ᠰᠤᠷᠪᠤᠯᠵᠢᠯᠠᠭᠴᠢ ᠤᠶᠢᠷ᠎ᠠ ᠳᠤ ᠤᠯᠠᠭᠠᠨᠬᠳᠠ ᠶᠢᠨ ᠶᠦᠨ ᠲᠦᠩ ᠦᠩᠭᠡᠳᠦ ᠲᠡᠮᠦᠷᠯᠢᠭ ᠤᠨ ᠬᠢᠵᠠᠭᠠᠷᠳᠤ ᠺᠤᠮᠫᠠᠨᠢ | ᠠᠴᠠ ᠤᠶᠢᠯᠠᠭᠠᠭᠰᠠᠨ ᠢᠶᠠᠷ᠂ ᠲᠤᠰ ᠺᠤᠮᠫᠠᠨᠢ ᠨᠢ ᠤᠷᠴᠢᠨ ᠲᠤᠭᠤᠷᠢᠨ ᠢ ᠬᠠᠮᠠᠭᠠᠯᠠᠵᠤ ᠲᠡᠰ ᠲᠠᠪᠰᠢᠭᠤᠯᠤᠨ | ᠨᠡᠭᠦᠯᠭᠡᠨ ᠰᠢᠯᠵᠢᠬᠦᠯᠵᠦ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠬᠤᠶᠠᠳᠤᠭᠠᠷ ᠦᠢᠯᠡᠳᠪᠦᠷᠢᠯᠡᠯ ᠤᠨ | ᠱᠤᠭᠤᠮ ᠢᠶᠠᠨ 10 ᠰᠠᠷ᠎ᠠ ᠶᠢᠨ 2 ᠤᠨ ᠡᠳᠦᠷ ᠲᠠᠭᠠᠭᠠᠴᠠ ᠶᠢ ᠲᠤᠷᠰᠢᠨ ᠠᠵᠢᠯᠯᠠᠭᠤᠯᠵᠠᠢ᠃ | ᠤᠯᠠᠭᠠᠨᠬᠳᠠ ᠶᠢᠨ ᠶᠦᠨ ᠲᠦᠩ ᠦᠩᠭᠡᠳᠦ ᠲᠡᠮᠦᠷᠯᠢᠭ ᠤᠨ ᠬᠢᠵᠠᠭᠠᠷᠳᠤ ᠺᠤᠮᠫᠠᠨᠢ ᠶᠢᠨ ᠤᠷᠴᠢᠨ ᠲᠤᠭᠤᠷᠢᠨ ᠢ | ᠬᠠᠮᠠᠭᠠᠯᠠᠵᠤ ᠲᠡᠰ ᠲᠠᠪᠰᠢᠭᠤᠯᠤᠨ ᠨᠡᠭᠦᠯᠭᠡᠨ ᠰᠢᠯᠵᠢᠬᠦᠯᠵᠦ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠨᠢ | ᠤᠯᠠᠭᠠᠨᠬᠠᠳᠠ ᠶᠢᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠤ ᠳ᠋ᠦᠩ ᠱᠠᠨ | ᠠᠵᠤ ᠦᠢᠯᠡᠳᠪᠦᠷᠢ ᠶᠢᠨ ᠲᠤᠭᠤᠷᠢᠭ ᠲᠤ ᠪᠠᠶᠢᠵᠤ᠂ ᠤᠯᠠᠭᠠᠨᠬᠳᠠ ᠬᠤᠳᠠ ᠶᠢᠨ ᠶᠤᠸᠠᠨ ᠪᠤᠤ ᠱᠠᠨ ᠲᠤᠭᠤᠷᠢᠭ ᠤᠨ | ᠶᠤᠸᠠᠨ ᠪᠤᠤ ᠱᠠᠨ ᠪᠠᠯᠭᠠᠰᠤᠨ ᠳᠤ ᠪᠠᠶᠢᠷᠢᠯᠠᠵᠤ ᠪᠠᠶᠢᠳᠠᠭ᠂ ᠵᠡᠭᠦᠨᠰᠢ ᠶᠤᠸᠠᠨ ᠪᠤᠤ ᠱᠠᠨ ᠪᠠᠯᠭᠠᠰᠤᠨ ᠠᠴᠠ 15 | ᠺᠢᠯᠤᠮᠧᠲᠷ ᠵᠠᠶᠢᠳᠠᠢ᠂ ᠪᠠᠷᠠᠭᠤᠨᠰᠢ ᠤᠯᠠᠭᠠᠨᠬᠳᠠ ᠬᠤᠳᠠ ᠶᠢᠨ ᠭᠤᠤᠯ ᠬᠤᠳᠠ ᠲᠤᠭᠤᠷᠢᠭ ᠠᠴᠠ 15 ᠺᠢᠯᠤᠮᠧᠲᠷ | ᠵᠠᠶᠢᠳᠠᠢ᠂ ᠡᠮᠦᠨᠡᠰᠢ ᠫᠢᠩ ᠵᠤᠸᠠᠩ ᠬᠤᠳᠠ ᠲᠤᠭᠤᠷᠢᠭ ᠠᠴᠠ 30 ᠺᠢᠯᠤᠮᠧᠲᠷ ᠵᠠᠢ ᠲᠠᠢ ᠪᠠᠶᠢᠳᠠᠭ᠃ | ᠲᠤᠰ ᠲᠦᠷᠦᠯ ᠵᠦᠢᠯ ᠨᠢ ᠵᠢᠯ ᠤᠨ ᠭᠠᠷᠭᠠᠯᠳᠠ ᠨᠢ ᠦᠨᠳᠦᠷ ᠴᠡᠪᠡᠷᠴᠡ ᠲᠠᠢ ᠪᠢᠯᠢᠭ ᠲᠤᠶᠢᠯᠳᠤ ᠭᠠᠤᠯᠢ 40 | ᠲᠦᠮᠡᠨ ᠲᠤᠨ ᠪᠠᠶᠢᠵᠤ᠂ ᠨᠡᠶᠢᠳᠡ ᠬᠤᠶᠠᠷ ᠦᠢᠯᠡᠳᠪᠦᠷᠢᠯᠡᠯ ᠤᠨ ᠱᠤᠭᠤᠮ ᠪᠠᠶᠢᠭᠤᠯᠵᠤ᠂ ᠶᠡᠷᠦᠩᠬᠡᠢ ᠪᠡᠯᠡ | ᠤᠷᠤᠭᠤᠯᠤᠯᠳᠠ ᠨᠢ 56.11 ᠳ᠋ᠦᠩᠰᠢᠭᠤᠷ ᠶᠤᠮ᠃ ᠭᠤᠤᠯ ᠪᠦᠳᠦᠭᠡᠭᠳᠡᠬᠦᠨ ᠪᠤᠯᠬᠤ ᠦᠨᠳᠦᠷ ᠴᠡᠪᠡᠷᠴᠡ ᠲᠠᠢ | ᠪᠢᠯᠢᠭ ᠲᠤᠶᠢᠯᠳᠤ ᠵᠡᠰ ᠢ ᠵᠢᠯ ᠳᠤ 40 ᠲᠦᠮᠡᠨ ᠲᠤᠨ ᠦᠢᠯᠡᠳᠪᠦᠷᠢᠯᠡᠵᠦ᠂ ᠲᠡᠳ᠋ ᠦᠢᠯᠡᠳᠬᠦᠨ ᠪᠤᠯᠬᠤ ᠰᠢᠵᠢᠷ | ᠠᠯᠳᠠ ᠶᠢ ᠵᠢᠯ ᠳᠤ 5.5 ᠲᠤᠨ᠂ ᠴᠠᠭᠠᠨ ᠮᠦᠩᠭᠦ ᠶᠢ ᠵᠢᠯ ᠳᠤ 578 ᠲᠤᠨ᠂ ᠬᠦᠬᠦᠷ ᠢ ᠵᠢᠯ ᠳᠤ 168.9 | ᠲᠦᠮᠡᠨ ᠲᠤᠨ᠂ ᠲᠡᠮᠦᠷ ᠤᠨ ᠨᠤᠨᠳᠠᠭ ᠢ ᠵᠢᠯ ᠳᠤ 40 ᠲᠦᠮᠡᠨ ᠲᠤᠨ ᠦᠢᠯᠡᠳᠪᠦᠷᠢᠯᠡᠨ᠎ᠡ᠃ ᠪᠤᠷᠤᠯᠠᠭᠤᠯᠤᠯᠳᠠ ᠶᠢᠨ | ᠤᠷᠤᠯᠭ᠎ᠠ ᠶᠢ ᠵᠢᠯ ᠳᠤ 219 ᠳ᠋ᠦᠩᠰᠢᠭᠤᠷ ᠲᠦᠭᠦᠷᠢᠭ᠂ ᠭᠠᠶᠢᠯᠢ ᠶᠢᠨ ᠤᠷᠤᠯᠭ᠎ᠠ ᠶᠢ 4.27 ᠳ᠋ᠦᠩᠰᠢᠭᠤᠷ | ᠲᠦᠭᠦᠷᠢᠭ ᠪᠡᠶᠡᠯᠡᠬᠦᠯᠵᠦ᠂ 2000 ᠭᠠᠷᠤᠢ ᠬᠦᠮᠦᠨ ᠳᠤ ᠠᠵᠢᠯ ᠤᠯᠭᠤᠭᠤᠯᠬᠤ ᠪᠤᠯᠤᠨ᠎ᠠ᠃ | ᠲᠦᠷᠦᠯ ᠵᠦᠢᠯ ᠢ 2017 ᠤᠨ ᠤ 5 ᠰᠠᠷ᠎ᠠ ᠶᠢᠨ 28 ᠤ ᠡᠳᠦᠷ ᠠᠴᠠ ᠡᠬᠢᠯᠡᠨ ᠪᠠᠶᠢᠭᠤᠯᠵᠤ᠂ ᠨᠢᠭᠡᠳᠦᠭᠡᠷ | ᠦᠢᠯᠡᠳᠪᠦᠷᠢᠯᠡᠯ ᠤᠨ ᠱᠤᠭᠤᠮ ᠨᠢ ᠨᠢᠬᠡᠨᠳᠡ 2019 ᠤᠨ ᠤ 5 ᠰᠠᠷ᠎ᠠ ᠶᠢᠨ 18 ᠤ ᠡᠳᠦᠷ ᠲᠠᠭᠠᠭᠠᠴᠠ ᠶᠢ | ᠲᠤᠷᠰᠢᠨ ᠠᠵᠢᠯᠯᠠᠭᠤᠯᠵᠤ᠂ ᠤᠳᠤ ᠪᠤᠯᠳᠠᠯ᠎ᠠ ᠨᠢᠭᠡᠨᠳᠡ 5 ᠰᠠᠷ᠎ᠠ ᠦᠷᠭᠦᠯᠵᠢᠯᠡᠨ ᠲᠤᠭᠳᠠᠪᠤᠷᠢᠳᠠᠢ ᠦᠢᠯᠡᠳᠪᠦᠷᠢᠯᠡᠵᠦ | ᠪᠠᠶᠢᠨ᠎ᠠ᠃ | | | | |