ᠬᠠᠷᠠᠴᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠸᠠᠩ ᠶᠧ ᠳ᠋ᠢᠶᠠᠨ ᠲᠠᠬᠢ ᠪᠠᠶᠢᠴᠠᠭᠠᠬᠤ ᠦᠷᠳᠡᠭᠡ ᠨᠢ ᠬᠠᠮᠳᠤ ᠨᠢᠭᠡᠴᠡ ᠶᠢᠨ ᠨᠢᠭᠡᠳᠦᠭᠡᠷ ᠲᠡᠰ ᠤᠨ ᠭᠠᠪᠢᠶ᠎ᠠ ᠪᠠᠶᠢᠭᠤᠯᠪᠠ
ᠨᠡᠶᠢᠲᠡᠯᠡᠭᠰᠡᠨ ᠴᠠᠭ᠄
2019/11/10
10 ᠰᠠᠷ᠎ᠠ ᠶᠢᠨ 25   ᠤ ᠡᠳᠦᠷ᠂ ᠪᠦᠬᠦ ᠤᠯᠤᠰ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 70 ᠵᠢᠯ ᠤᠨ ᠤᠢ ᠶᠢᠨ ᠶᠡᠭᠡ ᠪᠠᠶᠠᠷ ᠤᠨ ᠠᠮᠤᠷ ᠲᠤᠭᠳᠠᠭᠤᠨ ᠢ ᠬᠠᠮᠠᠭᠠᠯᠠᠬᠤ ᠠᠵᠢᠯ ᠢ ᠳ᠋ᠦᠩᠨᠡᠵᠦ ᠬᠦᠬᠢᠬᠦᠯᠬᠦ ᠶᠡᠭᠡ ᠬᠤᠷᠠᠯ ᠪᠡᠭᠡᠵᠢᠩ ᠳᠤ ᠬᠤᠷᠠᠯᠳᠤᠪᠠ᠂ ᠬᠠᠷᠠᠴᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠸᠠᠩ ᠶᠧ ᠳ᠋ᠢᠶᠠᠨ ᠲᠠᠬᠢ ᠪᠠᠶᠢᠴᠠᠭᠠᠬᠤ ᠦᠷᠳᠡᠭᠡ ᠨᠢ ᠲᠤᠳᠤᠭᠠᠳᠤ ᠶᠢ ᠬᠠᠮᠠᠭᠠᠯᠠᠬᠤ ᠶᠠᠮᠤᠨ ᠤ ᠬᠦᠬᠢᠭᠦᠯᠦᠯ ᠢ ᠬᠦᠷᠳᠡᠵᠦ᠂ ᠬᠠᠮᠳᠤ ᠨᠢᠭᠡᠴᠡ ᠶᠢᠨ ᠨᠢᠭᠡᠳᠦᠭᠡᠷ ᠲᠡᠰ ᠤᠨ ᠭᠠᠪᠢᠶ᠎ᠠ ᠪᠠᠶᠢᠭᠤᠯᠪᠠ᠃ 10 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠦᠪᠦᠷ ᠮᠤᠩᠭᠤᠯ ᠤᠨ ᠲᠤᠳᠤᠭᠠᠳᠤ ᠶᠢ ᠬᠠᠮᠠᠭᠠᠯᠠᠬᠤ ᠲᠠᠩᠬᠢᠮ ᠬᠦᠬᠡᠬᠤᠳᠠ ᠳᠤ ᠱᠠᠩᠨᠠᠯ ᠤᠯᠭᠤᠬᠤ ᠦᠪᠡᠳᠡᠭᠰᠢ ᠶᠤᠰᠤᠯᠠᠯ ᠶᠠᠪᠤᠭᠳᠠᠭᠤᠯᠵᠤ᠂ ᠲᠠᠩᠬᠢᠮ ᠤᠨ ᠲᠠᠷᠤᠭ᠎ᠠ ᠾᠧᠩ ᠰᠢᠶᠤᠤ ᠹᠠᠨ ᠦᠪᠡᠷ ᠤᠨ ᠪᠡᠶ᠎ᠡ ᠪᠠᠷ ᠱᠠᠩᠨᠠᠯ ᠭᠠᠷᠳᠠᠭᠤᠯᠪᠠ᠃ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠡᠳ᠋ ᠲᠠᠷᠤᠭ᠎ᠠ ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠲᠠᠷᠤᠭ᠎ᠠ ᠾᠦᠸᠧ ᠰᠢᠶᠤᠤ ᠳ᠋ᠦᠩ ᠱᠠᠩᠨᠠᠯ ᠤᠯᠭᠤᠬᠤ ᠶᠤᠰᠤᠯᠠᠯ ᠳᠤ ᠤᠷᠤᠯᠴᠠᠪᠠ᠃ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠶᠡᠭᠡ ᠪᠠᠶᠠᠷ ᠤᠨ ᠠᠮᠤᠷ ᠢ ᠬᠠᠮᠠᠭᠠᠯᠠᠬᠤ ᠠᠵᠢᠯ ᠤᠨ ᠬᠤᠭᠤᠴᠠᠭᠠᠨ ᠳᠤ ᠪᠦᠬᠦ ᠴᠠᠭᠳᠠᠭ᠎ᠠ ᠨᠠᠷ ᠪᠤᠯᠤᠳ ᠬᠡᠷᠡᠮ ᠮᠡᠳᠦ ᠪᠦᠯᠬᠦᠮᠳᠡᠨ᠂ ᠬᠠᠮᠳᠤᠷᠠᠨ ᠪᠠᠶᠢᠯᠳᠤᠪᠠ᠂ ᠸᠠᠩ ᠶᠧ ᠳ᠋ᠢᠶᠠᠨ ᠲᠠᠬᠢ ᠲᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠦᠷᠳᠡᠭᠡ ᠨᠢ ᠤᠷᠤᠨ ᠪᠠᠶᠢᠷᠢᠯᠠᠯ ᠤᠨ ᠤᠨᠴᠠᠯᠢᠭ ᠲᠤ ᠰᠠᠭᠤᠷᠢᠯᠠᠵᠤ᠂ ᠪᠡᠭᠡᠵᠢᠩ ᠤᠷᠤᠬᠤ ᠬᠦᠮᠦᠰ᠂ ᠲᠡᠷᠭᠡ ᠮᠠᠰᠢᠨ᠂ ᠡᠳ᠋ ᠪᠤᠳᠠᠰ ᠤᠨ ᠠᠮᠤᠷ ᠲᠦᠪᠰᠢᠨ  ᠤ ᠪᠠᠶᠢᠴᠠᠭᠠᠯᠳᠠ ᠶᠢ ᠪᠦᠬᠦ ᠬᠦᠴᠦ ᠪᠠᠷ ᠢᠶᠠᠨ ᠦᠷᠨᠢᠭᠦᠯᠪᠠ᠂ ᠶᠡᠭᠡ ᠪᠠᠶᠠᠷ ᠤᠨ ᠠᠮᠤᠷ ᠢ ᠬᠠᠮᠠᠭᠠᠯᠠᠬᠤ ᠬᠤᠭᠤᠴᠠᠭᠠᠨ ᠳᠤ᠂ ᠪᠠᠶᠢᠴᠠᠭᠠᠬᠤ ᠦᠷᠳᠡᠭᠡ ᠨᠢ ᠨᠡᠶᠢᠳᠡ 558 ᠬᠦᠮᠦᠨ ᠤᠳᠠᠭ᠎ᠠ ᠴᠠᠭᠳᠠᠭ᠎ᠠ ᠲᠤᠮᠢᠯᠠᠵᠤ᠂ 43258 ᠲᠡᠷᠭᠡ ᠮᠠᠰᠢᠨ᠂ 127722 ᠬᠦᠮᠦᠨ ᠢ ᠪᠠᠶᠢᠴᠠᠭᠠᠨ᠂ 103 ᠬᠦᠮᠦᠨ ᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠵᠤ᠂ ᠬᠢᠳᠤᠭ᠎ᠠ ᠬᠡᠷᠡᠭᠰᠡᠯ ᠢ 16᠂ ᠰᠢᠳᠠᠮᠠᠬᠠᠢ ᠬᠡᠢ ᠶᠢᠨ ᠯᠤᠩᠬᠤ 1᠂ 50 ᠯᠢᠲᠷ ᠤᠨ ᠴᠠᠶᠢᠶᠧᠦ ᠲᠤᠰᠤᠨ ᠲᠦᠩᠰᠡ 1᠂ ᠴᠢᠶᠧᠦ 40 ᠯᠢᠲᠷ ᠬᠤᠷᠢᠶᠠᠨ ᠠᠪᠤᠪᠠ᠃ ᠤᠯᠤᠰ ᠤᠨ ᠪᠠᠶᠠᠷ ᠤᠨ ᠦᠶ᠎ᠡ ᠪᠠᠷ᠂ ᠮᠠᠨ ᠤ ᠬᠤᠳᠠ ᠶᠢᠨ ᠨᠢᠭᠡ ᠭᠠᠵᠠᠷ ᠲᠤ ᠪᠤᠯᠢᠶᠠᠨ ᠲᠡᠭᠡᠷᠮᠡᠳᠡᠭᠰᠡᠨ ᠬᠡᠷᠡᠭ ᠭᠠᠷᠴᠤ ᠲᠦᠷᠪᠡᠨ ᠰᠡᠵᠢᠭᠳᠡᠢ ᠡᠳᠡᠭᠡᠳ ᠲᠡᠷᠭᠡ ᠵᠢᠯᠤᠭᠤᠳᠤᠨ ᠲᠤᠳᠠᠭᠠᠪᠠ᠂ ᠬᠤᠳᠠ ᠶᠢᠨ ᠲᠤᠪᠴᠢᠶᠠᠨ ᠤ ᠵᠠᠷᠯᠢᠭ ᠢ ᠲᠤᠰᠴᠦ ᠠᠪᠤᠭᠰᠠᠨ ᠤ ᠲᠠᠷᠠᠭ᠎ᠠ᠂ ᠬᠠᠷᠠᠴᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠨᠢᠭᠳᠠ ᠪᠦᠭᠭᠦᠵᠦ᠂ ᠡᠴᠦᠰᠳᠡᠭᠡᠨ ᠸᠠᠩ ᠶᠧ ᠳ᠋ᠢᠶᠠᠨ  ᠲᠠᠬᠢ ᠲᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠦᠷᠳᠡᠭᠡ ᠠᠴᠠ ᠬᠡᠷᠡᠭ ᠤᠨ ᠰᠡᠵᠢᠭᠳᠡᠨ ᠪᠤᠯᠬᠤ ᠲᠦᠷᠪᠡᠨ ᠬᠦᠮᠦᠨ ᠢ ᠪᠠᠷᠢᠪᠴᠢᠯᠠᠪᠠ᠃ᠸᠠᠩ ᠶᠧ ᠳ᠋ᠢᠶᠠᠨ ᠲᠠᠬᠢ ᠲᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠦᠷᠳᠡᠭᠡ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠠ᠂ ᠲᠡᠭᠡᠳᠦ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠷᠢᠯᠠᠭᠤᠯᠣᠯᠳᠠ ᠶᠤᠰᠤᠭᠠᠷ᠂ ︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠪᠠ ︽ᠰᠢᠨ᠎ᠡ ᠡᠭᠦᠷᠭᠡ ᠲᠤᠰᠢᠶᠠᠯ ᠢ ᠦᠢᠯᠡᠳᠦᠯᠭᠡᠵᠢᠬᠦᠯᠵᠦ᠂ ᠶᠡᠭᠡ ᠪᠠᠶᠠᠷ ᠢ ᠦᠨᠡᠨᠴᠢ ᠰᠢᠳᠤᠷᠭᠤ ᠬᠠᠮᠠᠭᠠᠯᠠᠬᠤ︾ ᠭᠤᠤᠯ ᠰᠡᠳᠦᠪᠳᠤ ᠦᠢᠯᠡᠳᠦᠯᠭᠡ ᠶᠢ ᠨᠢᠭᠳᠠ ᠤᠶᠠᠯᠳᠤᠭᠤᠯᠵᠤ᠂ ᠡᠭᠦᠷᠭᠡ ᠲᠤᠰᠢᠶᠠᠯ ᠳᠤ ᠪᠠᠨ ᠦᠨᠡᠨᠴᠢ ᠰᠢᠳᠤᠷᠭᠤ ᠪᠠᠶᠢᠵᠤ᠂ ᠵᠤᠷᠢᠭᠳᠠᠢ ᠬᠠᠷᠢᠭᠤᠴᠠᠯᠭ᠎ᠠ ᠡᠭᠦᠷᠭᠡᠯᠡᠨ᠂ ︽ᠲᠡᠮᠦᠷ  ᠬᠠᠰᠢᠯᠭ᠎ᠠ︾ ︽ ᠪᠠᠳᠤ ᠪᠠᠬᠢᠯᠡᠯᠳᠡ︾ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠨᠡᠶᠢᠰᠯᠡᠯ ᠬᠤᠳᠠ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤᠳᠬᠠᠨ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠶᠡᠭᠡ ᠪᠠᠶᠠᠷ ᠤᠨ ᠠᠮᠤᠷ ᠢ ᠬᠠᠮᠠᠭᠠᠯᠠᠬᠤ ᠡᠭᠦᠷᠭᠡ ᠶᠢ ᠠᠮᠵᠢᠯᠳᠠ ᠲᠠᠢ ᠪᠡᠶᠡᠯᠡᠬᠦᠯᠪᠡ᠃ ᠬᠠᠷᠠᠴᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ 70 ᠵᠢᠯ ᠤᠨ ᠤᠢ ᠶᠢᠨ ᠶᠡᠭᠡ ᠪᠠᠶᠠᠷ ᠤᠨ ᠠᠮᠤᠷ ᠢ ᠬᠠᠮᠠᠭᠠᠯᠠᠬᠤ ᠠᠵᠢᠯ ᠳᠤ ᠤᠯᠤᠭᠰᠠᠨ ᠪᠦᠬᠦ ᠢᠯᠠᠯᠳᠠ ᠪᠠᠷ ᠡᠬᠢᠯᠡᠯᠳᠡ ᠶᠢᠨ ᠴᠡᠭ ᠪᠤᠯᠭᠠᠵᠤ᠂ ᠬᠦᠴᠦ ᠵᠤᠷᠢᠭ ᠢᠶᠠᠨ ᠲᠦᠪᠯᠡᠷᠡᠬᠦᠯᠦᠨ᠂ ᠲᠤᠷᠰᠢᠯᠭ᠎ᠠ ᠪᠠᠨ ᠳ᠋ᠦᠩᠨᠡᠵᠦ᠂  ᠴᠤᠭ ᠵᠢᠪᠬᠤᠭᠠᠳᠤ ᠲᠡᠮᠡᠴᠡᠯ ᠤᠨ ᠵᠤᠷᠢᠭ ᠪᠠᠷᠢᠮᠳᠠᠯᠠᠨ᠂ ᠤᠳᠠᠯ ᠦᠭᠡᠢ ᠪᠤᠯᠬᠤ ᠠᠷᠪᠠᠨ ᠶᠢᠰᠦᠳᠦᠭᠡᠷ ᠬᠤᠭᠤᠴᠠᠭᠠᠨ ᠤ ᠲᠦᠷᠪᠡᠳᠦᠭᠡᠷ ᠪᠦᠬᠦᠳᠡ ᠬᠤᠷᠠᠯᠳᠤᠭᠠᠨ ᠪᠠ ︽ᠠᠷᠪᠠᠨ ᠲᠦᠷᠪᠡᠳᠦᠭᠡᠷ ·ᠡᠪᠦᠯ︾ ᠤᠨ ᠠᠮᠤᠷ ᠢ ᠬᠠᠮᠠᠭᠠᠯᠠᠬᠤ ᠠᠵᠢᠯ ᠤᠨ ᠲᠤᠮᠳᠠ ᠲᠠᠬᠢᠨᠳᠠ ᠰᠢᠨ᠎ᠡ ᠭᠠᠪᠢᠶ᠎ᠠ ᠪᠠᠶᠢᠭᠤᠯᠵᠦ᠂ ᠡᠬᠡ ᠤᠯᠤᠰ ᠤᠨ ᠢᠶᠠᠨ ᠬᠤᠶᠠᠷ ᠬᠠᠯᠬᠠᠪᠴᠢ ᠶᠢᠨ ᠦᠨᠡᠨᠴᠢ ᠰᠢᠳᠤᠷᠭᠤ ᠬᠠᠮᠠᠭᠠᠯᠠᠭᠴᠢ ᠪᠤᠯᠬᠤ ᠪᠠᠷ ᠡᠷᠡᠰ ᠲᠡᠮᠡᠴᠡᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号