ᠲᠠᠮᠢᠷᠴᠢᠳ ᠤᠨ ᠨᠡᠶᠢᠳᠡ ᠶᠢᠨ ᠪᠠᠶᠢᠷᠢ ᠨᠢ 11 ᠰᠠᠷ᠎ᠠ ᠶᠢᠨ ᠲᠤᠮᠳᠠᠴᠢ ᠪᠠᠷ ᠠᠰᠢᠭᠯᠠᠯᠳᠠ ᠳᠤ ᠤᠷᠤᠬᠤ ᠪᠤᠯᠤᠨ᠎ᠠ
ᠨᠡᠶᠢᠲᠡᠯᠡᠭᠰᠡᠨ ᠴᠠᠭ᠄
2019/11/10
ᠮᠡᠶᠢᠷᠡᠨ ᠬᠠᠪᠴᠢᠯ ᠳᠠᠬᠢ ᠴᠠᠰᠤᠨ ᠳᠤ ᠭᠤᠯᠭᠤᠬᠤ ᠲᠠᠯᠠᠪᠠᠢ ᠨᠢ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠪᠢᠶᠠᠷᠢ ᠤᠷᠤᠯᠳᠤᠭᠠᠨ ᠤ ᠲᠠᠯᠠᠪᠠᠢ ᠶᠢᠨ ᠨᠢᠭᠡ  ᠨᠢ ᠪᠤᠯᠬᠤ ᠶᠤᠮ᠂ ᠲᠠᠮᠢᠷᠴᠢᠳ ᠤᠨ ᠨᠡᠶᠢᠳᠡ ᠶᠢᠨ ᠪᠠᠶᠢᠷᠢ ᠶᠢᠨ ᠪᠦᠳᠦᠭᠡᠨ ᠪᠠᠶᠢᠭᠤᠯᠤᠯᠳᠠ ᠶᠢᠨ ᠡᠯ᠎ᠡ ᠵᠦᠢᠯ ᠤᠨ ᠠᠵᠢᠯ ᠢ ᠴᠦᠮ ᠲᠤᠭᠳᠠᠭᠤᠨ ᠢᠶᠠᠷ ᠠᠬᠢᠭᠤᠯᠵᠥ᠂ ᠲᠦᠰᠦᠪᠯᠡᠭᠰᠡᠨ ᠢᠶᠠᠷ 11 ᠰᠠᠷ᠎ᠠ ᠶᠢᠨ ᠲᠤᠮᠳᠠᠴᠢ ᠪᠠᠷ ᠠᠰᠢᠭᠯᠠᠯᠳᠠ ᠳᠤ ᠤᠷᠤᠬᠤ ᠪᠤᠯᠤᠨ᠎ᠠ᠃ ᠮᠡᠶᠢᠷᠡᠨ ᠬᠠᠪᠴᠢᠯ ᠳᠠᠬᠢ ᠴᠠᠰᠤᠨ ᠳᠤ ᠭᠤᠯᠭᠤᠬᠤ ᠲᠠᠯᠠᠪᠠᠢ ᠶᠢᠨ ᠲᠠᠮᠢᠷᠴᠢᠳ ᠤᠨ ᠨᠡᠶᠢᠳᠡ ᠶᠢᠨ ᠪᠠᠶᠢᠷᠢ ᠳᠤ ᠰᠤᠷᠪᠤᠯᠵᠢᠯᠠᠭᠴᠢ᠂ ᠪᠤᠢ ᠪᠦᠬᠦᠢ ᠶᠢᠨ ᠪᠠᠷᠢᠯᠭ᠎ᠠ ᠶᠢᠨ ᠭᠠᠳᠠᠨᠠᠬᠢ ᠠᠵᠢᠯ ᠢ ᠪᠦᠬᠦᠨ ᠢ ᠲᠠᠭᠤᠰᠬᠠᠵᠤ᠂ ᠠᠵᠢᠯᠴᠢᠳ ᠶᠠᠭ ᠰᠠᠶ᠋ᠢᠬᠠᠨ ᠬᠡᠷ ᠲᠤᠳᠤᠷᠠᠬᠢ ᠬᠡᠷ ᠤᠨ ᠬᠡᠷᠡᠭᠰᠡᠯ᠂ ᠴᠠᠬᠢᠯᠭᠠᠨ᠂ ᠵᠠᠰᠠᠯ ᠴᠢᠮᠡᠭᠯᠡᠯ ᠬᠢᠵᠦ ᠪᠠᠶᠢᠭ᠎ᠠ ᠶᠢ ᠤᠯᠵᠤ ᠬᠠᠷᠠᠯ᠎ᠠ᠃ᠳ᠋ᠧ ᠵᠠᠨ ᠪᠦᠯᠦᠭᠯᠡᠯ ᠤᠨ ᠮᠡᠶᠢᠷᠡᠨ ᠭᠠᠵᠠᠷ ᠬᠦᠷᠦᠩᠭᠡ ᠶᠢᠨ ᠺᠤᠮᠫᠠᠨᠢ ᠶᠢᠨ ᠵᠠᠬ᠎ᠠ ᠲᠡᠯᠭᠡᠭᠦᠷ ᠤᠨ ᠪᠤᠷᠤᠯᠠᠭᠤᠯᠬᠤ ᠬᠡᠯᠳᠡᠰ ᠤᠨ ᠵᠢᠩᠯᠢ ᠭᠤᠤ ᠠᠢ ᠰᠧᠨ ᠠᠴᠠ᠂ ᠵᠠᠯᠭᠠᠭᠠᠳ ᠪᠢᠳᠡ ᠤᠰᠤ᠂ ᠲᠤᠯᠠᠭᠠᠯᠭ᠎ᠠ᠂ ᠴᠠᠬᠢᠯᠭᠠᠨ᠂ ᠬᠡᠢ ᠵᠡᠷᠭᠡ ᠲᠦᠬᠦᠭᠡᠷᠦᠮᠵᠢ ᠶᠢ ᠲᠤᠬᠢᠷᠠᠭᠤᠯᠤᠨ ᠰᠢᠯᠭᠠᠨ᠎ᠠ᠂ 11 ᠰᠠᠷ᠎ᠠ ᠶᠢᠨ ᠲᠤᠮᠳᠠᠴᠢ ᠪᠠᠷ ᠠᠵᠢᠯ ᠢᠶᠠᠨ ᠲᠤᠰᠢᠶᠠᠬᠤ ᠪᠠᠷ ᠪᠠᠳᠤᠯᠠᠵᠤ᠂ ᠤᠷᠤᠵᠤ ᠰᠠᠭᠤᠬᠤ ᠪᠠᠷᠢᠮᠵᠢᠶᠠᠨ ᠳᠤ ᠬᠦᠷᠭᠡᠨ᠎ᠡ ᠭᠡᠵᠦ ᠪᠠᠶᠢᠯ᠎ᠠ᠃ᠲᠠᠮᠢᠷᠴᠢᠳ ᠤᠨ ᠨᠡᠶᠢᠳᠡ ᠶᠢᠨ ᠪᠠᠶᠢᠷᠢ ᠨᠡᠶᠢᠳᠡ 16 ᠰᠠᠭᠤᠷᠢ ᠲᠦᠷᠪᠡᠨ ᠲᠠᠪᠬᠤᠷᠯᠢᠭ ᠲᠠᠢ ᠨᠠᠷᠢᠯᠢᠭ ᠴᠢᠮᠡᠭᠰᠡᠨ ᠲᠠᠰᠢᠭᠤ ᠠᠳᠠᠭᠠᠷᠳᠤ ᠭᠠᠳᠠᠭᠠᠳᠤ ᠮᠠᠶ᠋ᠢᠭ ᠤᠨ ᠭᠡᠷ ᠤᠳ ᠪᠠᠶᠢᠵᠤ᠂ 900 ᠬᠦᠮᠦᠨ ᠢ ᠪᠠᠭᠳᠠᠭᠠᠨ᠎ᠠ᠂ ᠠᠰᠠᠷ ᠤᠨ ᠪᠠᠶᠢᠷᠢᠰᠢᠯ ᠢ ᠠᠭᠤᠯᠠᠨ ᠭᠠᠵᠠᠷ ᠤᠨ ᠪᠠᠶᠢᠴᠠ ᠲᠠᠢ ᠤᠶᠠᠯᠳᠤᠭᠤᠯᠵᠤ᠂ ᠪᠠᠶᠢᠴᠠ ᠪᠠᠶᠢᠷᠢ ᠶᠢ ᠲᠠᠭᠠᠵᠤ᠂ ᠠᠶᠠᠨᠳᠠᠭᠠᠨ ︽ᠯᠤᠤ︾ ᠬᠡᠯᠪᠡᠷᠢ ᠪᠠᠷ ᠵᠢᠭᠰᠠᠭᠠᠨ ᠪᠠᠷᠢᠪᠠ᠂ ᠨᠡᠶᠢᠳᠡ ᠶᠢᠨ ᠪᠠᠶᠢᠷᠢ ᠨᠢ ᠤᠮᠠᠷᠠᠳᠤ ᠠᠮᠧᠷᠢᠺᠠ ᠶᠢᠨ ᠪᠠᠷᠢᠯᠭ᠎ᠠ ᠶᠢᠨ ᠬᠡᠪ ᠨᠠᠮᠪᠠᠭ᠎ᠠ ᠲᠠᠢ ᠪᠠᠶᠢᠵᠤ ᠪᠠᠶᠢᠭᠠᠯᠢ ᠠᠬᠤᠢ ᠲᠠᠢ ᠵᠤᠬᠢᠴᠠᠭᠤᠯᠤᠨ᠂ ᠠᠭᠤᠯᠠᠨ ᠭᠠᠵᠠᠷ ᠤᠨ ᠪᠠᠷᠢᠯᠭ᠎ᠠ ᠶᠢᠨ ᠦᠩᠭᠡ ᠪᠤᠳᠤᠭ ᠢ ᠭᠦᠢᠴᠡᠳ ᠬᠠᠷᠠᠭᠤᠯᠵᠠᠢ᠃ᠳ᠋ᠧ ᠵᠠᠨ ᠪᠦᠯᠦᠭᠯᠡᠯ ᠤᠨ ᠮᠡᠶᠢᠷᠡᠨ ᠭᠠᠵᠠᠷ ᠬᠦᠷᠦᠩᠭᠡ ᠶᠢᠨ ᠺᠤᠮᠫᠠᠨᠢ ᠶᠢᠨ ᠡᠵᠡᠩᠨᠡᠯᠳᠡ ᠪᠤᠷᠤᠯᠠᠭᠤᠯᠤᠯᠳᠠ ᠶᠢᠨ ᠵᠢᠩᠯᠢ ᠫᠠᠨ ᠰᠢᠦᠢ᠄ ᠡᠨᠡ ᠨᠢ ᠤᠯᠠᠨ ᠤᠯᠤᠰ ᠤᠨ ᠴᠠᠰᠤᠨ ᠳᠤ ᠭᠤᠯᠭᠤᠵᠤ ᠠᠮᠠᠷᠠᠯᠳᠠ ᠬᠢᠬᠦ ᠦᠨᠳᠦᠷ ᠲᠡᠰ ᠤᠷᠤᠯᠳᠤᠭᠠᠨ  ᠤ ᠲᠤᠭᠤᠷᠢᠭ ᠤᠨ ᠲᠡᠷᠢᠭᠦᠨ ᠤ ᠵᠢᠷᠤᠵᠤ ᠲᠦᠯᠦᠪᠯᠡᠯ ᠤᠨ ᠤᠬᠠᠭᠳᠠᠬᠤᠨ ᠲᠠᠢ ᠨᠢᠭᠳᠠ ᠵᠠᠯᠭᠠᠭᠤᠯᠵᠤ᠂ ᠲᠠᠮᠢᠷᠴᠢᠳ ᠪᠠ ᠵᠤᠭᠠᠴᠠᠭᠴᠢᠳ ᠨᠢ ᠨᠢᠭᠡᠴᠡ ᠶᠢᠨ ᠶᠡᠭᠡ ᠲᠠᠩᠬᠢᠮ ᠠᠴᠠ ᠪᠠᠨ ᠰᠢᠭᠤᠳ ︽ᠴᠠᠰᠤᠨ ᠳᠤ ᠭᠤᠯᠭᠤᠨ ᠭᠠᠷᠴᠤ ᠭᠤᠯᠭᠤᠨ ᠤᠷᠤᠬᠤ︾ ᠲᠦᠭᠦᠮ ᠨᠦᠬᠦᠴᠡᠯ ᠢ ᠪᠦᠷᠢᠯᠳᠤᠭᠦᠯᠪᠡ᠂ ᠡᠨᠡ ᠲᠠᠯ᠎ᠠ ᠪᠠᠷ ᠢᠶᠠᠨ ᠮᠠᠨ ᠤ ᠮᠡᠶᠢᠷᠡᠨ ᠬᠠᠪᠴᠢᠯ ᠤᠨ ᠤᠷᠤᠯᠳᠤᠭᠠᠨ ᠤ ᠲᠤᠭᠤᠷᠢᠭ ᠨᠢ ᠪᠤᠰᠤᠳ ᠴᠠᠰᠤᠨ ᠳᠤ ᠭᠤᠯᠭᠤᠬᠤ ᠲᠠᠯᠠᠪᠠᠢ ᠠᠴᠠ ᠤᠨᠴᠠᠯᠠᠭᠳᠠᠬᠤ ᠬᠠᠮᠤᠭ ᠶᠡᠭᠡ ᠤᠨᠴᠠᠯᠢᠭ ᠪᠠ ᠨᠡᠶᠢᠳᠡ ᠶᠢᠨ ᠪᠠᠶᠢᠷᠢ ᠶᠢᠨ ᠲᠠᠪᠠᠭᠤᠯᠢᠭ ᠪᠤᠯᠤᠨ᠎ᠠ ᠭᠡᠵᠦ ᠪᠠᠶᠢᠪᠠ᠃ᠲᠠᠮᠢᠷᠴᠢᠳ ᠤᠨ ᠨᠡᠶᠢᠳᠡ ᠶᠢᠨ ᠪᠠᠶᠢᠷᠢ ᠨᠢᠭᠡᠴᠡ ᠳᠤ ᠴᠠᠰᠤᠨ ᠳᠤ ᠭᠤᠯᠭᠤᠬᠤ ᠪᠠᠭᠠᠵᠢ ᠬᠠᠳᠠᠭᠠᠯᠠᠬᠤ ᠬᠦᠮᠦᠷᠭᠡ ᠶᠢ ᠤᠨᠴᠠᠭᠠᠶᠢᠯᠠᠨ ᠪᠠᠶᠢᠭᠤᠯᠪᠠ᠂ ᠪᠠᠶᠢᠷᠢ ᠪᠤᠯᠭᠠᠨ ᠲᠤᠰ ᠢᠶᠠᠷ ᠢᠶᠠᠨ ᠬᠠᠳᠠᠭᠠᠯᠠᠬᠤ ᠬᠤᠷᠭᠤ ᠪᠤᠢ᠂ ᠢᠩᠬᠢᠭᠰᠡᠨ ᠢᠶᠠᠷ ᠲᠠᠮᠢᠷᠴᠢᠳ ᠤᠨ ᠦᠷᠦᠭᠡ ᠶᠢᠨ ᠤᠷᠤᠨ ᠵᠠᠢ ᠶᠢ ᠨᠡᠮᠡᠭᠳᠡᠭᠦᠯᠵᠦ ᠴᠠᠰᠤᠨ ᠳᠤ ᠭᠤᠯᠭᠤᠬᠤ ᠪᠠᠭᠠᠵᠢ ᠠᠪᠴᠢᠷᠠᠵᠤ ᠲᠠᠯᠪᠢᠬᠤ ᠵᠡᠷᠭᠡ ᠠᠴᠠ ᠪᠤᠯᠵᠤ ᠪᠤᠵᠠᠷ ᠪᠤᠯᠭᠠᠬᠤ ᠠᠴᠠ ᠵᠠᠶᠢᠯᠠᠰᠬᠢᠵᠦ ᠴᠢᠳᠠᠪᠠ᠃ ᠳ᠋ᠧ ᠵᠠᠨ ᠪᠦᠯᠦᠭᠯᠡᠯ ᠤᠨ ᠮᠡᠶᠢᠷᠡᠨ ᠭᠠᠵᠠᠷ ᠬᠦᠷᠦᠩᠭᠡ ᠶᠢᠨ ᠺᠤᠮᠫᠠᠨᠢ ᠶᠢᠨ ᠡᠵᠡᠩᠨᠡᠯᠳᠡ ᠪᠤᠷᠤᠯᠠᠭᠤᠯᠤᠯᠳᠠ ᠶᠢᠨ ᠵᠢᠩᠯᠢ ᠫᠠᠨ ᠰᠢᠦᠢ᠄ ᠦᠷᠦᠭᠡ ᠪᠤᠯᠭᠠᠨ ᠳᠤ ᠲᠤᠰ ᠢᠶᠠᠷ ᠢᠶᠠᠨ ᠭᠠᠯ ᠲᠤᠭᠤᠭᠠᠨ ᠤ ᠬᠡᠷᠡᠭᠰᠡᠯ᠂ ᠬᠤᠪᠴᠠᠰᠤ ᠤᠭᠠᠬᠤ ᠲᠦᠭᠦᠭᠡᠷᠦᠮᠵᠢ᠂ ᠬᠦᠯᠳᠡᠭᠡᠭᠦᠷ ᠵᠢᠴᠢ ᠵᠤᠭ᠎ᠠ ᠴᠡᠩᠭᠡᠯ ᠤᠨ ᠲᠠᠭᠤ ᠲᠦᠷᠰᠦ ᠶᠢᠨ ᠲᠦᠭᠦᠭᠡᠷᠦᠮᠵᠢ ᠪᠡᠯᠡᠳᠭᠡᠪᠡ᠂ ᠪᠢᠳᠠ ᠲᠠᠮᠢᠷᠴᠢᠳ ᠢ ᠨᠡᠩ ᠰᠠᠶᠢᠨ ᠪᠡᠶ᠎ᠡ ᠶᠢᠨ ᠪᠠᠶᠢᠳᠠᠯ ᠪᠠ ᠤᠶᠤᠨ ᠰᠠᠨᠠᠭᠠᠨ ᠤ ᠪᠠᠶᠢᠳᠠᠯ ᠲᠤᠤᠷ᠎ᠠ ᠤᠷᠤᠯᠳᠤᠭᠠᠨ ᠳᠤ ᠤᠷᠤᠯᠴᠠᠵᠤ ᠰᠠᠶᠢᠨ ᠬᠢᠷᠢ ᠪᠦᠳᠦᠮᠵᠢ ᠤᠯᠬᠤ ᠶᠢ ᠬᠦᠰᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠲᠠᠮᠢᠷᠴᠢᠳ ᠤᠨ ᠨᠡᠶᠢᠳᠡ ᠶᠢᠨ ᠪᠠᠶᠢᠷᠢ ᠳᠤ ᠦᠵᠡᠮᠵᠢ ᠰᠤᠨᠢᠷᠬᠠᠬᠤ ᠲᠤᠮᠤ ᠲᠠᠶᠢᠵᠠ ᠪᠡᠯᠡᠳᠴᠦ᠂ ᠲᠠᠮᠢᠷᠴᠢᠳ ᠬᠤᠨᠤᠭ ᠤᠨ ᠪᠠᠶᠢᠷᠢ ᠠᠴᠠ ᠪᠠᠨ ᠤᠷᠤᠯᠳᠤᠭᠠᠨ ᠤ ᠭᠤᠶᠤ ᠦᠵᠡᠭᠳᠡᠯ ᠢ ᠰᠤᠨᠢᠷᠬᠠᠵᠤ ᠴᠢᠳᠠᠬᠤ ᠪᠤᠯᠭᠠᠵᠠᠢ ᠭᠡᠵᠦ ᠪᠠᠶᠢᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号