ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠶᠠᠳᠠᠭᠤ ᠬᠦᠴᠢᠷᠳᠡᠢ ᠡᠷᠦᠬᠡ ᠳᠤ ᠪᠤᠳᠠᠳᠠᠢ ᠶᠠᠪᠤᠳᠠᠯ ᠭᠦᠢᠴᠡᠳᠬᠡᠵᠦ ᠬᠠᠶᠢᠷ᠎ᠠ ᠬᠠᠯᠠᠮᠵᠢ ᠬᠦᠷᠳᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2019/11/10
10 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂  ᠬᠠᠷᠠᠴᠢᠨ ᠬᠤᠰᠢᠭᠤᠨ ᠤ ᠰᠢᠶᠤᠤ ᠨᠢᠦ ᠴᠢᠶᠦ᠋ᠨ ᠪᠠᠯᠭᠠᠰᠤᠨ ᠤ ᠬᠤᠸᠠᠩ ᠵᠢᠶᠠ ᠸᠧ ᠫᠦ᠋ ᠲᠤᠰᠬᠤᠨ ᠤ ᠲᠦᠷᠪᠡᠳᠦᠭᠡᠷ ᠲᠤᠭᠤᠶᠢᠯᠠᠩ ᠤᠨ ᠶᠠᠳᠠᠭᠤ ᠬᠦᠴᠢᠷᠳᠡᠢ ᠡᠷᠦᠬᠡ ᠰᠦᠩ ᠹᠧᠩ ᠶᠦᠨ ᠲᠤᠰᠬᠤᠨ ᠤ ᠵᠦᠪᠯᠡᠯ ᠳᠤ ᠢᠷᠡᠵᠦ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠶᠢᠨ ᠬᠤᠸᠠᠩ ᠵᠢᠶᠠ ᠸᠧ ᠫᠦ᠋ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠳᠤ ︽ᠨᠢᠭᠡᠨ ᠰᠡᠳᠬᠢᠯ ᠢᠶᠠᠷ ᠠᠷᠠᠳ ᠲᠦᠮᠡᠨ ᠳᠤ ᠦᠢᠯᠡᠴᠢᠯᠡᠨᠡᠮ︾ ᠭᠡᠬᠦ ᠦᠰᠦᠭᠳᠦ ᠬᠡᠮᠡᠷᠯᠢᠭ ᠲᠤᠭ ᠭᠦᠷᠬᠡᠨ ᠠᠵᠢᠯᠯᠠᠬᠤ ᠠᠩᠬᠢ ᠳᠤ ᠲᠠᠯᠠᠷᠬᠠᠵᠦ ᠪᠠᠶᠢᠭ᠎ᠠ ᠰᠡᠳᠬᠢᠯᠭᠡ ᠪᠠᠨ ᠢᠯᠡᠳᠭᠡᠪᠡ᠃ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠳᠤᠭᠠᠨ ᠡᠬᠢᠯᠡᠭᠰᠡᠨ ᠠᠴᠠ ᠨᠠᠰᠢ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠶᠢᠨ ᠬᠤᠸᠠᠩ ᠵᠢᠶᠠ ᠸᠧ ᠫᠦ᠋ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠨᠢ ᠠᠶᠢᠯ ᠡᠷᠦᠬᠡ ᠳᠤ ᠭᠦᠨᠵᠡᠭᠡᠶᠢᠷᠡᠨ᠂ ᠶᠠᠳᠠᠭᠤ ᠬᠦᠴᠢᠷᠳᠡᠢ ᠡᠷᠦᠬᠡ ᠳᠤ ᠪᠠᠶᠠᠷ ᠤᠨ ᠮᠡᠳᠡᠭᠡ ᠭᠦᠷᠭᠡᠵᠦ᠂ ᠬᠦᠰᠡᠯ ᠡᠷᠡᠮᠡᠯᠵᠡᠯ ᠤᠯᠭᠤᠵᠤ᠂ ᠬᠠᠶᠢᠷ᠎ᠠ ᠬᠠᠯᠠᠮᠵᠢ ᠬᠦᠷᠳᠡᠭᠡᠵᠦ ᠪᠠᠶᠢᠨ᠎ᠠ᠃ ᠠᠵᠢᠯᠯᠠᠬᠤ ᠠᠩᠬᠢ ᠶᠢᠨ ᠬᠡᠰᠢᠭᠦᠳ ᠲᠡᠳᠡᠨ ᠤ ᠦᠨᠡᠨ ᠰᠡᠳᠬᠢᠯ ᠤᠨ ᠬᠠᠶᠢᠷ᠎ᠠ ᠬᠠᠯᠠᠭᠤᠨ ᠢᠶᠠᠷ ᠢᠶᠠᠨ ᠬᠠᠪᠰᠤᠷᠬᠤ ᠴᠢᠬᠤᠯᠠ ᠲᠠᠢ ᠬᠦᠮᠦᠨ ᠪᠤᠯᠭᠠᠨ ᠢ ᠲᠤᠯᠠᠭᠠᠴᠠᠭᠤᠯᠵᠤ᠂ ᠦᠪᠡᠷ ᠤᠨ ᠢᠶᠠᠨ ᠪᠤᠳᠠᠳᠤ ᠠᠵᠢᠯᠯᠠᠭ᠎ᠠ ᠪᠠᠷ ᠢᠶᠠᠨ ᠶᠠᠳᠠᠭᠤ ᠬᠦᠴᠢᠷᠳᠡᠢ ᠤᠯᠠᠨ ᠲᠦᠮᠡᠨ ᠢ ᠲᠠᠶᠢᠴᠢᠯᠠᠨ ᠶᠠᠳᠠᠭᠤ ᠠᠴᠠ ᠠᠩᠬᠢᠵᠢᠷᠠᠬᠤ ᠵᠠᠮ ᠢᠶᠠᠷ ᠵᠠᠮᠨᠠᠭᠤᠯᠵᠤ ᠪᠠᠶᠢᠨ᠎ᠠ᠃ ᠦᠨᠦ ᠵᠢᠯ 76 ᠨᠠᠰᠤᠳᠠᠢ ᠰᠦᠩ ᠹᠧᠩ ᠶᠦᠨ ᠤ ᠨᠦᠬᠦᠷ ᠨᠢ ᠡᠪᠡᠳᠴᠢᠨ ᠢᠶᠠᠷ ᠨᠠᠰᠤ ᠪᠠᠷᠠᠵᠤ ᠤᠯᠠᠨ ᠵᠢᠯ ᠪᠤᠯᠵᠥ ᠪᠠᠶᠢᠭ᠎ᠠ ᠮᠦᠷᠳᠡᠭᠡᠨ ᠴᠠᠭᠠᠨ ᠬᠠᠷᠠᠩ ᠡᠪᠡᠳᠴᠢᠨ ᠲᠠᠢ᠂ ᠭᠡᠷ ᠲᠤ ᠨᠢ ᠦᠭᠡᠷ᠎ᠡ ᠬᠦᠳᠡᠯᠮᠦᠷᠢ ᠬᠦᠴᠦ ᠦᠭᠡᠢ ᠪᠠᠶᠢᠵᠦ ᠠᠮᠢᠳᠤᠷᠠᠯ ᠨᠢ ᠲᠤᠩ ᠬᠦᠴᠢᠷᠳᠡᠢ ᠶᠤᠮ᠃ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠠᠴᠠ ᠰᠦᠩ ᠹᠧᠩ ᠶᠦᠨ ᠤ ᠪᠠᠶᠢᠳᠠᠯ ᠢ ᠤᠶᠢᠯᠠᠭᠠᠭᠰᠠᠨ ᠤ ᠲᠠᠷᠠᠭ᠎ᠠ᠂ ᠬᠠᠮᠢᠶ᠎ᠠ ᠪᠦᠬᠦᠢ ᠲᠤᠭᠳᠠᠭᠠᠯ ᠶᠤᠰᠤᠭᠠᠷ ᠰᠦᠩ ᠹᠧᠩ ᠶᠦᠨ ᠢ ᠤᠨᠤᠴᠢᠳᠠᠢ ᠶᠠᠳᠠᠭᠤ  ᠶᠢ ᠲᠡᠳᠬᠦᠬᠦ ᠶᠠᠳᠠᠭᠤ ᠬᠦᠴᠢᠷᠳᠡᠢ ᠡᠷᠦᠬᠡ ᠳᠤ ᠤᠷᠤᠭᠤᠯᠪᠠ᠃ ᠡᠭᠦᠨ ᠤ ᠲᠠᠭᠠᠤ ᠰᠦᠩ ᠹᠧᠩ ᠶᠦᠨ ᠤ ᠳᠤ ᠲᠤᠭᠤᠰᠬ᠎ᠠ ᠲᠠᠳᠠᠨ ᠦᠭᠴᠦ ᠨᠤᠷᠠᠬᠤ ᠠᠶᠤᠯᠳᠠᠢ ᠬᠡᠷ ᠢ ᠨᠢ ᠦᠭᠡᠷᠡᠴᠢᠯᠡᠨ ᠵᠠᠰᠠᠵᠤ᠂ ᠰᠠᠭᠤᠬᠤ ᠬᠡᠷ ᠤᠨ ᠬᠢᠨᠢ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ ᠦᠭᠪᠡ᠃ ᠰᠦᠩ ᠹᠧᠩ ᠶᠦᠨ ᠨᠠᠰᠤᠳᠠᠨ ᠤ ᠬᠡᠦᠭᠡᠳ ᠨᠢ ᠵᠢᠯ ᠲᠤᠷᠰᠢ ᠭᠠᠳᠠᠨ᠎ᠠ ᠤᠷᠤᠨ ᠳᠤ ᠪᠠᠶᠢᠳᠠᠭ ᠪᠤᠯᠬᠤᠷ ᠬᠠᠷᠠᠵᠤ ᠲᠤᠳᠤᠮᠳᠠᠳᠠᠭ ᠬᠦᠮᠦᠨ ᠪᠠᠶᠢᠳᠠᠭ ᠦᠭᠡᠢ ᠶᠢ ᠮᠡᠳᠡᠭᠰᠡᠨ ᠤ ᠲᠠᠷᠠᠭ᠎ᠠ᠂ ᠪᠠᠶᠠᠷ ᠲᠤᠷᠠᠰᠬᠠᠯ ᠤᠨ ᠡᠳᠦᠷ ᠪᠤᠯᠬᠤ ᠪᠦᠷᠢ ᠠᠵᠢᠯᠯᠠᠬᠤ ᠠᠩᠬᠢ ᠶᠢᠨ ᠬᠡᠰᠢᠭᠦᠳ ᠨᠠᠰᠤᠳᠠᠨ ᠢ ᠡᠷᠬᠢᠨ ᠦᠵᠡᠵᠦ᠂ ᠲᠤᠳᠤᠷᠭ᠎ᠠ᠂ ᠦᠨᠢᠶᠠᠨ ᠰᠦ᠂ ᠲᠤᠰᠤ ᠵᠡᠷᠭᠡ ᠲᠤᠬᠤᠨᠢᠭᠤᠯᠬᠤ ᠪᠤᠳᠠᠰ ᠬᠦᠷᠭᠡᠨ ᠦᠭᠴᠦ᠂ ᠨᠠᠮ ᠤᠨ ᠬᠠᠶᠢᠷ᠎ᠠ ᠬᠠᠯᠠᠮᠵᠢ ᠪᠠᠷ ᠨᠠᠰᠤᠳᠠᠨ ᠤ ᠰᠡᠳᠬᠢᠯ ᠢ ᠪᠠᠶᠠᠷᠯᠠᠭᠤᠯᠵᠤ ᠪᠠᠶᠢᠳᠠᠭ᠃ ᠰᠦᠩ ᠹᠧᠩ ᠶᠦᠨ ᠨᠠᠰᠤᠨ ᠦᠨᠳᠦᠷ ᠪᠤᠯᠵᠤ ᠪᠡᠶ᠎ᠡ ᠪᠠᠷᠤᠭᠳᠠᠢ ᠪᠤᠯᠬᠤᠷ ᠠᠵᠢᠯᠯᠠᠬᠤ ᠠᠩᠬᠢ ᠶᠢᠨ ᠬᠡᠰᠢᠭᠦᠳ ᠦᠷᠬᠦᠯᠵᠢ ᠨᠠᠰᠤᠳᠠᠨ ᠤ ᠳᠤ ᠤᠴᠢᠵᠤ ᠭᠡᠷ ᠲᠡᠷᠭᠡ ᠶᠢ ᠴᠠᠪᠡᠷᠯᠡᠵᠦ ᠦᠭᠭᠦᠨ᠎ᠡ᠃ ᠨᠠᠰᠤᠳᠠᠨ ᠤ ᠪᠡᠶ᠎ᠡ ᠨᠢ ᠡᠪ ᠦᠭᠡᠢ ᠪᠤᠯᠪᠠᠯ ᠠᠵᠢᠯᠯᠠᠬᠤ ᠠᠩᠬᠢ ᠶᠢᠨ ᠬᠢᠨ ᠶᠠᠭᠤᠨ ᠤ ᠲᠡᠷᠢᠬᠦᠨ ᠳᠤ ᠡᠮᠴᠢ ᠲᠤᠮᠴᠢ ᠵᠠᠯᠠᠵᠦ ᠡᠮᠨᠡᠬᠦᠯᠦᠨ᠂ ᠡᠮ ᠲᠠᠩ ᠢ ᠨᠢ ᠬᠦᠷᠭᠡᠵᠦ ᠪᠠᠶᠢᠳᠠᠭ᠃ ︽ᠤᠨᠤᠴᠢᠳᠠᠢ ᠶᠠᠳᠠᠭᠤ ᠶᠢ ᠲᠡᠳᠬᠦᠬᠦ ᠠᠵᠢᠯᠯᠠᠭ᠎ᠠ ᠪᠠᠶᠢᠬᠤ ᠦᠭᠡᠢ᠂ ᠠᠵᠢᠯᠯᠠᠬᠤ ᠠᠩᠬᠢ ᠶᠢᠨ ᠬᠠᠯᠠᠭᠤᠨ ᠬᠠᠪᠰᠤᠷᠤᠯᠭ᠎ᠠ ᠦᠭᠡᠢ ᠪᠤᠯ ᠪᠢ ᠶᠠᠭᠠᠬᠢᠵᠤ ᠵᠦᠳᠡᠷᠡᠵᠦ ᠵᠤᠪᠠᠵᠤ ᠪᠠᠶᠢᠬᠤ ᠶᠢ ᠪᠤᠤ ᠮᠡᠳᠡ︕︾ ᠭᠡᠵᠦ ᠰᠦᠩ ᠹᠧᠩ ᠶᠦᠨ ᠤ ᠲᠤᠭᠳᠤᠯᠤᠨ ᠶᠠᠷᠢᠵᠤ ᠪᠠᠶᠢᠯ᠎ᠠ᠃ᠰᠠᠶᠢᠨ ᠰᠠᠨᠠᠭᠠᠨ ᠤ ᠦᠵᠦᠭᠦᠷ ᠲᠤ ᠰᠦ ᠭᠡᠳᠡᠭ ᠪᠢᠯᠡ᠃ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠶᠢᠨ ᠬᠤᠸᠠᠩ ᠵᠢᠶᠠ ᠸᠧ ᠫᠦ᠋ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠨᠢ ︽ᠤᠨᠤᠴᠢᠳᠠᠢ ᠶᠠᠳᠠᠭᠤ ᠶᠢ ᠲᠡᠳᠬᠦᠵᠦ᠂ ᠠᠷᠠᠳ ᠲᠦᠮᠡᠨ ᠳᠤ ᠦᠢᠯᠡᠴᠢᠯᠡᠬᠦ︾ ᠶᠢ ᠬᠡᠵᠢᠶ᠎ᠡ ᠡᠭᠦᠷᠢᠳᠡ ᠦᠪᠡᠷ ᠤᠨ ᠢᠶᠠᠨ ᠬᠠᠷᠢᠭᠤᠴᠠᠯᠭ᠎ᠠ ᠪᠤᠯᠭᠠᠵᠤ᠂ ᠠᠯᠤᠰ ᠬᠡᠳᠦ ᠶᠢᠨ ᠬᠦᠭᠵᠢᠯᠳᠡ ᠶᠢ ᠲᠦᠰᠦᠪᠯᠡᠵᠦ᠂ ᠤᠯᠠᠨ ᠲᠦᠮᠡᠨ ᠢ ᠶᠠᠳᠠᠭᠤ ᠠᠴᠠ ᠠᠩᠬᠢᠵᠢᠷᠠᠭᠤᠯᠬᠤ ᠳᠤ ᠬᠦᠴᠦ ᠲᠠᠯᠪᠢᠨ᠂ ᠪᠤᠷᠤᠭᠠᠨ ᠴᠠᠰᠤ ᠲᠠᠢ᠂ ᠡᠳᠦᠷ ᠰᠦᠨᠢ ᠭᠡᠵᠦ ᠢᠯᠭᠠᠯ ᠦᠭᠡᠢ ᠪᠠᠷ ᠠᠶᠢᠯ ᠡᠷᠦᠬᠡ ᠳᠤ ᠭᠦᠨᠵᠡᠭᠡᠶᠢᠷᠡᠨ᠂ ᠶᠠᠳᠠᠭᠤ ᠬᠦᠴᠢᠷᠳᠡᠢ ᠡᠷᠦᠬᠡ ᠶᠢᠨ ᠦᠨᠳᠦᠰᠦᠨ ᠪᠠᠶᠢᠳᠠᠯ ᠢ ᠤᠶᠢᠯᠠᠭᠠᠵᠤ᠂ ᠲᠦᠷᠦ ᠶᠢᠨ ᠪᠤᠳᠤᠯᠭ᠎ᠠ ᠤᠬᠠᠭᠤᠯᠤᠨ᠎ᠠ᠂ ᠡᠳᠦᠷ ᠪᠦᠷᠢ ᠠᠶᠢᠯ ᠡᠷᠦᠬᠡ ᠪᠠᠷ ᠬᠦᠷᠴᠦ᠂ ᠦᠪᠡᠷ ᠤᠨ ᠢᠶᠠᠨ ᠲᠦᠷᠦᠯ ᠰᠠᠳᠤᠨ ᠰᠢᠭ᠋ ᠬᠠᠨᠳᠤᠵᠤ᠂ ︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠬᠦᠰᠡᠯᠡᠩ ᠢᠳᠡᠭᠡᠯ ᠢᠶᠠᠨ ᠦᠢᠯᠡᠳᠦᠯᠭᠡᠵᠢᠬᠦᠯᠵᠦ᠂ ᠤᠯᠠᠨ ᠲᠦᠮᠡᠨ ᠳᠤ ᠦᠨᠡᠨᠬᠦ ᠪᠤᠳᠠᠳᠤ ᠠᠵᠢᠯ ᠬᠢᠵᠦ ᠦᠭᠴᠦ ᠪᠠᠶᠢᠳᠠᠭ ᠪᠤᠯᠬᠤᠷ ᠶᠠᠳᠠᠭᠤ ᠬᠦᠴᠢᠷᠳᠡᠢ ᠤᠯᠠᠨ ᠲᠦᠮᠡᠨ ᠤ ᠰᠠᠶᠢᠨ ᠦᠨᠡᠯᠡᠯᠳᠡ ᠶᠢ ᠤᠯᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号