ᠮᠠᠨ ᠤ ᠬᠤᠰᠢᠭᠤ ᠪᠦᠬᠦ ᠬᠤᠰᠢᠭᠤᠨ ᠤ ᠰᠡᠷᠡᠮᠵᠢ ᠶᠢᠨ ᠬᠦᠮᠦᠵᠢᠯ ᠰᠤᠷᠤᠯᠴᠠᠯᠭ᠎ᠠ ᠶᠢᠨ ᠶᠡᠭᠡ ᠬᠤᠷᠠᠯ ᠢ ᠵᠤᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/11/10
ᠪᠦᠬᠦ ᠬᠤᠰᠢᠭᠤᠨ ᠤ ᠤᠳᠤᠷᠢᠳᠬᠤ ᠺᠡᠳ᠋ᠷ ᠤᠨ ᠶᠤᠰᠤ ᠮᠤᠷᠠᠯ ᠤᠨ ︽ᠬᠤᠷᠢᠭ᠎ᠠ ᠱᠤᠭᠤᠮ︾ ᠰᠠᠬᠢᠵᠦ᠂ ᠰᠠᠬᠢᠯᠭ᠎ᠠ ᠪᠠᠳᠤ ᠶᠢᠨ ︽ᠰᠡᠷᠡᠮᠵᠢ ᠶᠢᠨ ᠱᠤᠭᠤᠮ︾ ᠢ ᠦᠯᠦ ᠬᠦᠨᠳᠡᠬᠦ ᠴᠢᠳᠠᠪᠬᠢ ᠶᠢ ᠲᠡᠭᠡᠭᠰᠢᠯᠡᠬᠦᠯᠦᠨ᠂ ᠪᠤᠳᠠᠳᠤ ᠬᠡᠷᠡᠭ ᠢᠶᠠᠷ ᠵᠢᠱᠢᠶ᠎ᠠ ᠪᠤᠯᠭᠠᠵᠤ᠂ ᠤᠭ ᠵᠤᠷᠢᠯᠳᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠵᠤᠷᠢᠭᠳᠠᠢ ᠡᠭᠦᠷᠭᠡᠯᠡᠨ ᠠᠵᠢᠯᠯᠠᠬᠤ ᠲᠠᠨᠢᠯᠳᠠ ᠶᠢ ᠴᠢᠩᠭᠠᠳᠬᠠᠬᠤ ᠶᠢᠨ ᠲᠦᠯᠦᠭᠡ᠂ ᠪᠦᠬᠦ ᠬᠤᠰᠢᠭᠤᠨ ᠤ ︽ ︿ᠤᠭ ᠵᠤᠷᠢᠯᠳᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ﹀ ᠭᠤᠤᠯ ᠰᠡᠳᠦᠪᠳᠤ ᠬᠦᠮᠦᠵᠢᠯ ᠤᠨ ᠬᠡᠷᠡᠭᠵᠢᠬᠦᠯᠬᠦ ᠲᠦᠰᠦᠯ︾ ᠤᠨ ᠬᠠᠮᠢᠶ᠎ᠠ ᠪᠦᠬᠦᠢ ᠪᠠᠶᠢᠷᠢᠯᠠᠭᠤᠯᠤᠯᠳᠠ ᠶᠤᠰᠤᠭᠠᠷ᠂ ᠮᠠᠨ ᠬᠤᠰᠢᠭᠤ ᠤᠶᠢᠷ᠎ᠠ ᠶᠢᠨ ᠡᠳᠦᠷ᠂ ᠪᠦᠬᠦ ᠬᠤᠰᠢᠭᠤᠨ ᠤ ᠰᠡᠷᠡᠮᠵᠢ ᠶᠢᠨ ᠬᠦᠮᠦᠵᠢᠯ ᠰᠤᠷᠤᠯᠴᠠᠯᠭ᠎ᠠ ᠶᠢᠨ ᠶᠡᠭᠡ ᠬᠤᠷᠠᠯ ᠢ ᠵᠤᠬᠢᠶᠠᠨ ᠪᠠᠶᠢᠭᠤᠯᠵᠤ ᠬᠤᠷᠠᠯᠳᠤᠭᠤᠯᠪᠠ᠂ ᠬᠤᠰᠢᠭᠤᠨ ᠤ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠠᠷᠠᠳ ᠤᠨ ᠪᠦᠯᠬᠦᠮ᠂ ᠬᠠᠮᠢᠶ᠎ᠠ ᠪᠦᠬᠦᠢ ᠠᠵᠤ ᠦᠢᠯᠡᠰ ᠠᠵᠢᠯ ᠦᠢᠯᠡᠰ ᠤᠨ ᠨᠢᠭᠡᠴᠡ ᠶᠢᠨ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠨᠦᠭᠦᠳ ᠨᠡᠶᠢᠳᠡ 100 ᠭᠠᠷᠤᠢ ᠬᠦᠮᠦᠰ ᠬᠤᠷᠠᠯ ᠳᠤ ᠤᠷᠤᠯᠴᠠᠪᠠ᠃ᠬᠤᠷᠠᠯ ᠲᠡᠭᠡᠷ᠎ᠡ᠂ ᠨᠠᠮ ᠤᠨ ᠰᠤᠷᠳᠠᠯ ᠤᠨ ᠠᠷᠢᠭᠤᠨ ᠴᠢᠭᠡᠴᠢ ᠪᠠᠶᠢᠭᠤᠯᠤᠯᠳᠠ ᠶᠢᠨ ᠰᠡᠷᠡᠮᠵᠢ ᠶᠢᠨ ᠬᠦᠮᠦᠵᠢᠯ ᠤᠨ ᠺᠢᠨᠤ᠋ ᠪᠤᠯᠬᠤ ︽ᠤᠭ ᠵᠤᠷᠢᠯᠳᠠ ᠶᠢᠨ ᠢᠯᠵᠡᠷᠡᠯ︾ ᠢ ᠦᠵᠡᠪᠠ᠂ ᠲᠤᠰ ᠺᠢᠨᠤ᠋ ᠨᠢ ᠤᠭ ᠵᠤᠷᠢᠯᠳᠠ ᠪᠠᠨ ᠮᠠᠷᠳᠠᠵᠤ ᠡᠭᠦᠷᠭᠡ ᠬᠠᠷᠢᠭᠤᠴᠠᠯᠭ᠎ᠠ ᠠᠴᠠ ᠪᠠᠨ ᠲᠡᠷᠰᠯᠡᠭᠰᠡᠨ᠂ ᠬᠠᠷ᠎ᠠ ᠪᠦᠯᠦᠭᠳᠡᠨ ᠬᠠᠷᠬᠢᠰ ᠬᠦᠴᠦᠨ ᠤ ︽ᠬᠠᠯᠬᠠᠪᠴᠢ︾ ᠪᠤᠯᠵᠤ᠂ ᠠᠯᠪᠠᠨ ᠤ ᠵᠡᠪᠰᠡᠭ ᠢ ᠬᠤᠪᠢᠨ ᠳᠤ ᠪᠠᠨ ᠬᠡᠷᠡᠭᠯᠡᠵᠦ ︽ᠠᠩᠨᠠᠭᠳᠠᠭᠰᠠᠨ︾᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠵᠡᠷᠭᠡ ᠲᠦᠷᠪᠡᠨ ᠲᠠᠯ᠎ᠠ ᠪᠠᠷ ᠬᠠᠤᠯᠢ ᠰᠠᠬᠢᠯᠭ᠎ᠠ ᠶᠢ ᠵᠦᠷᠢᠴᠡᠭᠰᠡᠨ ᠶᠠᠯᠠᠳᠤ ᠬᠡᠷᠡᠭ ᠢ ᠭᠦᠨᠵᠡᠭᠡᠢ ᠵᠠᠳᠠᠯᠪᠠ᠂ ᠬᠠᠤᠯᠢ ᠰᠠᠬᠢᠯᠭ᠎ᠠ ᠶᠢ ᠵᠦᠷᠢᠴᠡᠭᠰᠡᠨ ᠦᠨᠡᠨ ᠪᠤᠳᠠᠳᠠᠢ 13 ᠨᠡᠶᠢᠳᠡᠯᠢᠭ ᠬᠡᠷᠡᠭ ᠢᠶᠠᠷ ᠲᠠᠮᠵᠢᠭᠤᠯᠵᠤ᠂ ᠢᠯᠵᠡᠷᠡᠨ ᠲᠤᠷᠤᠶᠢᠳᠠᠭᠰᠠᠳ ᠤᠨ ᠬᠦᠰᠡᠯᠡᠩ ᠢᠳᠡᠭᠡᠯ ᠠᠴᠠ ᠪᠠᠨ ᠭᠤᠶᠢᠪᠢᠵᠤ ᠤᠷᠤᠭᠤᠳᠠᠨ ᠲᠤᠷᠤᠶᠢᠳᠠᠭᠰᠠᠨ ᠢ ᠭᠦᠨᠵᠡᠭᠡᠢ ᠢᠯᠡᠴᠢᠯᠡᠵᠦ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠵᠦᠷᠢᠴᠡᠨ ᠬᠤᠷᠢᠭᠳᠠᠯ ᠪᠤᠯᠤᠭᠰᠠᠨ ᠠᠮᠢᠳᠤᠷᠠᠯ ᠤᠨ ᠵᠠᠮ ᠮᠦᠷ ᠠᠴᠠ ᠨᠠᠮ ᠤᠨ ᠬᠡᠰᠢᠭᠦᠨ ᠤᠳᠤᠷᠢᠳᠬᠤ ᠺᠠᠳ᠋ᠷ ᠤᠨ ᠬᠠᠤᠯᠢ ᠰᠠᠬᠢᠯᠭ᠎ᠠ ᠶᠢ ᠵᠦᠷᠢᠴᠡᠬᠦ ᠦᠵᠡᠯ ᠰᠠᠨᠠᠭᠠᠨ ᠤ ᠦᠨᠳᠦᠰᠦ ᠰᠤᠷᠪᠤᠯᠵᠢ ᠵᠢᠴᠢ ᠨᠠᠮ ᠪᠠ ᠨᠡᠶᠢᠭᠡᠮ ᠳᠤ ᠠᠪᠴᠢᠷᠠᠭᠰᠠᠨ ᠬᠦᠨᠳᠦ ᠰᠦᠷᠡᠬᠡᠢ ᠬᠤᠤᠷ ᠬᠦᠨᠦᠭᠡᠯ  ᠶᠢ ᠭᠦᠨᠵᠡᠭᠡᠢ ᠰᠢᠨᠵᠢᠯᠡᠯᠳᠡ ᠬᠢᠪᠡ᠃ ᠪᠦᠬᠦ ᠨᠠᠮ ᠤᠨ ᠬᠡᠰᠢᠭᠦᠨ ᠤᠳᠤᠷᠢᠳᠬᠤ ᠺᠠᠳ᠋ᠷ ᠲᠤ ᠰᠡᠷᠡᠮᠵᠢ ᠶᠢᠨ ᠬᠤᠩᠬᠤ ᠶᠢ ᠴᠤᠬᠢᠵᠦ᠂ ᠬᠤᠷᠠᠯ ᠳᠤ ᠤᠷᠤᠯᠴᠠᠭᠰᠠᠨ ᠬᠦᠮᠦᠨ ᠪᠦᠬᠦᠨ ᠳᠤ ᠠᠮᠢᠳᠤᠯᠢᠭ ᠪᠤᠳᠠᠳᠠᠢ ᠬᠠᠤᠯᠢ ᠰᠠᠬᠢᠯᠭ᠎ᠠ ᠶᠢᠨ ᠰᠡᠷᠡᠮᠵᠢ ᠶᠢᠨ ᠬᠦᠮᠦᠵᠢᠯ ᠤᠨ ᠬᠢᠴᠢᠶᠡᠯ ᠬᠢᠪᠡ᠃ ᠰᠡᠷᠡᠮᠵᠢ ᠶᠢᠨ ᠬᠦᠮᠦᠵᠢᠯ ᠰᠤᠷᠤᠯᠴᠠᠯᠭ᠎ᠠ ᠶᠢᠨ ᠺᠢᠨᠤ᠋ ᠪᠠᠷ ᠲᠡᠮᠵᠢᠵᠦ᠂ ᠪᠦᠬᠦ ᠬᠤᠰᠢᠭᠤᠨ ᠤ ᠤᠳᠤᠷᠢᠳᠬᠤ ᠺᠠᠳ᠋ᠷ ᠤᠨ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠬᠤ ᠴᠢᠬᠤᠯᠠ ᠴᠢᠨᠠᠷ ᠤᠨ ᠲᠤᠬᠠᠢ ᠲᠠᠨᠢᠯᠳᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠬᠠᠷᠢᠭᠤᠴᠠᠯᠭᠠᠳᠤ ᠤᠪᠤᠷ ᠪᠠ ᠡᠭᠦᠷᠭᠡ ᠲᠤᠰᠢᠶᠠᠯ ᠤᠨ ᠤᠪᠤᠷ ᠢᠶᠠᠷ ᠮᠠᠨ ᠤ ᠬᠤᠰᠢᠭᠤᠨ ᠤ ᠡᠯ᠎ᠡ ᠵᠦᠢᠯ ᠤᠨ ᠠᠵᠤ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠡᠭᠦᠳᠬᠦ ᠳᠤ ᠦᠪᠡᠷ ᠤᠨ ᠬᠦᠴᠦᠨ ᠴᠢᠳᠠᠯ ᠢᠶᠠᠨ ᠵᠤᠷᠢᠭᠤᠯᠬᠤ ᠪᠤᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号