ᠾᠧᠪᠧᠢ ᠵᠡᠭᠡᠯᠢ ᠭᠤᠳᠤᠮᠵᠢ ᠶᠢᠨ ᠡᠮᠡᠭᠡᠯ ᠠᠭᠤᠯᠠ ᠲᠤᠰᠬᠤᠨ ᠤ ᠠᠭᠤᠯᠠᠨ ᠦᠵᠦᠮ ᠤᠨ ᠠᠵᠤ ᠦᠢᠯᠡᠰ ᠤᠨ ᠬᠤᠯᠪᠤᠭᠠᠳᠤ ᠨᠠᠮ ᠤᠨ ᠬᠤᠷᠢᠶ᠎ᠠ ᠬᠠᠮᠳᠤ ᠰᠠᠭᠤᠵᠤ ᠬᠠᠮᠳᠤ ᠪᠠᠷ ᠪᠦᠳᠦᠭᠡᠨ ᠪᠠᠶᠢᠭᠤᠯᠬᠤ ᠨᠢᠭᠡᠴᠡ ᠶᠢ ᠵᠤᠬᠢᠶᠠᠨ ᠪᠠᠶᠢᠭᠤᠯᠵᠤ ᠲᠦᠪᠯᠡᠷᠡᠬᠦᠯᠦᠨ ᠤᠬᠠᠭᠤᠯᠬᠤ ᠲᠤᠮᠤ ᠬᠦᠳᠡᠯᠭᠡᠭᠡᠨ ᠢ ᠦᠷᠨᠢᠬᠦᠯᠪᠠ
ᠨᠡᠶᠢᠲᠡᠯᠡᠭᠰᠡᠨ ᠴᠠᠭ᠄
2019/11/10
10 ᠰᠠᠷ᠎ᠠ ᠶᠢᠨ 31 ᠤ ᠡᠳᠦᠷ᠂ ᠾᠧᠪᠧᠢ ᠵᠡᠭᠡᠯᠢ ᠭᠤᠳᠤᠮᠵᠢ ᠶᠢᠨ ᠡᠮᠡᠭᠡᠯ ᠠᠭᠤᠯᠠ ᠲᠤᠰᠬᠤᠨ ᠤ ᠠᠭᠤᠯᠠᠨ ᠦᠵᠦᠮ ᠤᠨ ᠠᠵᠤ ᠦᠢᠯᠡᠰ ᠤᠨ ᠬᠤᠯᠪᠤᠭᠠᠳᠤ ᠨᠠᠮ ᠤᠨ ᠬᠤᠷᠢᠶ᠎ᠠ ᠬᠠᠮᠳᠤ ᠰᠠᠭᠤᠵᠤ ᠬᠠᠮᠳᠤ ᠪᠠᠷ ᠪᠦᠳᠦᠭᠡᠨ ᠪᠠᠶᠢᠭᠤᠯᠬᠤ ᠨᠢᠭᠡᠴᠡ ᠶᠢᠨ ᠡᠮᠡᠭᠡᠯ ᠠᠭᠤᠯᠠ ᠲᠤᠰᠬᠤᠨ ᠤ ᠨᠠᠮ ᠤᠨ ᠡᠭᠦᠷ᠂ ᠬᠤᠤ ᠰᠦᠩ ᠭᠧᠦ ᠲᠤᠰᠬᠤᠨ ᠤ ᠨᠠᠮ ᠤᠨ ᠡᠭᠦᠷ᠂ ᠡᠮᠡᠭᠡᠯ ᠠᠭᠤᠯᠠ ᠬᠤᠨᠢᠨ ᠤ ᠲᠠᠯᠠᠪᠠᠢ ᠶᠢᠨ ᠨᠠᠮ ᠤᠨ ᠡᠭᠦᠷ᠂ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠶᠢᠨ ᠨᠠᠮ ᠤᠨ ᠡᠭᠦᠷ ᠪᠠ ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠡᠮᠡᠭᠡᠯ ᠠᠭᠤᠯᠠ ᠰᠠᠯᠪᠤᠷᠢ ᠶᠢ ᠵᠤᠬᠢᠶᠠᠨ ᠪᠠᠶᠢᠭᠤᠯᠵᠤ᠂ ︽ᠨᠠᠮ ᠤᠨ ᠬᠠᠮ ᠪᠠᠶᠢᠭᠤᠯᠤᠯᠳᠠ᠂ ᠬᠦᠭᠡ ᠠᠭᠤᠯᠠ ᠬᠦᠬᠡᠮᠳᠦᠭ ᠤᠰᠤ ᠪᠠᠨ ᠬᠠᠮᠳᠤ ᠪᠠᠷ ᠬᠠᠮᠠᠭᠠᠯᠠᠬᠤ︾᠂ ︽ᠪᠦᠬᠦ ᠠᠷᠠᠳ ᠢᠶᠠᠷ ᠢᠶᠠᠨ ᠲᠠᠶᠢᠴᠢᠯᠠᠯᠳᠠ ᠬᠢᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠤ ᠬᠤᠤᠷ ᠭᠡᠮ ᠢ ᠡᠷᠡᠰ ᠠᠷᠢᠯᠭᠠᠬᠤ︾ ᠭᠤᠤᠯ ᠰᠡᠳᠦᠪᠳᠦ ᠲᠦᠪᠯᠡᠷᠡᠬᠦᠯᠦᠨ ᠤᠬᠠᠭᠤᠯᠬᠤ ᠲᠤᠮᠤ ᠬᠡᠯᠪᠡᠷᠢ ᠶᠢᠨ ᠬᠦᠳᠡᠯᠭᠡᠭᠡᠨ ᠢ ᠦᠷᠨᠢᠭᠦᠯᠪᠡ᠃  ︽ᠠᠷᠪᠠᠨ ᠵᠢᠯ ᠳᠤ ᠨᠢᠭᠡ ᠮᠤᠳᠤ ᠶᠢ ᠤᠷᠭᠤᠭᠤᠯᠬᠤ ᠳᠤ ᠬᠦᠴᠢᠷ᠂ ᠦᠴᠦᠭᠡᠨ ᠭᠠᠯ ᠴᠤ ᠲᠦᠮᠡᠨ ᠮᠤ᠋ ᠤᠢ ᠶᠢ ᠰᠦᠢᠳᠭᠡᠵᠦ ᠲᠡᠶᠢᠯᠦᠨ᠎ᠡ︾᠃ ᠤᠢ ᠰᠢᠭᠤᠢ ᠶᠢᠨ ᠭᠠᠯ ᠢ ᠰᠡᠷᠭᠡᠶᠢᠯᠡᠬᠦ ᠡᠨᠡᠬᠦ ᠰᠡᠷᠭᠡᠶᠢᠯᠡᠯᠳᠡ ᠶᠢᠨ ᠱᠤᠭᠤᠮ ᠢ ᠰᠠᠬᠢᠵᠦ ᠴᠢᠳᠠᠪᠠᠯ ᠲᠠᠷᠤᠢ ᠬᠦᠭᠡ ᠠᠭᠤᠯᠠ ᠬᠦᠬᠡᠮᠳᠦᠭ ᠤᠰᠤ ᠪᠠᠨ ᠰᠠᠬᠢᠭᠰᠠᠨ ᠶᠠᠪᠤᠳᠠᠯ ᠮᠦᠨ᠃ ᠡᠮᠡᠭᠡᠯ ᠠᠭᠤᠯᠠ ᠲᠤᠰᠬᠤᠨ ᠤ ᠨᠠᠮ ᠤᠨ ᠡᠭᠦᠷ ᠤᠨ ᠱᠦᠵᠢ ᠯᠢᠦ ᠰᠢᠶᠤᠤ ᠰᠢᠶᠠᠩ ᠪᠠ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠶᠢᠨ ᠤᠢ ᠬᠠᠮᠠᠭᠠᠯᠠᠭᠴᠢ ᠴᠠᠢ ᠱᠤ᠋ ᠯᠢᠩ ᠠᠴᠠ ᠶᠡᠷᠦᠩᠬᠡᠢ ᠱᠦᠵᠢ ᠶᠢᠨ ᠨᠠᠨᠳᠢᠨ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠤᠭ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠵᠦ᠂ ᠤᠢ ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠢ ᠰᠠᠶᠢᠨ ᠬᠢᠵᠦ᠂ ᠵᠤᠬᠢᠶᠠᠨ ᠪᠠᠶᠢᠭᠤᠯᠬᠤ ᠤᠳᠤᠷᠢᠳᠤᠯᠭ᠎ᠠ᠂ ᠡᠭᠦᠷᠭᠡ ᠬᠠᠷᠢᠭᠤᠴᠠᠯᠭ᠎ᠠ ᠶᠢ ᠲᠤᠤᠱᠯᠠᠭᠤᠯᠬᠤ᠂ ᠤᠬᠠᠭᠤᠯᠭ᠎ᠠ ᠬᠦᠮᠦᠵᠢᠯ᠂ ᠭᠡᠮ ᠰᠤᠭᠤᠭ ᠢ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠶᠢ ᠪᠠᠶᠢᠷᠢᠨ ᠳᠤ ᠨᠢ ᠬᠦᠷᠭᠡᠬᠦ ᠶᠢ ᠪᠠᠳᠤᠯᠠᠵᠤ᠂ ᠡᠨᠡᠬᠦ ᠬᠡᠰᠡᠭ ᠬᠦᠬᠡ ᠠᠭᠤᠯᠠ ᠬᠦᠬᠡᠮᠳᠦᠭ ᠤᠰᠤ ᠪᠠᠨ ᠦᠨᠡᠨᠬᠦ ᠰᠠᠶᠢᠳᠦᠷ ᠬᠠᠮᠠᠭᠠᠯᠠᠨ᠎ᠠ ᠭᠡᠵᠦ ᠢᠯᠡᠷᠬᠡᠶᠢᠯᠡᠵᠦ ᠪᠠᠶᠢᠪᠠ᠃ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠪᠤᠳᠠᠳᠠᠢ᠂ ᠨᠠᠷᠢᠯᠢᠭ ᠲᠤᠤᠱᠯᠠᠭᠤᠯᠬᠤ ᠶᠢᠨ ᠲᠦᠯᠦᠭᠡ᠂ ᠵᠡᠭᠡᠯᠢ ᠭᠤᠳᠤᠮᠵᠢ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠯᠪᠠᠨ ᠭᠡᠷ᠂ ᠬᠠᠤᠯᠢ ᠴᠠᠭᠠᠵᠠ ᠶᠢᠨ ᠰᠠᠯᠪᠤᠷᠢ ᠡᠨᠡ ᠤᠳᠠᠭᠠᠨ ᠤ ᠲᠦᠪᠯᠡᠷᠡᠬᠦᠯᠦᠨ ᠤᠬᠠᠭᠤᠯᠬᠤ ᠲᠤᠬᠢᠶᠠᠯ ᠢ ᠠᠰᠢᠭᠯᠠᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠲᠠᠬᠢᠨᠳᠠ ᠤᠬᠠᠭᠤᠯᠵᠤ᠂ ᠤᠯᠠᠨ ᠲᠦᠮᠡᠨ ᠢ ᠲᠠᠶᠢᠴᠢᠯᠠᠨ᠂ ᠤᠯᠠᠨ ᠲᠦᠮᠡᠨ ᠤ ᠰᠠᠨᠠᠯ ᠢ ᠢᠳᠡᠪᠬᠢᠳᠡᠢ ᠴᠤᠭᠯᠠᠭᠤᠯᠵᠤ ᠂ ᠢᠯᠡᠷᠡᠭᠰᠡᠨ ᠠᠰᠠᠭᠤᠳᠠᠯ ᠳᠤ ᠴᠢᠭᠯᠡᠬᠦᠯᠦᠨ᠂ ᠲᠠᠷᠤᠢ ᠳᠤ ᠨᠢ ᠡᠷᠡᠰ ᠦᠭᠡᠷᠡᠴᠢᠯᠡᠵᠦ᠂ ᠠᠷᠢᠭᠤᠨ ᠴᠢᠭᠡᠴᠢ ᠨᠡᠶᠢᠭᠡᠮ ᠤᠨ ᠰᠤᠳᠠᠯ ᠢ ᠪᠤᠢ ᠪᠤᠯᠭᠠᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠦᠷ᠎ᠡ ᠪᠦᠳᠦᠮᠵᠢ ᠶᠢ ᠦᠨᠡᠨᠬᠦ ᠲᠡᠭᠡᠭᠰᠢᠯᠡᠬᠦᠯᠵᠥ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号