ᠮᠠᠨ ᠤ ᠬᠤᠰᠢᠭᠤ ᠬᠤᠳᠠ ᠪᠠᠯᠭᠠᠰᠤᠨ ᠤ ᠤᠯᠤᠰ ᠤᠨ ᠦᠮᠴᠢᠯᠡᠯᠳᠤ ᠭᠠᠵᠠᠷ ᠰᠢᠷᠦᠢ ᠲᠡᠭᠡᠷᠡᠬᠢ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠬᠠᠷᠢᠶ᠎ᠠ ᠶᠢ ᠲᠠᠩᠰᠠᠯᠠᠬᠤ ᠵᠡᠷᠭᠡ ᠦᠯᠡᠳᠡᠭᠳᠡᠵᠦ ᠢᠷᠡᠭᠰᠡᠨ ᠠᠰᠠᠭᠤᠳᠠᠯ ᠤᠨ ᠲᠤᠬᠠᠢ ᠲᠤᠰᠬᠠᠢ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/11/10
10 ᠰᠠᠷ᠎ᠠ ᠶᠢᠨ 26   ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠲᠠᠷᠤᠭ᠎ᠠ ᠵᠠᠩ ᠭᠦᠸᠧ ᠬᠤᠸᠠ ᠬᠤᠳᠠ ᠪᠠᠯᠭᠠᠰᠤᠨ ᠤ ᠤᠯᠤᠰ ᠤᠨ ᠦᠮᠴᠢᠯᠡᠯᠳᠤ ᠭᠠᠵᠠᠷ ᠰᠢᠷᠦᠢ ᠲᠡᠭᠡᠷᠡᠬᠢ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠬᠠᠷᠢᠶ᠎ᠠ ᠶᠢ ᠲᠠᠩᠰᠠᠯᠠᠬᠤ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠲᠤᠬᠠᠢ ᠲᠤᠰᠬᠠᠢ ᠬᠤᠷᠠᠯ ᠢ ᠡᠷᠬᠢᠯᠡᠨ ᠬᠤᠷᠠᠯᠳᠤᠪᠠ᠂ ᠬᠤᠰᠢᠭᠤ ᠲᠡᠳ᠋ ᠲᠠᠷᠤᠭ᠎ᠠ ᠵᠠᠩ ᠬᠤᠸᠠ᠂ ᠸᠠᠩ ᠰᠢᠦᠸᠠᠢ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠨᠠᠷ ᠬᠤᠷᠠᠯ ᠳᠤ ᠤᠷᠤᠯᠴᠠᠪᠠ᠃ᠵᠠᠩ ᠭᠦᠸᠧ ᠬᠤᠸᠠ᠂ ︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠲᠠᠢ ᠤᠶᠠᠯᠳᠤᠭᠤᠯᠵᠤ᠂ ᠬᠤᠳᠠ ᠪᠠᠯᠭᠠᠰᠤᠨ ᠤ ᠤᠯᠤᠰ ᠤᠨ ᠦᠮᠴᠢᠯᠡᠯᠳᠤ ᠭᠠᠵᠠᠷ ᠰᠢᠷᠦᠢ ᠲᠡᠭᠡᠷᠡᠬᠢ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠬᠠᠷᠢᠶ᠎ᠠ ᠶᠢ ᠲᠠᠩᠰᠠᠯᠠᠬᠤ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠨ᠎ᠠ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠳᠠ ᠪᠠᠯᠭᠠᠰᠤᠨ ᠤ ᠤᠯᠤᠰ ᠤᠨ ᠦᠮᠴᠢᠯᠡᠯᠳᠤ ᠭᠠᠵᠠᠷ ᠰᠢᠷᠦᠢ ᠲᠡᠭᠡᠷᠡᠬᠢ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠬᠠᠷᠢᠶ᠎ᠠ ᠶᠢ ᠲᠠᠩᠰᠠᠯᠠᠬᠤ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠠᠭ ᠲᠤᠬᠠᠢ ᠳᠤ ᠨᠢ ᠲᠠᠷᠤᠢ ᠲᠦᠷᠭᠡᠨ ᠰᠢᠢᠳᠪᠦᠷᠢᠯᠡᠬᠦ ᠬᠡᠷᠡᠭᠳᠡᠢ᠂ ᠬᠠᠮᠳᠤᠷᠠᠭᠰᠠᠨ ᠬᠤᠷᠠᠯ ᠤᠨ ᠲᠦᠷᠢᠮ ᠢ ᠬᠡᠷᠡᠭᠵᠢᠬᠦᠯᠵᠦ᠂ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠬᠠᠮᠳᠤᠷᠠᠭᠰᠠᠨ ᠬᠤᠷᠠᠯ ᠢᠶᠠᠨ ᠬᠢᠬᠦ ᠬᠡᠷᠡᠭᠳᠡᠢ᠃ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠪᠤᠳᠠᠳᠠᠢ ᠪᠠᠶᠢᠳᠠᠯ ᠢᠶᠠᠷ ᠨᠢ ᠲᠤᠭᠳᠠᠭᠠᠵᠤ᠂ ᠤᠨᠤᠪᠴᠢᠳᠠᠢ ᠵᠠᠭᠠᠭ ᠱᠤᠭᠤᠮ ᠲᠤᠭᠳᠠᠭᠠᠵᠤ᠂ ᠢᠳᠡᠪᠬᠢᠳᠡᠢ ᠬᠦᠳᠡᠯᠦᠩᠭᠦᠢ ᠠᠵᠢᠯᠯᠠᠵᠤ᠂ ᠨᠢᠭᠳᠠ ᠬᠠᠮᠵᠢᠯᠴᠠᠨ᠂ ᠦᠯᠡᠳᠡᠭᠳᠡᠵᠦ ᠪᠦᠬᠦᠢ ᠠᠰᠠᠭᠤᠳᠠᠯ ᠢ ᠴᠠᠭ ᠲᠤᠬᠠᠢ ᠳᠤ ᠨᠢ ᠲᠤᠬᠢᠷᠠᠮᠵᠢᠳᠠᠢ ᠰᠢᠢᠳᠪᠦᠷᠢᠯᠡᠬᠦ ᠬᠡᠷᠡᠭᠳᠡᠢ᠃ ᠤᠯᠤᠰ ᠤᠨ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠦᠷᠢᠮ ᠢ ᠴᠢᠩᠭ᠎ᠠ ᠦᠨᠳᠦᠰᠦᠯᠡᠵᠦ᠂ ᠬᠠᠮᠢᠶ᠎ᠠ ᠪᠦᠬᠦᠢ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠬᠠᠮᠢᠶ᠎ᠠ ᠪᠦᠬᠦᠢ ᠭᠠᠶᠢᠯᠢ ᠰᠦᠢᠳᠭᠡᠯ ᠢ ᠬᠠᠤᠯᠢ ᠶᠤᠰᠤᠭᠠᠷ ᠨᠡᠬᠡᠮᠵᠢᠯᠡᠨ ᠲᠤᠰᠢᠶᠠᠯᠭᠠᠵᠤ᠂ ᠲᠦᠷᠢᠮᠵᠢᠭᠰᠡᠨ ᠡᠮᠬᠢ ᠲᠦᠷᠢᠮ  ᠲᠠᠢ᠂ ᠬᠠᠤᠯᠢ ᠲᠦᠷᠢᠮ ᠴᠢᠩᠭ᠎ᠠ ᠪᠠᠶᠢᠬᠤ ᠭᠡᠷ ᠪᠠᠶᠢᠰᠢᠩ ᠢ ᠨᠡᠭᠡᠭᠡᠨ ᠠᠰᠢᠭᠯᠠᠵᠤ ᠪᠦᠳᠦᠭᠡᠨ ᠪᠠᠶᠢᠭᠤᠯᠬᠤ ᠡᠮᠬᠢ ᠲᠢᠭᠯᠢᠮ ᠢ ᠡᠷᠡᠰ ᠬᠠᠮᠠᠭᠠᠯᠠᠬᠤ ᠬᠡᠷᠡᠭᠳᠡᠢ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢ ᠠᠷᠭ᠎ᠠ ᠬᠡᠮᠵᠢᠶ᠎ᠡ ᠤᠨᠤᠪᠴᠢᠳᠠᠢ᠂ ᠤᠪᠤᠷ ᠰᠤᠷᠳᠠᠯ ᠦᠨᠡᠨᠴᠢ ᠴᠠᠭᠠᠪᠤᠷ᠂ ᠠᠵᠢᠯ ᠤᠨ ᠦᠷ᠎ᠡ ᠪᠦᠳᠦᠮᠵᠢ ᠦᠨᠳᠦᠷ ᠪᠠᠶᠢᠬᠤ ᠶᠢ ᠪᠠᠳᠤᠯᠠᠵᠤ᠂ ᠲᠦᠷᠦ ᠶᠢᠨ ᠪᠤᠳᠣᠯᠭ᠎ᠠ ᠶᠢ ᠦᠨᠳᠦᠰᠦᠯᠡᠵᠦ ᠦᠳᠳᠡᠷ ᠲᠦᠷᠭᠡᠨ ᠬᠡᠷᠡᠭᠵᠢᠬᠦᠯᠬᠦ ᠬᠡᠷᠡᠭᠳᠡᠢ ᠭᠡᠵᠦ ᠴᠢᠩᠭᠠᠳᠬᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号