ᠱᠢ ᠵᠢᠶᠠ ᠮᠠᠨᠵᠤ ᠦᠨᠳᠦᠰᠦᠳᠡᠨ ᠤ ᠰᠢᠶᠠᠩ ︽ᠤᠢ ᠬᠠᠮᠠᠭᠠᠯᠠᠵᠤ ᠭᠠᠯ ᠢ ᠰᠡᠷᠭᠡᠶᠢᠯᠡᠬᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠰᠠᠶᠢᠨ ᠲᠤᠷ᠎ᠠ ᠶᠢᠨ ᠦᠢᠯᠡᠴᠢᠯᠡᠭᠡᠨ ᠤ ᠬᠦᠳᠡᠯᠭᠡᠭᠡᠨ ᠢ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2019/11/10
11 ᠰᠠᠷ᠎ᠠ ᠶᠢᠨ 1 ᠤ ᠡᠳᠦᠷ᠂ ᠯᠧᠦ ᠽᠢ ᠳ᠋ᠢᠶᠠᠨ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ ᠤᠨᠴᠠ ᠬᠦᠭᠵᠢᠶᠡᠨᠳᠡᠢ ᠪᠠᠶᠢᠵᠤ᠂ ᠵᠠᠬ᠎ᠠ ᠳᠤ ᠤᠴᠢᠬᠤ ᠲᠤᠰᠬᠤᠨ ᠤ ᠠᠷᠠᠳ ᠠᠴᠠ ᠭᠠᠳᠠᠨ᠎ᠠ ᠱᠢ ᠵᠢᠶᠠ ᠮᠠᠨᠵᠤ ᠦᠨᠳᠦᠰᠦᠳᠡᠨ ᠤ ᠰᠢᠶᠠᠩ ᠤᠨ ᠠᠮᠤᠷ ᠲᠦᠪᠰᠢᠨ ᠢ ᠠᠬᠢᠭᠤᠯᠬᠤ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠬᠢ ᠶᠢᠨ ᠰᠠᠶᠢᠨ ᠲᠤᠷᠠᠴᠤᠳ ᠭᠠᠳᠠᠨ᠎ᠠ ᠲᠤᠳᠤᠨ᠎ᠠ ᠦᠭᠡᠢ ᠶᠠᠭᠠᠷᠠᠯᠳᠤᠨ᠂ ᠵᠠᠬ᠎ᠠ ᠳᠤ ᠢᠷᠡᠭᠰᠡᠨ ᠲᠤᠰᠬᠤᠨ ᠤ ᠠᠷᠠᠳ ᠲᠤ ᠤᠬᠠᠭᠤᠯᠬᠤ ᠬᠠᠭᠤᠳᠠᠰᠤ᠂ ᠤᠬᠠᠭᠤᠯᠭ᠎ᠠ ᠶᠢᠨ ᠲᠡᠪᠳᠡᠷ ᠲᠠᠷᠬᠠᠭᠠᠵᠤ ᠪᠠᠶᠢᠪᠠ᠃ ᠰᠢᠶᠠᠩ ᠤᠨ ᠵᠠᠰᠠᠭ ᠤᠨ ᠤᠷᠳᠤᠨ  ᠤ ᠤᠬᠠᠭᠤᠯᠬᠤ ᠲᠡᠷᠭᠡ ᠨᠢ ︽ᠤᠢ ᠶᠢ ᠬᠠᠮᠠᠭᠠᠯᠠᠵᠤ ᠭᠠᠯ ᠢ ᠰᠡᠷᠭᠡᠶᠢᠯᠡᠬᠦ︾᠂ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠮᠡᠳᠡᠯᠭᠡ ᠶᠢ ᠡᠭᠡᠯᠵᠢᠯᠡᠨ ᠨᠡᠪᠳᠡᠷᠡᠭᠦᠯᠵᠦ ᠪᠠᠶᠢᠯ᠎ᠠ᠃ᠱᠢ ᠵᠢᠶᠠ ᠮᠠᠨᠵᠤ ᠦᠨᠳᠦᠰᠦᠳᠡᠨ ᠤ ᠰᠢᠶᠠᠩ ᠨᠢ ᠰᠠᠶᠢᠨ ᠲᠤᠷᠠᠴᠤᠳ ᠤᠨ ᠬᠦᠳᠡᠯᠭᠡᠭᠡᠨ ᠢᠶᠠᠷ ᠲᠠᠮᠵᠢᠵᠦ᠂ ︽ᠤᠭ ᠵᠤᠷᠢᠯᠳᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠢ ᠡᠳᠦᠷ ᠲᠤᠳᠤᠮ ᠤᠨ ᠡᠯ᠎ᠡ ᠵᠦᠢᠯ ᠤᠨ ᠠᠵᠢᠯ ᠳᠤ ᠪᠠᠨ ᠭᠦᠨᠵᠡᠭᠡᠶᠢᠷᠡᠬᠦᠯᠵᠦ᠂ ᠭᠤᠤᠯ ᠰᠡᠳᠦᠪᠳᠤ ᠬᠦᠮᠦᠵᠢᠯ ᠤᠨ ᠲᠤᠯᠤᠭᠠᠶᠢᠯᠠᠭᠴᠢ ᠪᠤᠯᠬᠤ ᠪᠠᠷ ᠴᠢᠷᠮᠠᠶᠢᠵᠤ ᠪᠠᠶᠢᠨ᠎ᠠ᠃ ᠲᠤᠰ ᠤᠳᠠᠭᠠᠨ ᠤ ᠬᠦᠳᠡᠯᠭᠡᠭᠡᠨ ᠢ ᠱᠢ ᠵᠢᠶᠠ ᠮᠠᠨᠵᠤ ᠦᠨᠳᠦᠰᠦᠳᠡᠨ ᠤ ᠰᠢᠶᠠᠩ ᠤᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠰᠠᠯᠪᠤᠷᠢ ᠨᠢ ᠤᠢ ᠶᠢ ᠬᠠᠮᠠᠭᠠᠯᠠᠵᠤ ᠭᠠᠯ ᠢ ᠰᠡᠷᠭᠡᠶᠢᠯᠡᠬᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯ ᠲᠠᠢ ᠤᠶᠠᠯᠳᠤᠭᠤᠯᠤᠨ ᠦᠷᠨᠢᠬᠦᠯᠪᠡ᠂ ᠰᠠᠯᠪᠤᠷᠢ᠂ ᠵᠠᠮ ᠬᠠᠷᠢᠯᠴᠠᠭᠠᠨ ᠤ ᠠᠩᠬᠢ᠂ ᠬᠠᠤᠯᠢ ᠴᠠᠭᠠᠵᠠ ᠶᠢᠨ ᠰᠠᠯᠪᠤᠷᠢ ᠵᠡᠷᠭᠡ ᠦᠢᠯᠡᠳᠦᠯ ᠴᠢᠳᠠᠮᠵᠢᠳᠤ ᠦᠷᠳᠡᠭᠡ ᠰᠠᠯᠪᠤᠷᠢ ᠪᠠᠷ ᠪᠦᠷᠢᠯᠳᠤᠭ᠍ᠰᠡᠨ ︽ᠱᠢ ᠵᠢᠶᠠ ᠮᠠᠨᠵᠤ ᠦᠨᠳᠦᠰᠦᠳᠡᠨ ᠤ ᠰᠢᠶᠠᠩ ᠤᠨ ᠠᠮᠤᠷ ᠲᠦᠪᠰᠢᠨ ᠢ ᠠᠬᠢᠭᠤᠯᠬᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ︾ ᠨᠢ ᠭᠤᠤᠯᠯᠠᠨ ᠰᠡᠳᠤᠵᠤ ᠬᠡᠷᠡᠭᠵᠢᠬᠦᠯᠪᠡ᠃ᠲᠤᠰ ᠤᠳᠠᠭᠠᠨ ᠤ ᠬᠦᠳᠡᠯᠭᠡᠭᠡᠨ ᠳᠤ ︽ᠴᠤᠭᠯᠠᠭ᠎ᠠ ᠮᠠᠶᠢᠮᠠᠢ ᠳᠤ ᠤᠴᠢᠬᠤ︾ ᠤᠬᠠᠭᠤᠯᠭ᠎ᠠ ᠶᠢᠨ ᠬᠡᠯᠪᠡᠷᠢ ᠶᠢ ᠠᠪᠴᠦ᠂ ᠬᠦᠮᠦᠨ ᠬᠠᠷ᠎ᠠ ᠤᠯᠠᠨᠳᠠᠢ ᠴᠤᠭᠯᠠᠭ᠎ᠠ ᠮᠠᠶᠢᠮᠠᠢ ᠶᠢᠨ ᠭᠠᠵᠠᠷ ᠲᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤ ᠡᠷᠬᠡᠪᠰᠢ ᠮᠡᠳᠡᠬᠦ ᠴᠢᠬᠤᠯᠠᠳᠠᠢ ᠭᠠᠷ ᠲᠡᠪᠳᠡᠷ᠂ ᠤᠯᠠᠨ ᠲᠦᠮᠡᠨ ᠳᠤ ᠦᠭᠭᠦᠭᠰᠡᠨ ᠨᠢᠭᠡᠨ ᠬᠤᠪᠢ ᠵᠠᠬᠢᠳᠠᠯ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠰᠤᠨᠢᠨ᠂ ᠬᠠᠤᠯᠢ ᠲᠦᠭᠡᠮᠡᠯᠵᠢᠯᠡᠬᠦᠯᠬᠦ ᠤᠭᠤᠳᠠ᠂ ᠤᠢ ᠰᠢᠭᠤᠢ ᠶᠢᠨ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠦᠭᠡᠭᠡᠨ ᠦᠭᠪᠡ᠃ 12 ᠲᠡᠷᠭᠡ ᠮᠠᠰᠢᠨ ᠬᠦᠳᠡᠯᠭᠡᠵᠦ᠂ 70 ᠭᠠᠷᠤᠢ ᠰᠠᠶᠢᠨ ᠲᠤᠷᠠᠴᠤᠳ ᠤᠷᠤᠯᠴᠠᠨ᠂ ᠤᠯᠠᠨ ᠲᠦᠮᠡᠨ ᠳᠤ ᠤᠢ ᠰᠢᠭᠤᠢ ᠶᠢ ᠬᠠᠮᠠᠭᠠᠯᠠᠵᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠨᠠᠷᠢᠯᠢᠭ ᠲᠠᠶᠢᠯᠪᠤᠷᠢᠯᠠᠵᠤ ᠦᠭᠪᠡ᠃ᠲᠤᠰ ᠤᠳᠠᠭᠠᠨ ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠬᠦᠳᠡᠯᠭᠡᠭᠡᠨ ᠢᠶᠠᠷ ᠲᠠᠮᠵᠢᠵᠦ᠂ ᠤᠯᠠᠨ ᠲᠦᠮᠡᠨ ᠤ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠬᠠᠢ ᠠᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠬᠦᠯᠵᠦ᠂ ᠤᠯᠠᠨ ᠲᠦᠮᠡᠨ ᠢ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠭᠰᠠᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠵᠤᠷᠢᠭᠳᠠᠢ ᠪᠠᠷ ᠲᠡᠮᠡᠴᠡᠯ ᠬᠢᠬᠦ ᠶᠢ ᠵᠤᠷᠢᠭᠵᠢᠭᠤᠯᠪᠠ᠃ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠲᠠᠨᠢᠯᠳᠠ ᠪᠤᠢ ᠪᠤᠯᠭᠠᠬᠤ ᠪᠠ ᠲᠡᠭᠡᠭᠰᠢᠯᠡᠬᠦᠯᠵᠦ᠂ ᠤᠢ ᠰᠢᠭᠤᠢ ᠶᠢ ᠬᠠᠮᠠᠭᠠᠯᠠᠵᠤ ᠭᠠᠯ ᠢ ᠰᠡᠷᠭᠡᠶᠢᠯᠡᠨ᠂ ᠪᠤᠯᠪᠠᠰᠤᠨ ᠢᠶᠠᠷ ᠲᠠᠶᠢᠯᠭ᠎ᠠ ᠬᠢᠬᠦ ᠶᠢ ᠬᠦᠨᠳᠦᠳᠭᠡᠬᠦ ᠪᠤᠯᠭᠠᠪᠠ᠃ ᠠᠮᠤᠷ ᠲᠦᠪᠰᠢᠨ ᠴᠠᠭ ᠲᠤ ᠠᠶᠤᠯ ᠲᠦᠭᠰᠢᠭᠦᠷᠢ ᠶᠢ ᠤᠬᠠᠮᠵᠢᠯᠠᠨ᠂ ᠠᠶᠤᠯ ᠭᠠᠮᠰᠢᠭ  ᠠᠴᠠ ᠤᠷᠢᠳᠴᠢᠯᠡᠨ ᠰᠡᠷᠭᠡᠶᠢᠯᠡᠨ᠎ᠡ᠂ ᠠᠮᠤᠷ ᠲᠦᠪᠰᠢᠨ ᠡᠶ᠎ᠡ ᠵᠤᠬᠢᠴᠠᠯ ᠲᠠᠢ ᠱᠢ ᠵᠢᠶᠠ ᠮᠠᠨᠵᠤ ᠦᠨᠳᠦᠰᠦᠳᠡᠨ ᠤ ᠰᠢᠶᠠᠩ ᠢᠶᠠᠨ ᠡᠭᠦᠳᠦᠨ ᠪᠠᠶᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠤᠷᠴᠢᠨ ᠢ ᠪᠤᠢ ᠪᠤᠯᠭᠠᠬᠤ ᠬᠡᠷᠡᠭᠳᠡᠢ ᠶᠤᠮ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号