᠭᠤᠭ᠎ᠠ ᠲᠠᠷᠢᠭᠴᠢᠳ ᠲᠠᠷᠢᠭᠰᠠᠨ ᠨᠤᠭᠤᠭ᠎ᠠ  ᠪᠠᠨ ᠭᠠᠵᠠᠷ ᠲᠤ ᠨᠢ ᠬᠠᠭᠠᠯᠪᠤᠷᠢᠯᠠᠵᠤ ᠬᠠᠶᠠᠬᠤ ᠯᠡ ᠬᠡᠷᠡᠭ᠂ ᠦᠨᠡᠭᠡᠷ ᠰᠡᠳᠬᠢᠯ ᠰᠢᠮᠰᠢᠷᠡᠮᠡᠷ ᠶᠤᠮ᠃ ︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠢ ᠦᠷᠨᠢᠬᠦᠯᠦᠭᠰᠡᠨ ᠠᠴᠠ ᠨᠠᠰᠢ᠂ ᠨᠠᠷᠢᠨ ᠪᠠᠯᠭᠠᠰᠤ ᠨᠢ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠤᠷᠢᠯᠳᠠ ᠶᠢᠨ ᠤᠬᠠᠮᠰᠠᠷ ᠢᠶᠠᠨ ᠪᠤᠳᠠᠳᠠᠢ ᠠᠵᠢᠯᠯᠠᠭ᠎ᠠ ᠪᠤᠯᠭᠠᠵᠤ ᠪᠠᠶᠢᠨ᠎ᠠ᠂ ᠰᠤᠷᠭᠤᠭ ᠢᠶᠠᠷ ᠬᠠᠳᠠᠭᠠᠯᠠᠬᠤ ᠬᠦᠮᠦᠷᠭᠡ ᠪᠠᠶᠢᠭᠤᠯᠤᠭᠰᠠᠨ ᠤ ᠲᠠᠷᠠᠭ᠎ᠠ ᠬᠤᠯᠠ ᠲᠡᠭᠡᠭᠡᠵᠦ ᠠᠪᠠᠴᠢᠬᠤ ᠳᠤ ᠬᠦᠷᠦᠭᠡᠬᠦ ᠳᠤ ᠲᠦᠭᠦᠮ᠂ ᠬᠤᠷᠢᠶᠠᠯᠳᠠ ᠶᠢᠨ ᠴᠠᠭ ᠵᠦᠷᠢᠶᠡᠳᠦᠬᠦᠯᠦᠨ ᠵᠠᠬ᠎ᠠ ᠳᠤ ᠭᠠᠷᠭᠠᠬᠤ ᠶᠢ ᠪᠠᠳᠤᠯᠠᠵᠤ᠂ ᠢᠳᠡᠰᠢᠨ ᠨᠤᠭᠤᠭᠠᠨ ᠤ ᠠᠰᠢᠭ ᠤᠷᠤᠯᠭ᠎ᠠ ᠶᠢ ᠨᠡᠮᠡᠭᠳᠡᠭᠦᠯᠵᠦ᠂ ᠨᠤᠭᠤᠭ᠎ᠠ ᠲᠠᠷᠢᠭᠴᠢᠳ ᠤᠨ ᠰᠤᠷᠭᠤᠭ ᠢᠶᠠᠷ ᠬᠠᠳᠠᠭᠠᠯᠠᠬᠤ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号