ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠶᠢ ᠤᠳᠤᠷᠢᠳᠬᠤ ᠪᠠᠭ᠎ᠠ ᠲᠤᠭᠤᠶᠢᠯᠠᠩ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/11/10
ᠤᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠢ ᠬᠤᠸᠠ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠶᠢ ᠤᠳᠤᠷᠢᠳᠬᠤ ᠪᠠᠭ᠎ᠠ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠠᠵᠢᠯ ᠢ ᠳ᠋ᠦᠩᠨᠡᠨ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠠᠵᠢᠯ ᠳᠤ ᠤᠷᠤᠰᠢᠵᠤ ᠪᠠᠶᠢᠭ᠎ᠠ ᠠᠰᠠᠭᠤᠳᠠᠯ ᠢ ᠡᠮᠬᠢᠯᠡᠨ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠳᠠ ᠬᠢᠪᠡ᠃ ᠬᠤᠰᠢᠭᠤ ᠱᠠᠳᠤᠨ ᠤ ᠤᠳᠤᠷᠢᠳᠤᠯᠭ᠎ᠠ ᠵᠠᠩ ᠭᠦᠸᠧ ᠬᠤᠸᠠ᠂ ᠨᠢ ᠵᠢᠶᠡᠨ ᠬᠤᠸ᠋ᠨ᠂ ᠰᠢᠶᠠᠩ ᠱᠤ᠋ ᠬᠤᠸᠠ᠂ ᠶᠠᠨ ᠮᠢᠨ ᠵᠢᠶᠧ ᠂ ᠮᠠ ᠰᠢᠶᠤᠤ ᠵᠢᠶᠦ᠋ᠨ᠂ ᡂᠢ ᠶᠠ ᠯᠢᠩ ᠬᠤᠷᠠᠯ ᠳᠤ ᠤᠷᠤᠯᠴᠠᠪᠠ᠂ ᠡᠯ᠎ᠡ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠤ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠳᠠᠨ᠂ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠠᠵᠢᠯ ᠢ ᠬᠤᠪᠢᠳᠠᠨ ᠬᠠᠮᠢᠶᠠᠷᠴᠦ ᠪᠠᠶᠢᠭ᠎ᠠ ᠲᠡᠳ᠋ ᠲᠠᠷᠤᠭ᠎ᠠ᠂ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠤᠳᠤᠷᠢᠳᠬᠤ ᠪᠠᠭ᠎ᠠ ᠲᠤᠭᠤᠶᠢᠯᠠᠩ ᠤᠨ ᠡᠯ᠎ᠡ ᠬᠡᠰᠢᠭᠦᠨ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ᠭᠤᠤ ᠰᠢ ᠬᠤᠸᠠ ᠬᠤᠷᠠᠯ ᠲᠡᠭᠡᠷ᠎ᠡ ᠠᠷᠪᠠᠨ ᠵᠤᠷᠪᠤᠰ ᠰᠠᠨᠠᠯ ᠲᠤᠷᠠᠳᠪᠠ᠄ ᠨᠢᠭᠡ ᠳᠤ᠂ ᠪᠡᠯᠡ ᠮᠦᠩᠬᠦ ᠲᠠᠷᠬᠠᠭᠠᠨ ᠦᠭᠭᠦ ᠠᠵᠢᠯ ᠢ ᠨᠠᠷᠢᠨ ᠬᠢᠨᠠᠮᠠᠭᠠᠢ ᠪᠠᠶᠢᠴᠠᠭᠠᠵᠤ᠂ ᠪᠡᠯᠡ ᠮᠦᠩᠬᠦ ᠶᠢ ᠠᠮᠤᠷ ᠲᠦᠪᠰᠢᠨ ᠲᠤᠬᠢᠷᠠᠮᠵᠢᠳᠠᠢ ᠬᠡᠷᠡᠭᠯᠡᠭᠰᠡᠨ ᠤᠷᠢᠳᠠᠯ ᠲᠤᠤᠷ᠎ᠠ᠂ ᠢᠯᠭᠤᠮ ᠤᠷᠤᠭᠰᠢᠳᠠᠢ ᠪᠠᠭᠤᠯᠭᠠᠵᠤ ᠦᠭᠭᠦ ᠬᠡᠷᠡᠭᠳᠡᠢ᠃ ᠬᠤᠶᠠᠷ ᠲᠤ᠂ ᠤᠨᠴᠠ ᠵᠠᠷᠢᠮ ᠲᠦᠷᠦᠯ ᠵᠦᠢᠯ ᠤᠨ ᠠᠬᠢᠴᠠ ᠠᠯᠭᠤᠷ ᠤᠳᠠᠭᠠᠨ ᠪᠠᠶᠢᠬᠤ ᠰᠤᠷᠭᠠᠮᠵᠢ ᠶᠢ ᠨᠠᠷᠢᠨ ᠬᠢᠨᠠᠮᠠᠭᠠᠢ ᠳ᠋ᠦᠩᠨᠡᠵᠦ᠂ ᠬᠤᠶᠢᠰᠢᠳᠠ ᠶᠢᠨ ᠶᠠᠳᠠᠭᠤ ᠶᠢ ᠲᠡᠳᠬᠦᠬᠦ ᠲᠦᠷᠦᠯ ᠵᠦᠢᠯ ᠢ ᠨᠠᠷᠢᠯᠢᠭ ᠲᠦᠰᠦᠪᠯᠡᠵᠦ᠂ ᠲᠦᠷᠦᠯ ᠵᠦᠢᠯ ᠪᠤᠯᠪᠠᠰᠤᠷᠠᠩᠭᠤᠢ ᠪᠤᠯᠤᠭᠰᠠᠨ ᠤᠷᠢᠳᠠᠯ ᠲᠤᠤᠷ᠎ᠠ᠂ ᠡᠮᠦᠨᠡᠬᠢ ᠬᠤᠭᠤᠴᠠᠭᠠᠨ ᠤ ᠠᠵᠢᠯ ᠰᠠᠶᠢᠳᠤᠷ ᠠᠳᠬᠤᠵᠤ᠂ ᠲᠦᠷᠦᠯ ᠵᠦᠢᠯ ᠢ ᠤᠷᠤᠭᠰᠢᠳᠠᠢ ᠪᠠᠶᠢᠭᠤᠯᠬᠤ ᠶᠢ ᠠᠬᠢᠭᠤᠯᠬᠤ ᠬᠡᠷᠡᠭᠳᠡᠢ᠃ ᠭᠤᠷᠪᠠ ᠳᠤ᠂ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠶᠢ ᠲᠤᠰᠬᠠᠢ ᠲᠤᠭᠤᠷᠢᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠤᠨ ᠭᠤᠷᠪᠠᠳᠤᠭᠠᠷ ᠰᠢᠨᠵᠢᠯᠡᠨ ᠪᠠᠶᠢᠴᠠᠭᠠᠬᠤ ᠲᠤᠭᠤᠶᠢᠯᠠᠩ ᠠᠴᠠ ᠮᠠᠨ ᠤ ᠬᠤᠰᠢᠭᠤᠨ ᠳᠤ ᠬᠠᠷᠢᠭᠤ ᠲᠤᠰᠬᠠᠭᠰᠠᠨ ᠬᠠᠮᠢᠶ᠎ᠠ ᠪᠦᠬᠦᠢ ᠠᠰᠠᠭᠤᠳᠠᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠡᠷᠡᠭᠯᠡᠵᠦ ᠪᠤᠯᠬᠤᠶᠢᠴᠠ ᠡᠷᠴᠢᠮᠳᠡᠢ ᠠᠷᠭ᠎ᠠ ᠬᠡᠮᠵᠢᠶ᠎ᠡ ᠠᠪᠴᠦ᠂ ᠴᠡᠭᠴᠡᠯᠡᠨ ᠲᠤᠤᠱᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠨ ᠠᠳᠬᠤᠭᠰᠠᠨ ᠪᠠᠶᠢᠬᠤ ᠬᠡᠷᠡᠭᠳᠡᠢ᠃ ᠲᠦᠷᠪᠡ ᠳᠤ᠂ ︽ᠬᠤᠶᠠᠷ ᠤᠴᠢᠷ ᠤᠨ ᠪᠠᠶᠢᠳᠠᠯ ᠢ ᠨᠢ ᠤᠶᠢᠯᠠᠭᠠᠵᠤ᠂ ᠨᠢᠭᠡ ᠶᠢ ᠬᠢᠨᠠᠨ ᠰᠢᠯᠭᠠᠬᠤ︾ ᠠᠵᠢᠯ ᠢ ᠨᠠᠷᠢᠨ ᠬᠢᠨᠠᠮᠠᠭᠠᠢ ᠰᠠᠶᠢᠨ ᠬᠢᠵᠦ᠂ ᠲᠠᠩᠰᠠ ᠪᠠᠶᠢᠭᠤᠯᠵᠤ ᠺᠠᠷᠲ ᠵᠤᠬᠢᠶᠠᠬᠤ ᠠᠵᠢᠯ ᠤᠨ ᠴᠢᠨᠡᠷ ᠴᠢᠨᠰᠠᠭ᠎ᠠ ᠶᠢ ᠪᠦᠬᠦ ᠲᠠᠯ᠎ᠠ ᠪᠠᠷ ᠲᠡᠰ ᠲᠠᠪᠰᠢᠭᠤᠯᠬᠤ ᠬᠡᠷᠡᠭᠳᠡᠢ᠃ ᠲᠠᠪᠤ ᠳᠤ᠂ ᠬᠦᠴᠦᠷᠬᠡᠭ ᠢ ᠲᠡᠮᠵᠢᠵᠦ ᠶᠠᠳᠠᠭᠤ ᠶᠢ ᠲᠠᠶᠢᠴᠢᠯᠠᠬᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠡᠷᠡᠰ ᠭᠤᠶᠢᠪᠢᠰᠢ ᠦᠭᠡᠢ ᠰᠠᠶᠢᠨ ᠬᠢᠵᠦ᠂ ᠤᠳᠤ ᠪᠠᠶᠢᠭ᠎ᠠ ᠠᠵᠢᠯ ᠤᠨ ᠰᠠᠭᠤᠷᠢᠨ ᠲᠡᠭᠡᠷ᠎ᠡ ᠪᠠᠨ ᠬᠦᠴᠦᠷᠬᠡᠭ ᠢ ᠲᠡᠮᠵᠢᠵᠦ ᠶᠠᠳᠠᠭᠤ ᠶᠢ ᠲᠠᠶᠢᠴᠢᠯᠠᠬᠤ ᠲᠦᠷᠦᠯ ᠵᠦᠢᠯ ᠢ ᠵᠠᠬ᠎ᠠ ᠲᠠᠷᠠᠭᠠᠯᠠᠨ ᠪᠠᠶᠢᠴᠠᠭᠠᠵᠤ᠂ ᠶᠠᠳᠠᠭᠤ ᠶᠢ ᠲᠠᠶᠢᠴᠢᠯᠠᠬᠤ ᠠᠵᠢᠯ ᠢ ᠤᠯᠠᠮ ᠪᠤᠳᠠᠳᠠᠶᠢᠵᠢᠭᠤᠯᠬᠤ ᠶᠢ ᠪᠠᠳᠤᠯᠠᠬᠤ ᠬᠡᠷᠡᠭᠳᠡᠢ᠃ ᠵᠢᠷᠭᠤᠭ᠎ᠠ ᠳᠤ᠂ ᠵᠢᠯ ᠤᠨ ᠡᠬᠢᠨ ᠤ ᠶᠠᠳᠠᠭᠤ ᠶᠢ ᠲᠡᠳᠬᠦᠬᠦ ᠡᠬᠦᠷᠭᠡ  ᠪᠠᠨ ᠬᠠᠷᠭᠤᠭᠤᠯᠵᠤ᠂ ᠲᠡᠭᠡᠳᠦ ᠱᠠᠳᠤ ᠲᠠᠢ ᠵᠤᠯᠭᠠᠭᠤᠯᠵᠤ᠂ ᠶᠠᠳᠠᠭᠤ ᠠᠴᠠ ᠪᠠᠨ ᠠᠩᠬᠢᠵᠢᠷᠠᠭᠠᠳᠤᠢ ᠲᠠᠩᠰᠠ ᠪᠠᠶᠢᠭᠤᠯᠵᠤ ᠺᠠᠷᠲ ᠵᠤᠬᠢᠶᠠᠭᠰᠠᠨ ᠡᠷᠦᠬᠡ ᠪᠠᠷ ᠭᠤᠤᠯ ᠪᠤᠯᠭᠠᠨ᠂ ᠪᠦᠬᠦ ᠵᠢᠯ ᠳᠤ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠪᠠᠨ ᠲᠡᠭᠦᠰ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠬᠠᠤ ᠬᠡᠷᠡᠭᠳᠡᠢ᠃ ᠲᠤᠯᠤᠭ᠎ᠠ᠂ ᠶᠠᠳᠠᠭᠤ ᠶᠢ ᠲᠡᠳᠬᠦᠵᠦ ᠦᠭᠡᠷᠡᠴᠢᠯᠡᠯᠳᠡ ᠬᠢᠬᠦ ᠲᠤᠷᠰᠢᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠷᠰᠢᠯᠳᠠ ᠬᠢᠬᠦ ᠰᠤᠳᠤᠯᠭᠠᠨ ᠤ ᠰᠡᠳᠦᠪ ᠢ ᠤᠨᠤᠪᠴᠢᠳᠠᠢ ᠰᠤᠩᠭᠤᠵᠤ ᠰᠢᠯᠢᠳᠡᠭ ᠢ ᠨᠢ ᠰᠤᠩᠭᠤᠵᠤ᠂ ᠲᠤᠷᠰᠢᠯᠳᠠ ᠶᠢᠨ ᠤᠷᠤᠨ ᠢ ᠪᠠᠶᠢᠭᠤᠯᠬᠤ ᠪᠠᠷ ᠲᠠᠮᠵᠢᠵᠦ ᠦᠪᠦᠷ ᠮᠤᠩᠭᠤᠯ ᠴᠢᠨᠠᠭᠰᠢᠯᠠᠪᠠᠯ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠠᠵᠢᠯ ᠳᠤ ᠲᠤᠯᠢ ᠪᠤᠯᠭᠠᠵᠤ ᠪᠤᠯᠬᠤ᠂ ᠬᠠᠭᠤᠯᠪᠤᠷᠢᠯᠠᠵᠤ ᠪᠤᠯᠬᠤ᠂ ᠲᠡᠯᠭᠡᠷᠡᠭᠦᠯᠵᠦ ᠪᠤᠯᠬᠤᠶᠢᠴᠠ ᠲᠤᠷᠰᠢᠯᠭ᠎ᠠ ᠬᠠᠩᠭᠠᠬᠤ ᠶᠢ ᠪᠠᠳᠤᠯᠠᠬᠤ ᠬᠡᠷᠡᠭᠳᠡᠢ᠃ ᠨᠠᠢᠮᠠ ᠳᠤ᠂ ᠶᠠᠳᠠᠭᠤ ᠠᠴᠠ ᠠᠩᠬᠢᠵᠢᠷᠠᠭᠤᠯᠬᠤ ᠬᠦᠷᠦᠩᠭᠡ ᠶᠢ ᠰᠠᠶᠢᠳᠤᠷ ᠪᠠᠶᠢᠴᠠᠭᠠᠵᠤ᠂ ᠨᠠᠷᠢᠨ ᠲᠠᠩᠰᠠ ᠪᠠᠶᠢᠭᠤᠯᠵᠤ᠂ ᠬᠦᠷᠦᠩᠭᠡ ᠶᠢᠨ ᠲᠤᠰᠬᠠᠢ ᠲᠦᠷᠦᠯ ᠤᠨ ᠬᠦᠳᠡᠯᠦᠩᠭᠦᠢ ᠬᠠᠮᠢᠶᠠᠷᠣᠯᠳᠠ ᠶᠢ ᠰᠤᠳᠤᠯᠤᠨ᠂ ᠶᠠᠳᠠᠭᠤ  ᠠᠴᠠ ᠠᠩᠬᠢᠵᠢᠷᠠᠭᠤᠯᠬᠤ ᠦᠨᠡᠨ ᠪᠤᠳᠠᠳᠤ ᠴᠢᠨᠡᠷ ᠪᠠ ᠲᠤᠭᠳᠠᠭᠤᠨ ᠴᠢᠨᠡᠷ ᠢ ᠪᠠᠳᠤᠯᠠᠬᠤ ᠬᠡᠷᠡᠭᠳᠡᠢ᠃ ᠶᠢᠰᠦ ᠳᠤ᠂  ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠲᠤᠬᠠᠢ ᠤᠯᠤᠰ ᠤᠨ ᠲᠤᠰᠬᠠᠢ ᠲᠦᠷᠦᠯ ᠤᠨ ᠨᠡᠶᠢᠳᠡᠮ ᠪᠠᠶᠢᠴᠠᠭᠠᠯᠳᠠ ᠶᠢ ᠤᠭᠳᠤᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠨ ᠬᠢᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠢᠯᠭᠤᠮ ᠦᠷᠨᠢᠬᠦᠯᠬᠦ ᠶᠢ ᠪᠠᠳᠤᠯᠠᠬᠤ ᠬᠡᠷᠡᠭᠳᠡᠢ᠃ ᠠᠷᠪᠠ ᠳᠤ᠂ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠲᠤᠬᠠᠢ ᠤᠯᠤᠰ ᠤᠨ ᠭᠤᠷᠪᠠᠳᠠᠭᠴᠢ ᠡᠳᠡᠭᠡᠳ ᠤᠨ ᠦᠨᠡᠯᠡᠨ ᠪᠠᠶᠢᠴᠠᠭᠠᠬᠤ ᠵᠢᠴᠢ ᠮᠤᠵᠢ ᠠᠯᠤᠰᠯᠠᠨ ᠰᠢᠯᠭᠠᠨ ᠬᠢᠨᠠᠬᠤ ᠠᠵᠢᠯ ᠢ ᠤᠭᠳᠤᠬᠤ ᠪᠠᠷ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠮᠦᠷᠳᠡᠭᠡᠨ ᠬᠢᠨᠠᠮᠠᠭᠠᠢ ᠰᠠᠶᠢᠨ ᠬᠢᠵᠦ᠂ ᠴᠠᠭ ᠢᠮᠠᠭᠳᠠ ᠡᠨᠡᠬᠦ ᠰᠢᠵᠢᠮ ᠢ ᠴᠢᠩᠭᠠᠯᠠᠨ᠂ ᠤᠯᠤᠰ ᠤᠨ ᠰᠢᠯᠭᠠᠨ ᠬᠢᠨᠠᠬᠤ ᠠᠵᠢᠯ ᠳᠤ ᠪᠦᠬᠦ ᠬᠦᠴᠦ ᠪᠠᠷ ᠬᠠᠮᠵᠢᠯᠴᠠᠬᠤ ᠬᠡᠷᠡᠭᠳᠡᠢ᠃ᠵᠠᠩ ᠬᠦᠸᠧ ᠬᠤᠸᠠ ᠬᠤᠷᠠᠯ ᠲᠡᠭᠡᠷ᠎ᠡ ᠶᠠᠷᠢᠶ᠎ᠠ ᠲᠠᠯᠪᠢᠵᠤ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠡᠯ᠎ᠡ ᠰᠠᠯᠠᠭ᠎ᠠ ᠮᠦᠴᠢᠷ ᠨᠢ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ︽ᠶᠠᠳᠠᠭᠤ ᠮᠠᠯᠠᠭᠠᠢ ᠶᠢ ᠨᠢ ᠠᠪᠴᠤ ᠬᠠᠶᠠᠭᠰᠠᠨ ᠴᠤ ᠬᠠᠷᠢᠭᠤᠴᠯᠠᠭ᠎ᠠ ᠪᠠᠨ ᠲᠠᠶᠠᠭᠳᠠᠬᠤ ᠦᠭᠡᠢ᠂ ᠲᠦᠷᠦ ᠶᠢᠨ ᠪᠤᠳᠤᠯᠭ᠎ᠠ ᠪᠠᠨ ᠲᠠᠶᠠᠭᠳᠠᠬᠤ ᠦᠭᠡᠢ᠂ ᠬᠠᠪᠰᠤᠷᠤᠨ ᠲᠡᠮᠵᠢᠬᠦ ᠪᠠᠨ ᠲᠠᠶᠠᠭᠳᠠᠬᠤ ᠦᠭᠡᠢ᠂ ᠬᠢᠨᠠᠨ ᠬᠠᠮᠢᠶᠠᠷᠬᠤ ᠪᠠᠨ ᠲᠠᠶᠠᠭᠳᠠᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠵᠤ᠂ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠤᠨᠤᠪᠴᠢᠳᠠᠢ ᠬᠡᠷᠡᠭᠵᠢᠬᠦᠯᠬᠦ ᠶᠢ ᠯᠠᠪᠳᠠᠭᠤᠨ ᠢᠶᠠᠷ ᠠᠬᠢᠭᠤᠯᠵᠤ᠂ ᠶᠠᠳᠠᠭᠤ ᠠᠴᠠ ᠪᠠᠨ ᠠᠩᠬᠢᠵᠢᠷᠠᠴᠢᠬᠠᠭᠠᠳ ᠲᠠᠬᠢᠨᠳᠠ ᠶᠠᠳᠠᠭᠤᠷᠠᠬᠤ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠶᠠᠳᠠᠭᠤ ᠶᠢ ᠲᠡᠳᠬᠦᠬᠦ ᠲᠦᠷᠦᠯ ᠵᠦᠢᠯ ᠢ ᠦᠨᠡᠯᠡᠨ ᠰᠢᠯᠭᠠᠵᠤ ᠬᠤᠷᠢᠶᠠᠨ ᠠᠪᠬᠤ᠂ ᠪᠡᠯᠡ ᠮᠦᠩᠬᠦ ᠲᠠᠷᠬᠠᠭᠠᠨ ᠦᠭᠬᠦ ᠵᠡᠷᠭᠡ ᠠᠵᠢᠯ ᠢ ᠨᠢᠭᠡᠳᠦᠯᠳᠡᠢ ᠰᠠᠶᠢᠨ ᠬᠢᠵᠦ᠂ ᠶᠠᠳᠠᠭᠤ ᠶᠢ ᠲᠡᠳᠬᠦᠬᠦ ᠪᠡᠯᠡ ᠮᠦᠩᠬᠦ ᠶᠢ ᠲᠠᠷᠤᠵᠤ ᠰᠠᠭᠠᠳᠠᠭᠠᠬᠤ ᠠᠰᠠᠭᠤᠳᠠᠯ ᠢ ᠡᠷᠡᠰ ᠰᠡᠷᠭᠡᠶᠢᠯᠡᠵᠦ᠂ ᠶᠠᠳᠠᠭᠤ ᠶᠢ ᠲᠡᠳᠬᠦᠬᠦ ᠪᠡᠯᠡ ᠮᠦᠩᠬᠦ ᠶᠢ ᠬᠡᠷᠡᠭᠯᠡᠬᠦ ᠦᠷ᠎ᠡ ᠠᠰᠢᠭ ᠢ ᠦᠨᠡᠨᠬᠦ ᠲᠡᠭᠡᠭᠰᠢᠯᠡᠬᠦᠯᠬᠦ ᠬᠡᠷᠡᠭᠳᠡᠢ᠃ ᠨᠢᠭᠡ ᠳᠤ᠂ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ᠂ ᠲᠦᠷᠦᠯ ᠵᠦᠢᠯ ᠪᠦᠬᠦᠢ ᠰᠢᠶᠠᠩ ᠪᠠᠯᠭᠠᠰᠤ ᠲᠠᠨᠢᠯᠳᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ᠂ ᠵᠤᠬᠢᠴᠠᠭᠤᠯᠤᠯᠳᠠ ᠶᠢ ᠴᠢᠩᠭᠠᠳᠬᠠᠨ᠂ ᠦᠨᠦ ᠵᠢᠯ ᠪᠠᠶᠢᠭᠤᠯᠤᠨ ᠲᠠᠭᠤᠰᠬᠠᠵᠤ ᠠᠰᠢᠭᠯᠠᠯᠳᠠ ᠳᠤ ᠤᠷᠤᠭᠤᠯᠤᠨ᠂ ᠦᠷ᠎ᠡ ᠠᠰᠢᠭ ᠪᠠᠳᠠᠷᠠᠭᠤᠯᠬᠤ ᠶᠢ ᠪᠠᠳᠤᠯᠠᠬᠤ ᠬᠡᠷᠡᠭᠳᠡᠢ᠃ ᠬᠤᠶᠠᠷ ᠲᠤ᠂ ᠦᠭᠡᠷ᠎ᠡ ᠭᠠᠵᠠᠷ ᠨᠡᠭᠦᠯᠬᠡᠨ ᠶᠠᠳᠠᠭᠤ ᠶᠢ ᠲᠡᠳᠬᠦᠬᠦ ᠢᠨᠵᠧᠨᠧᠷᠢᠩ᠂ ᠬᠠᠭᠤᠴᠢᠨ ᠬᠡᠷ ᠪᠠᠶᠢᠰᠢᠩ ᠢ ᠨᠤᠷᠠᠭᠠᠬᠤ ᠠᠵᠢᠯ ᠢ ᠡᠷᠳᠡᠭᠡᠨ ᠲᠡᠭᠦᠰᠭᠡᠵᠦ᠂ ᠲᠠᠬᠢᠨ ᠬᠠᠭᠠᠯᠪᠤᠷᠢᠯᠠᠬᠤ ᠲᠤᠬᠢᠷᠠᠮᠵᠢᠳᠠᠢ ᠪᠤᠯ ᠲᠠᠬᠢᠨ ᠬᠠᠭᠠᠯᠪᠤᠷᠢᠯᠠᠵᠤ᠂ ᠤᠶᠢᠵᠢᠭᠤᠯᠬᠤ ᠳᠤ ᠲᠤᠬᠢᠷᠠᠮᠵᠢᠳᠠᠢ ᠪᠤᠯ ᠤᠶᠢᠵᠢᠭᠤᠯᠵᠤ᠂ ᠴᠡᠴᠡᠷᠯᠢᠭ ᠪᠤᠯᠭᠠᠬᠤ ᠲᠤᠬᠢᠷᠮᠵᠢᠳᠡᠢ ᠪᠤᠯ ᠴᠡᠴᠡᠷᠯᠢᠭ ᠪᠤᠯᠭᠠᠬᠤ ᠬᠡᠷᠡᠭᠳᠡᠢ᠃ ᠦᠨᠡᠨ ᠠᠴᠠ ᠵᠦᠪ ᠢ ᠡᠷᠢᠵᠦ ᠬᠤᠶᠢᠰᠢᠳᠡ ᠦᠷᠭᠦᠯᠵᠢᠯᠡᠬᠦᠯᠵᠦ ᠪᠤᠯᠬᠤᠶᠢᠴᠠ ᠶᠠᠳᠠᠭᠤ ᠶᠢ ᠲᠡᠡᠳᠬᠦᠬᠦ ᠠᠵᠤ ᠦᠢᠯᠡᠰ ᠢ ᠤᠨᠤᠪᠴᠢᠳᠠᠢ ᠲᠦᠰᠦᠪᠯᠡᠵᠦ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠭᠡᠯ ᠢ ᠦᠷᠭᠦᠯᠵᠢᠯᠡᠨ ᠪᠠᠳᠤᠳᠬᠠᠬᠤ ᠬᠡᠷᠡᠭᠳᠡᠢ᠃ ᠭᠤᠷᠪᠠ ᠳᠤ᠂ ᠪᠡᠭᠡᠵᠢᠩ ᠦᠪᠦᠷ ᠮᠤᠩᠭᠤᠯ ᠤᠨ ᠬᠠᠪᠰᠤᠷᠤᠨ ᠲᠡᠳᠬᠦᠬᠦ ᠲᠦᠷᠦᠯ ᠵᠦᠢᠯ᠂ ᠡᠳᠦᠷ ᠲᠤᠳᠤᠮ ᠤᠨ ᠵᠤᠬᠢᠴᠠᠭᠤᠯᠭ᠎ᠠ ᠶᠢ ᠴᠢᠩᠭᠠᠳᠬᠠᠵᠤ᠂ ᠠᠵᠢᠯ ᠤᠨ ᠠᠬᠢᠴᠠ ᠶᠢ ᠲᠦᠷᠭᠡᠳᠭᠡᠵᠦ᠂ ᠲᠦᠷᠦᠯ ᠵᠦᠢᠯ ᠢ ᠡᠷᠳᠡᠬᠡᠨ ᠪᠠᠶᠢᠭᠤᠯᠤᠨ ᠲᠡᠭᠦᠰᠭᠡᠬᠦ ᠶᠢ ᠪᠠᠳᠤᠯᠠᠵᠤ᠂ ᠶᠠᠳᠠᠭᠤ ᠶᠢ ᠴᠦᠬᠡᠳᠬᠡᠵᠦ ᠶᠠᠳᠠᠭᠤ ᠶᠢ ᠲᠠᠶᠢᠴᠢᠯᠠᠬᠤ ᠦᠷ᠎ᠡ ᠪᠦᠳᠦᠮᠵᠢ  ᠶᠢ ᠭᠦᠢᠴᠡᠳ ᠪᠠᠳᠠᠷᠠᠭᠤᠯᠬᠤ ᠬᠡᠷᠡᠭᠳᠡᠢ᠃ ᠲᠦᠷᠪᠡ ᠳᠤ᠂ ᠢᠷᠡᠬᠦ ᠵᠢᠯ ᠤᠨ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠲᠦᠷᠦᠯ ᠵᠦᠢᠯ ᠤᠨ ᠬᠦᠮᠦᠷᠭᠡ ᠶᠢᠨ ᠪᠦᠳᠦᠭᠡᠨ ᠪᠠᠶᠢᠭᠤᠯᠤᠯᠳᠠ ᠶᠢ ᠰᠠᠶᠢᠨ ᠬᠢᠵᠦ᠂ ᠰᠢᠨᠵᠢᠯᠡᠬᠦ ᠤᠬᠠᠭᠠᠨᠴᠢ ᠪᠠᠷ ᠨᠤᠳᠠᠯᠠᠨ᠂ ᠲᠦᠷᠦᠯ ᠵᠦᠢᠯ ᠢ ᠨᠠᠷᠢᠯᠢᠭ ᠲᠦᠰᠦᠪᠯᠠᠵᠥ᠂ ᠲᠦᠷᠦᠯ ᠵᠦᠢᠯ ᠢ ᠨᠠᠷᠢᠯᠢᠭ ᠬᠡᠷᠡᠭᠵᠢᠬᠦᠯᠬᠦ ᠪᠠ ᠶᠠᠳᠠᠭᠤ ᠶᠢ ᠲᠡᠳᠬᠦᠬᠦ ᠪᠡᠯᠡ ᠮᠦᠩᠭᠦ ᠶᠢ ᠠᠮᠤᠷ ᠲᠦᠪᠰᠢᠨ ᠦᠷ᠎ᠡ ᠪᠦᠳᠦᠮᠵᠢ ᠲᠠᠢ ᠬᠡᠷᠡᠭᠯᠡᠬᠦ ᠳᠤ ᠪᠠᠳᠤ ᠰᠠᠭᠤᠷᠢ ᠲᠠᠯᠪᠢᠬᠤ ᠬᠡᠷᠡᠭᠳᠡᠢ᠃ᠬᠤᠷᠠᠯ ᠲᠡᠭᠡᠷ᠎ᠡ᠂ ᠬᠤᠰᠢᠭᠤ ᠱᠠᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠠᠴᠠ ᠬᠤᠪᠢᠳᠠᠨ ᠬᠠᠮᠢᠶᠠᠷᠴᠦ ᠪᠠᠶᠢᠭ᠎ᠠ ᠠᠵᠢᠯ ᠪᠠ ᠶᠠᠳᠠᠭᠤ ᠶᠢ ᠲᠡᠳᠬᠦᠬᠦ ᠲᠦᠷᠦᠯ ᠵᠦᠢᠯ ᠤᠨ ᠠᠵᠢᠯ ᠤᠨ ᠪᠤᠳᠠᠳᠠᠢ ᠪᠠᠶᠢᠳᠠᠯ ᠤᠨ ᠲᠤᠬᠠᠢ ᠶᠠᠷᠢᠶ᠎ᠠ ᠲᠠᠯᠪᠢᠪᠠ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠬᠦᠭᠵᠢᠬᠦᠯᠦᠯᠳᠡ ᠦᠭᠡᠷᠡᠴᠢᠯᠡᠯᠳᠡ ᠶᠢᠨ ᠲᠤᠪᠴᠢᠶ᠎ᠠ᠂ ᠵᠤᠬᠢᠶᠠᠨ ᠪᠠᠶᠢᠭᠤᠯᠬᠤ ᠬᠡᠯᠳᠡᠰ᠂ ᠡᠷᠡᠬᠦᠯ ᠬᠠᠮᠠᠭᠠᠯᠠᠯ ᠡᠷᠡᠭᠦᠯ ᠴᠢᠬᠢᠷᠠᠭ ᠤᠨ ᠵᠦᠪᠯᠡᠯ᠂ ᠤᠰᠤᠨ ᠠᠰᠢᠭᠯᠠᠯᠳᠠ ᠶᠢᠨ ᠲᠤᠪᠴᠢᠶ᠎ᠠ᠂ ᠮᠡᠶᠢᠷᠡᠨ ᠪᠠᠯᠭᠠᠰᠤ᠂ ᠸᠠᠩ ᠤᠨ ᠬᠤᠷᠢᠶ᠎ᠠ ᠪᠠᠯᠭᠠᠰᠤ ᠵᠡᠷᠭᠡ 21 ᠨᠢᠭᠡᠴᠡ ᠶᠢᠨ ᠬᠠᠷᠢᠭᠤᠴᠠᠯᠭᠠᠳᠠᠨ ᠦᠪᠡᠷ ᠤᠨ ᠢᠶᠠᠨ ᠠᠵᠢᠯ ᠤᠨ ᠪᠤᠳᠠᠳᠠᠢ ᠪᠠᠶᠢᠳᠠᠯ ᠳᠤ ᠴᠢᠭᠯᠡᠬᠦᠯᠦᠨ᠂ ᠦᠨᠦ ᠵᠢᠯ ᠤᠨ ᠶᠠᠳᠠᠭᠤ ᠠᠴᠠ ᠠᠩᠬᠢᠵᠢᠷᠠᠭᠤᠯᠵᠤ ᠰᠢᠪᠳᠤᠯᠣᠯᠳᠠ ᠬᠢᠬᠦ ᠲᠦᠷᠦᠯ ᠵᠦᠢᠯ ᠤᠨ ᠠᠬᠢᠴᠠ ᠶᠢᠨ ᠪᠠᠶᠢᠳᠠᠯ ᠪᠠ ᠬᠤᠶᠢᠰᠢᠳᠡ ᠶᠢᠨ ᠲᠦᠷᠦᠯ ᠵᠦᠢᠯ ᠤᠨ ᠠᠵᠢᠯ ᠤᠨ ᠪᠠᠶᠢᠷᠢᠯᠠᠭᠤᠯᠤᠯᠳᠠ ᠪᠠᠨ ᠬᠠᠷᠢᠭᠤ ᠮᠡᠳᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号