ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ  ︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠯᠠᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠰᠢᠷᠢᠰ ᠠᠵᠢᠯᠯᠠᠭ᠎ᠠ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2019/11/10
 ︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠤᠨ ᠪᠤᠳᠠᠳᠤ ᠦᠷ᠎ᠡ ᠠᠰᠢᠭ ᠢ ᠴᠢᠩᠭᠠᠳᠬᠠᠵᠦ᠂ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠠᠵᠢᠯᠳᠠᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠠᠯᠠᠭᠤᠨ ᠰᠡᠳᠬᠢᠯ ᠢ ᠤᠯᠠᠮ ᠨᠢᠭᠡ ᠠᠯᠬᠤᠮ ᠬᠦᠪᠴᠢᠯᠡᠵᠦ᠂ ᠡᠭᠦᠷᠭᠡ ᠲᠤᠰᠢᠶᠠᠯ ᠢᠶᠠᠨ ᠡᠭᠦᠷᠭᠡᠯᠡᠬᠦ ᠲᠠᠨᠢᠯᠳᠠ ᠶᠢ ᠴᠢᠩᠭᠠᠳᠬᠠᠬᠤ ᠶᠢᠨ ᠲᠦᠯᠦᠭᠡ᠂ ᠤᠶᠢᠷ᠎ᠠ ᠶᠢᠨ ᠡᠳᠦᠷ᠂ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠨᠢ ︽ᠤᠭ ᠵᠤᠷᠢᠯᠳᠠ  ᠪᠠᠨ ᠰᠠᠬᠢᠵᠦ᠂ ᠡᠭᠦᠷᠭᠡ ᠲᠤᠰᠢᠶᠠᠯ ᠢᠶᠠᠨ ᠡᠭᠦᠷᠭᠡᠯᠡᠨ᠂ ᠵᠦᠷᠢᠶ᠎ᠡ ᠪᠠᠨ ᠡᠷᠢᠵᠦ᠂ ᠲᠤᠤᠱᠯᠠᠭᠤᠯᠬᠤ ᠶᠢ ᠠᠳᠬᠤᠬᠤ︾ ᠰᠤᠷᠤᠯᠴᠠᠯᠭ᠎ᠠ ᠬᠦᠮᠦᠵᠢᠯ ᠤᠨ ᠰᠢᠷᠢᠰ ᠠᠵᠢᠯᠯᠠᠭ᠎ᠠ ᠦᠷᠨᠢᠬᠦᠯᠵᠦ ᠪᠠᠶᠢᠨ᠎ᠠ᠃10 ᠰᠠᠷ᠎ᠠ ᠶᠢᠨ 21 ᠤ ᠡᠳᠦᠷ᠂ ᠲᠤᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠨᠢ ᠪᠦᠬᠦ ᠲᠤᠪᠴᠢᠶᠠᠨ ᠤ ᠨᠠᠮ ᠤᠨ ᠬᠡᠰᠢᠭᠦᠨ ᠺᠠᠳ᠋ᠷ ᠠᠵᠢᠯᠳᠠᠨ ᠢᠶᠠᠨ ᠵᠤᠬᠢᠶᠠᠨ ᠪᠠᠶᠢᠭᠤᠯᠵᠤ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠤᠯᠤᠰ ᠢᠶᠠᠨ ᠬᠠᠶᠢᠷᠠᠯᠠᠬᠤ ᠦᠵᠡᠯ ᠤᠨ ︽ᠠᠭᠤᠯᠠ ᠠᠪᠠᠷᠢᠭᠴᠢᠳ︾ ᠭᠡᠬᠦ ᠺᠢᠨᠤ᠋ ᠢ ᠰᠤᠨᠢᠷᠬᠠᠭᠤᠯᠪᠠ᠃ ᠲᠤᠰ ᠺᠢᠨᠤ᠋ ᠨᠢ 1960 ᠤᠨ ᠳᠤ ᠲᠤᠮᠳᠠᠳᠤ ᠤᠯᠤᠰ ᠤᠨ ᠠᠭᠤᠯᠠ ᠠᠪᠠᠷᠢᠬᠤ ᠠᠩᠬᠢ ᠨᠢ ᠲᠤᠮᠳᠠᠳᠤ ᠤᠯᠤᠰ ᠠᠴᠠ ᠠᠩᠬᠠᠳᠠᠭᠴᠢ ᠤᠳᠠᠭ᠎ᠠ ᠵᠦᠮᠦᠯᠠᠩᠮᠠ ᠤᠷᠬᠢᠯ ᠳᠤ ᠠᠪᠠᠷᠢᠭᠰᠠᠨ ᠠᠤᠭ᠎ᠠ ᠠᠵᠢᠯᠯᠠᠭ᠎ᠠ ᠶᠢ ᠲᠡᠮᠳᠡᠭᠯᠡᠵᠡᠢ᠂ ᠭᠡᠳᠡᠯ᠎ᠡ ᠲᠦᠷᠢ ᠰᠢᠩᠭᠡᠭᠡᠯᠳᠡ ᠶᠢᠨ ᠮᠠᠲ᠋ᠧᠷᠢᠶᠠᠯ ᠦᠯᠡᠳᠡᠭᠡᠭᠡ ᠦᠭᠡᠢ ᠪᠤᠯᠬᠤᠷ ᠲᠡᠯᠡᠭᠡᠢ ᠨᠡᠶᠢᠳᠡ  ᠪᠠᠷ ᠢᠶᠠᠨ ᠮᠡᠳᠡᠷᠡᠭᠰᠡᠨ ᠦᠭᠡᠢ ᠪᠠᠶᠢᠵᠠᠢ᠂ 1975 ᠤᠨ ᠳᠤ᠂ ᠲᠤᠮᠳᠠᠳᠤ ᠤᠯᠤᠰ ᠤᠨ ᠠᠭᠤᠯᠠ ᠠᠪᠠᠷᠢᠬᠤ ᠠᠩᠬᠢ  ᠨᠢ ᠵᠦᠢᠯ ᠵᠦᠢᠯ ᠤᠨ ᠬᠦᠴᠢᠷ ᠪᠡᠷᠭᠡ ᠶᠢ ᠢᠯᠠᠨ ᠲᠠᠪᠠᠵᠤ᠂ ᠬᠤᠶᠠᠳᠠᠭᠴᠢ ᠤᠳᠠᠭ᠎ᠠ ᠵᠦᠮᠦᠯᠠᠩᠮᠠ ᠤᠷᠬᠢᠯ ᠢ ᠠᠪᠠᠷᠢᠨ ᠦᠨᠳᠦᠷ ᠤᠨ ᠬᠡᠮᠵᠢᠶ᠎ᠡ ᠶᠢ ᠤᠨᠤᠪᠴᠢᠳᠠᠢ ᠲᠡᠮᠳᠡᠭᠯᠡᠭᠰᠡᠨ ᠦᠯᠢᠭᠡᠷ ᠢ ᠲᠤᠭᠠᠴᠢᠭᠰᠠᠨ ᠪᠢᠯᠡ᠃ ᠺᠢᠨᠤ᠋ ᠶᠢᠨ ᠦᠢᠯᠡ ᠶᠠᠪᠤᠳᠠᠯ ᠨᠢ ᠡᠭᠡᠳᠡᠷᠡᠭᠡᠨ ᠪᠤᠳᠤᠯᠢᠶᠠᠨ ᠲᠠᠢ᠂ ᠬᠦᠮᠦᠨ ᠤ ᠰᠡᠳᠬᠢᠯ ᠤᠨ ᠬᠦᠪᠴᠢ ᠶᠢ ᠲᠤᠷᠬᠢᠭᠤᠯᠵᠤ᠂ ᠬᠦᠮᠦᠨ ᠤ ᠤᠷᠮ᠎ᠠ ᠵᠤᠷᠢᠭ ᠢ ᠬᠦᠪᠴᠢᠯᠡᠳᠡᠭ ᠶᠤᠮ᠃ ︽ᠤᠷᠬᠢᠯ ᠳᠤᠷ ᠭᠠᠷᠬᠤ ᠤᠮᠤᠭ ᠵᠤᠷᠢᠭ ᠪᠠᠶᠢᠪᠠᠰᠤ᠂ ᠤᠷᠴᠢᠯᠠᠩ ᠲᠡᠯᠡᠭᠡᠢ ᠳᠤᠷ ᠪᠡᠷᠭᠡ ᠶᠠᠪᠤᠳᠠᠯ ᠠᠯᠠᠭ᠎ᠠ︾ ᠭᠡᠬᠦ ᠮᠡᠷᠠᠶᠢᠨ ᠲᠡᠮᠡᠴᠡᠬᠦ ᠵᠤᠷᠢᠭ ᠰᠠᠨᠠᠭ᠎ᠠ ᠪᠠ ᠦᠷᠡᠭᠳᠡᠯ ᠰᠦᠢᠳᠦᠯ ᠠᠴᠠ ᠠᠶᠤᠬᠤ ᠦᠭᠡᠢ᠂ ᠲᠡᠭᠷᠢ ᠭᠠᠵᠠᠷ ᠲᠠᠢ ᠲᠡᠮᠡᠴᠡᠬᠦ ᠪᠠᠭᠠᠳᠤᠷᠯᠢᠭ ᠰᠡᠳᠬᠢᠯᠭᠡ ᠶᠢ ᠲᠠᠶᠢᠯᠪᠤᠷᠢᠯᠠᠵᠤ᠂ ᠨᠠᠮ ᠤᠨ ᠬᠡᠰᠢᠭᠦᠨ ᠺᠠᠳ᠋ᠷ ᠠᠵᠢᠯᠳᠠᠨ ᠤ ᠤᠯᠤᠰ ᠢᠶᠠᠨ ᠬᠠᠶᠢᠷᠠᠯᠠᠬᠤ ᠰᠡᠳᠬᠢᠯᠬᠡ ᠶᠢ ᠤᠷᠭᠢᠯᠤᠭᠤᠯᠵᠤ᠂ ᠢᠳᠡᠭᠡᠯ ᠪᠢᠰᠢᠷᠡᠯ ᠤᠨ ᠡᠷᠬᠢᠮᠰᠦᠭ ᠲᠡᠭᠡᠳᠦ᠂ ᠪᠦᠯᠬᠦᠮᠳᠡᠯ ᠤᠨ ᠬᠦᠴᠦᠨ ᠢ ᠤᠬᠠᠭᠠᠷᠠᠭᠤᠯᠬᠤ ᠪᠤᠯᠤᠨ᠎ᠠ᠃ ᠺᠠᠳ᠋ᠷ ᠠᠵᠢᠯᠳᠠᠨ ᠨᠡᠷ ᠬᠤᠪᠢᠰᠬᠠᠯᠳᠤ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠤᠭ ᠵᠤᠷᠢᠯᠳᠠ ᠡᠭᠦᠷᠭᠡ ᠬᠠᠷᠢᠭᠤᠴᠯᠠᠭ᠎ᠠ ᠪᠠᠨ ᠡᠭᠦᠷᠢᠳᠡ ᠪᠠᠳᠤ ᠴᠡᠭᠡᠵᠢᠯᠡᠵᠦ᠂ ᠲᠤᠮᠳᠠᠳᠤ ᠶᠢᠨ ᠵᠡᠬᠦᠳᠦ ᠪᠠᠨ ᠲᠡᠷᠭᠡᠯᠰᠢᠯᠡᠬᠦᠯᠬᠦ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠬᠡᠷᠡᠴᠢᠯᠡᠭᠴᠢ᠂ ᠲᠡᠮᠡᠴᠡᠭᠴᠢ ᠪᠠ ᠪᠠᠶᠢᠭᠤᠯᠤᠭᠴᠢ ᠪᠤᠯᠤᠨ᠎ᠠ ᠭᠡᠵᠦ ᠢᠯᠡᠷᠬᠡᠶᠢᠯᠡᠵᠡᠭᠡᠪᠡ᠃10 ᠰᠠᠷ᠎ᠠ ᠶᠢᠨ 25 ᠤ ᠡᠳᠦᠷ᠂ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠶᠢᠨ ᠪᠦᠬᠦ ᠺᠠᠳ᠋ᠷ ᠠᠵᠢᠯᠳᠠᠨ ᠵᠢᠨᠵᠧᠦ ᠳᠤ ᠬᠦᠷᠴᠦ ᠯᠢᠶᠣᠤ ᠱᠧᠨ ᠤ ᠲᠠᠶᠢᠯᠠᠯᠳᠤᠭᠠᠨ ᠤ ᠲᠤᠷᠠᠰᠬᠠᠯ ᠤᠨ ᠤᠷᠳᠤᠨ ᠢ ᠲᠤᠭᠤᠷᠢᠨ ᠦᠵᠡᠪᠡ᠃ ᠲᠤᠷᠠᠰᠬᠠᠯ ᠤᠨ ᠤᠷᠳᠤᠨ ᠤ ᠲᠠᠶᠢᠯᠪᠤᠷᠢᠯᠠᠭᠴᠢ ᠶᠢᠨ ᠲᠠᠭᠠᠭᠤᠯᠭ᠎ᠠ ᠲᠤᠤᠷ᠎ᠠ᠂ ᠺᠠᠳ᠋ᠷ ᠠᠵᠢᠯᠳᠠᠳ ᠪᠠᠶᠢᠯᠳᠤᠭᠠᠨ ᠤ ᠲᠡᠦᠭᠡ ᠶᠢᠨ ᠤᠷᠳᠤᠨ᠂ ᠡᠮᠦᠨ᠎ᠡ ᠹᠷᠠᠳᠲ ᠶᠢ ᠲᠤᠰᠠᠯᠠᠬᠤ ᠤᠷᠳᠤᠨ᠂ ᠦᠷᠡᠭᠳᠡᠭᠰᠡᠨ ᠪᠠᠭᠠᠳᠤᠷᠴᠤᠳ ᠤᠨ ᠤᠷᠳᠤᠨ ᠪᠠ ᠪᠦᠬᠦ ᠦᠵᠡᠮᠵᠢ ᠶᠢᠨ ᠵᠢᠷᠤᠭ ᠤᠨ ᠤᠷᠳᠤᠨ ᠢ ᠲᠡᠰ ᠲᠠᠷᠠᠭᠠᠯᠠᠨ ᠦᠵᠡᠪᠡ᠃ ᠲᠤᠷᠠᠰᠬᠠᠯ ᠤᠨ ᠤᠷᠳᠤᠨ ᠤ ᠲᠤᠳᠤᠷᠠᠬᠢ ᠦᠨ᠎ᠡ ᠴᠡᠨ᠎ᠡ ᠲᠠᠢ ᠵᠢᠷᠤᠭ᠂ ᠲᠠᠶᠢᠨ ᠤ ᠤᠬᠢᠶᠠᠯ ᠢ ᠦᠩᠭᠡᠷᠡᠭᠡᠭᠰᠡᠨ ᠫᠤᠤ ᠵᠡᠪᠰᠡᠭ ᠪᠠ ᠪᠠᠶᠢᠯᠳᠤᠭᠠᠨ ᠤ ᠲᠡᠦᠬᠡ ᠶᠢ ᠲᠠᠬᠢᠨᠳᠠ ᠬᠠᠷᠠᠭᠤᠯᠤᠭᠰᠠᠨ ᠵᠢᠷᠤᠭ ᠪᠢᠴᠢᠯᠭᠡ ᠨᠢᠭᠡᠪᠦᠷᠢ ᠨᠢ ᠵᠡᠬᠦᠨ ᠬᠤᠶᠢᠳᠤ ᠶᠢᠨ ᠴᠢᠯᠦᠭᠡᠯᠡᠯᠳᠡ ᠶᠢᠨ ᠲᠠᠶᠢᠨ ᠪᠠ ᠯᠢᠶᠤᠤ ᠱᠧᠨ ᠤ ᠲᠠᠶᠢᠯᠠᠯᠳᠤᠭᠠᠨ ᠤ ᠪᠦᠬᠦ ᠶᠠᠪᠤᠴᠠ ᠶᠢ ᠦᠨᠡᠨ ᠮᠦᠨ ᠢᠶᠠᠷ ᠨᠢ ᠲᠤᠰᠬᠠᠵᠤ᠂ ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤᠨ ᠦᠷᠡᠭᠳᠡᠯ ᠰᠦᠢᠳᠦᠯ ᠠᠴᠠ ᠠᠶᠤᠬᠤ ᠦᠭᠡᠢ᠂ ᠴᠢᠰᠤ ᠤᠷᠤᠰᠬᠠᠨ ᠪᠠᠶᠢᠯᠳᠤᠭᠰᠠᠨ ᠬᠦᠮᠦᠨ ᠤ ᠰᠡᠳᠬᠢᠯ ᠢ ᠬᠦᠳᠡᠯᠭᠡᠮ᠎ᠡ ᠦᠵᠡᠭᠳᠡᠯ ᠢ ᠠᠮᠢᠳᠤᠯᠢᠭ ᠢᠶᠠᠷ ᠲᠠᠬᠢᠨᠳᠠ ᠬᠠᠷᠠᠭᠤᠯᠵᠤ ᠴᠢᠳᠠᠪᠠ᠃ ᠤᠯᠠᠭᠠᠨ ᠲᠤᠭ ᠬᠤᠷᠤᠯᠵᠠᠨ ᠨᠠᠮᠢᠷᠠᠵᠤ᠂ ᠲᠠᠶᠢᠨ  ᠤ ᠤᠳᠤᠭ᠎ᠠ ᠮᠠᠨᠠᠷᠠᠨ᠂ ᠲᠡᠭᠷᠢ ᠭᠠᠵᠠᠷ ᠲᠤᠯᠬᠢᠰᠤᠨ ᠬᠦᠳᠡᠯᠦᠨ᠎ᠡ᠃ ᠮᠠᠨ ᠤ ᠨᠠᠮ ᠪᠠ ᠴᠡᠷᠢᠭ ᠤᠨ ᠲᠤᠭᠠᠯᠠᠰᠢ ᠦᠭᠡᠢ ᠰᠢᠯᠢᠳᠡᠭ ᠪᠠᠶᠢᠯᠳᠤᠭᠴᠢᠳ ᠬᠠᠭᠤᠴᠢᠨ ᠶᠢᠷᠳᠢᠨᠴᠦ ᠶᠢ ᠪᠤᠳᠠ ᠨᠢᠷᠭᠡᠵᠦ᠂ ᠰᠢᠨ᠎ᠡ ᠲᠤᠮᠳᠠᠳᠤ ᠤᠯᠤᠰ ᠢ ᠪᠠᠶᠢᠭᠤᠯᠬᠤ ᠤᠭ ᠵᠤᠷᠢᠯᠳᠡ ᠡᠭᠦᠷᠬᠡ ᠬᠠᠷᠢᠭᠤᠴᠠᠯᠭ᠎ᠠ ᠶᠢᠨ ᠤᠷᠢᠶᠠᠯᠠᠭ᠎ᠠ ᠲᠤᠤᠷ᠎ᠠ ᠲᠠᠶᠢᠰᠤᠨ ᠲᠠᠢ ᠨᠤᠭᠤᠷᠠᠰᠢ ᠦᠭᠡᠢ ᠪᠠᠶᠢᠯᠳᠤᠵᠤ ᠡᠷᠡᠯᠬᠡᠭᠯᠡᠨ ᠤᠷᠤᠭᠰᠢᠯᠠᠨ᠎ᠠ᠂ ᠠᠷᠢᠭᠤᠨ ᠴᠢᠰᠤᠨ ᠠᠯᠳᠠᠨ ᠠᠮᠢ ᠪᠠᠷ ᠢᠶᠠᠨ ᠪᠠᠯᠠᠷᠠᠰᠢ ᠦᠭᠡᠢ ᠠᠪᠤᠷᠭᠤ ᠬᠦᠰᠢᠶ᠎ᠠ ᠶᠢ ᠱᠤᠭᠤᠨ ᠭᠠᠷᠭᠠᠪᠠ᠃ᠲᠤᠷᠠᠰᠠᠬᠠᠯ ᠤᠨ ᠤᠷᠳᠤᠨ ᠢ ᠲᠤᠭᠤᠷᠢᠨ ᠦᠵᠡᠵᠦ ᠪᠠᠷᠠᠭᠰᠠᠨ ᠤ ᠲᠠᠷᠠᠭ᠎ᠠ᠂ ᠪᠦᠬᠦ ᠨᠠᠮ ᠤᠨ ᠬᠡᠰᠢᠭᠦᠳ ᠯᠢᠶᠤᠤ ᠱᠧᠨ ᠤ ᠲᠠᠶᠢᠯᠠᠯᠳᠤᠭᠠᠨ ᠤ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠤᠷᠳᠤᠨ ᠤ ᠡᠮᠦᠨ᠎ᠡ ᠭᠠᠯ ᠤᠯᠠᠭᠠᠨ ᠨᠠᠮ ᠤᠨ ᠲᠤᠭ ᠤᠨ ᠡᠮᠦᠨ᠎ᠡ ᠨᠠᠮ ᠳᠤ ᠤᠷᠤᠬᠤ ᠲᠠᠩᠭᠠᠷᠢᠭ ᠤᠨ ᠦᠭᠡᠰ ᠢᠶᠠᠨ ᠲᠠᠬᠢᠨᠳᠠ ᠲᠠᠩᠭᠠᠷᠢᠭᠯᠠᠪᠠ᠂ ᠢᠳᠡᠯᠢᠭ ᠬᠦᠴᠦᠳᠡᠢ ᠲᠠᠩᠭᠠᠷᠢᠭ ᠤᠨ ᠦᠭᠡᠰ ᠨᠢ ᠨᠠᠮ ᠳᠤ ᠤᠷᠤᠬᠤ ᠦᠶ᠎ᠡ ᠶᠢᠨ ᠤᠭ ᠵᠤᠷᠢᠯᠳᠡ ᠪᠠ ᠡᠭᠦᠷᠭᠡ ᠬᠠᠷᠢᠭᠤᠴᠠᠯᠭ᠎ᠠ ᠪᠠᠷ ᠴᠠᠭ ᠢᠮᠠᠭᠳᠠ ᠦᠪᠡᠷ ᠢ ᠪᠠᠨ ᠰᠠᠨᠠᠭᠤᠯᠵᠤ᠂ ᠨᠠᠮ ᠤᠨ ᠰᠢᠯᠢᠳᠡᠭ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠨ᠎ᠠ᠃ᠲᠤᠰ ᠤᠳᠠᠭᠠᠨ ᠤ ᠰᠢᠷᠢᠰ ᠬᠦᠳᠡᠯᠭᠡᠭᠡᠨ ᠢᠶᠠᠷ ᠲᠠᠮᠵᠢᠵᠦ᠂ ᠪᠦᠬᠦ ᠺᠠᠳ᠋ᠷ ᠠᠵᠢᠯᠳᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠲᠤᠷᠰᠢᠳᠠ ᠤᠯᠤᠰ ᠭᠡᠷ ᠤᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠭᠡᠯ  ᠨᠢ ᠬᠢᠯᠪᠡᠷ ᠢᠷᠡᠭᠰᠡᠨ ᠪᠢᠰᠢ ᠭᠡᠳᠡᠭ ᠢ ᠤᠶᠢᠯᠠᠭᠠᠵᠤ᠂ ᠠᠬᠠᠮᠠᠳ ᠦᠶ᠎ᠡ ᠶᠢᠨ ᠡᠪ ᠬᠠᠮᠳᠤᠴᠤᠳ ᠤᠨ ᠡᠷᠬᠢᠮ ᠲᠡᠭᠡᠳᠦ ᠬᠦᠰᠡᠯᠡᠩ ᠢᠳᠡᠭᠡᠯ ᠪᠠ ᠲᠡᠳᠡᠨ ᠤ ᠠᠵᠢᠯ ᠦᠢᠯᠡᠰ ᠲᠡᠭᠡᠨ ᠦᠨᠡᠨᠴᠢ ᠰᠢᠳᠤᠷᠭᠤ ᠪᠠᠶᠢᠳᠠᠭ ᠢ ᠤᠯᠠᠮ ᠭᠦᠨᠵᠡᠭᠡᠢ ᠤᠶᠢᠯᠠᠭᠠᠪᠠ᠃ ᠬᠤᠪᠢᠰᠬᠠᠯᠳᠤ ᠤᠯᠠᠮᠵᠢᠯᠠᠯ ᠢ ᠪᠠᠳᠠᠷᠠᠭᠤᠯᠵᠤ᠂ ᠨᠡᠩ ᠤᠷᠬᠢᠯᠤᠮ᠎ᠠ ᠬᠠᠯᠠᠭᠤᠨ ᠰᠡᠳᠬᠢᠯᠭᠡ ᠪᠠᠷ ᠨᠠᠮ ᠤᠨ ᠦᠢᠯᠡᠰ ᠲᠤ ᠵᠢᠳᠬᠦᠵᠦ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠶᠢᠨ ᠠᠵᠢᠯ ᠢᠶᠠᠨ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠳᠤ ᠦᠵᠡᠯ ᠰᠠᠨᠠᠭᠠᠨ ᠤ ᠤᠳᠤᠷᠢᠳᠤᠯᠭ᠎ᠠ ᠲᠤᠤᠷ᠎ᠠ᠂ ᠪᠠᠶᠠᠨ ᠬᠦᠴᠦᠷᠭᠡᠭ᠂ ᠠᠷᠠᠳᠴᠢᠯᠠᠯ ᠲᠠᠢ ᠪᠤᠯᠪᠠᠰᠤᠨ᠂ ᠡᠶ᠎ᠡ ᠵᠤᠬᠢᠴᠠᠯ ᠲᠠᠢ᠂ ᠦᠵᠡᠰᠭᠦᠯᠡᠩᠳᠦ ᠰᠠᠶᠢᠬᠠᠨ ᠨᠡᠶᠢᠭᠡᠮ ᠵᠢᠷᠤᠮᠳᠤ ᠤᠳᠤᠬᠢᠴᠯᠭᠰᠠᠨ ᠬᠦᠴᠦᠷᠭᠡᠭ ᠤᠯᠤᠰ ᠢᠶᠠᠨ ᠪᠦᠲᠦᠭᠡᠨ ᠪᠠᠶᠢᠭᠤᠯᠬᠤ ᠪᠠᠷ ᠤᠯᠠᠨ ᠢᠶᠠᠷ ᠢᠶᠠᠨ ᠰᠢᠨᠳᠠᠷᠠᠰᠢ ᠦᠭᠡᠢ ᠴᠢᠷᠮᠠᠶᠢᠨ᠎ᠠ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号