| | | | 11 ᠰᠠᠷ᠎ᠠ ᠶᠢᠨ 6 ᠤ ᠡᠳᠦᠷ᠂ ᠰᠢ ᠴᠢᠶᠤᠤ ᠪᠠᠯᠭᠠᠰᠤ ᠶᠠᠳᠠᠭᠤ ᠠᠴᠠ ᠠᠩᠬᠢᠵᠢᠷᠠᠭᠤᠯᠤᠨ ᠰᠢᠪᠳᠤᠯᠣᠯᠳᠠ ᠬᠢᠬᠦ ᠶᠢ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠤᠨ ᠬᠤᠷᠠᠯ ᠬᠤᠷᠠᠯᠳᠤᠭᠤᠯᠪᠠ᠂ ᠬᠤᠷᠠᠯ | ᠲᠡᠭᠡᠷ᠎ᠡ ᠪᠦᠬᠦ ᠬᠤᠰᠢᠭᠤᠨ ᠤ ᠶᠠᠳᠠᠭᠤ ᠶᠢ ᠲᠡᠳᠬᠦᠬᠦ ᠲᠦᠷᠦᠯ ᠵᠦᠢᠯ ᠤᠨ ᠵᠤᠬᠢᠴᠠᠭᠤᠯᠤᠯᠳᠠ ᠶᠢᠨ ᠬᠤᠷᠠᠯ ᠪᠠ | ᠬᠠᠷᠢᠭᠤ ᠲᠤᠰᠬᠠᠭᠰᠠᠨ ᠠᠰᠠᠭᠤᠳᠠᠯ ᠢ ᠨᠡᠶᠢᠳᠡᠯᠡᠬᠦ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠶᠠᠳᠠᠭᠤ | ᠬᠦᠴᠢᠷᠳᠡᠢ ᠡᠷᠦᠬᠡ ᠶᠢᠨ ᠬᠦᠳᠡᠯᠦᠩᠬᠦᠢ ᠲᠤᠬᠢᠷᠠᠭᠤᠯᠤᠯᠳᠠ᠂ ᠦᠪᠡᠷᠳᠡᠭᠡᠨ ᠵᠠᠰᠠᠬᠤ ᠤᠷᠤᠨ ᠤ ᠬᠠᠷᠢᠭᠤ | ᠲᠤᠰᠬᠠᠭᠭᠰᠠᠨ ᠠᠰᠠᠭᠤᠳᠠᠯ ᠢ ᠴᠡᠭᠴᠡᠯᠡᠨ ᠲᠤᠤᠱᠯᠠᠭᠤᠯᠤᠭᠰᠠᠨ ᠵᠢᠴᠢ 2019 ᠤᠨ ᠤ ᠶᠠᠳᠠᠭᠤ ᠶᠢ ᠲᠡᠳᠬᠦᠬᠦ | ᠪᠦᠬᠦ ᠵᠢᠯ ᠤᠨ ᠶᠠᠳᠠᠭᠤ ᠠᠴᠠ ᠠᠩᠬᠢᠵᠢᠷᠠᠭᠤᠯᠤᠨ ᠰᠢᠪᠳᠤᠯᠣᠯᠳᠠ ᠬᠢᠬᠦ ᠠᠵᠢᠯ ᠢ ᠬᠢᠨᠠᠨ ᠰᠢᠯᠭᠠᠬᠤ ᠶᠠᠪᠤᠳᠠᠯ ᠢ | ᠪᠠᠶᠢᠷᠢᠯᠠᠭᠤᠯᠪᠠ᠃ ᠰᠢ ᠴᠢᠶᠤᠤ ᠪᠠᠯᠭᠠᠰᠤᠨ ᠳᠤ ᠪᠠᠶᠢᠭ᠎ᠠ ᠲᠤᠰᠬᠤᠨ ᠳᠤ ᠰᠠᠭᠤᠭ᠎ᠠ ᠺᠠᠳ᠋ᠷ ᠨᠡᠷ ᠬᠤᠷᠠᠯ ᠳᠤ | ᠤᠷᠤᠯᠴᠠᠵᠤ᠂ ᠵᠠᠰᠠᠭ ᠤᠨ ᠤᠷᠳᠤᠨ ᠤ ᠪᠠᠯᠭᠠᠰᠤᠨ ᠤ ᠲᠡᠳ᠋ ᠲᠠᠷᠤᠭ᠎ᠠ ᠰᠢᠶᠠᠩ ᠢ ᠹᠠᠨ ᠬᠤᠷᠠᠯ ᠡᠷᠬᠢᠯᠡᠵᠦ᠂ | ᠨᠠᠮ ᠤᠨ ᠬᠤᠷᠢᠶᠠᠨ ᠱᠦᠵᠢ ᠸᠠᠩ ᠸᠧᠨ ᠯᠦᠩ᠂ ᠪᠠᠯᠭᠠᠰᠤᠨ ᠤ ᠲᠠᠷᠤᠭ᠎ᠠ ᠠᠨ ᠫᠧᠩ ᠠᠴᠠ ᠶᠠᠳᠠᠭᠤ ᠠᠴᠠ | ᠠᠩᠬᠢᠵᠢᠷᠠᠭᠤᠯᠤᠨ ᠰᠢᠪᠳᠤᠯᠣᠯᠳᠠ ᠬᠢᠬᠦ᠂ ᠤᠷᠴᠢᠨ ᠲᠤᠭᠤᠷᠢᠨ ᠢ ᠬᠠᠮᠠᠭᠠᠯᠠᠬᠤ ᠱᠠᠭᠠᠷᠳᠠᠨ ᠪᠠᠶᠢᠴᠠᠭᠠᠯᠳᠠ ᠵᠢᠴᠢ | ᠤᠢ ᠰᠢᠭᠤᠢ ᠶᠢᠨ ᠭᠠᠯ ᠢ ᠰᠡᠷᠭᠡᠶᠢᠯᠡᠬᠦ ᠵᠡᠷᠭᠡ ᠪᠤᠳᠠᠳᠠᠢ ᠠᠵᠢᠯ ᠳᠤ ᠪᠠᠶᠢᠷᠢᠯᠠᠭᠤᠯᠣᠯᠳᠠ ᠬᠢᠪᠡ᠃ | ᠬᠤᠷᠠᠯ ᠳᠤ ᠶᠠᠭᠤᠨ ᠡᠮᠦᠨ᠎ᠡ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠤᠨ ᠰᠢᠪᠳᠤᠯᠣᠯᠳᠠ | ᠬᠢᠬᠦ ᠶᠢ ᠪᠠᠶᠢᠴᠠᠭᠠᠨ ᠰᠤᠳᠤᠯᠬᠤ ᠲᠤᠭᠤᠶᠢᠯᠠᠩ ᠠᠴᠠ ᠮᠠᠨ ᠤ ᠬᠤᠰᠢᠭᠤᠨ ᠳᠤ ᠠᠵᠢᠯ ᠪᠠᠶᠢᠴᠠᠭᠠᠵᠤ ᠬᠠᠷᠢᠭᠤ | ᠲᠤᠰᠬᠠᠭᠰᠠᠨ ᠪᠤᠳᠠᠳᠠᠢ ᠠᠰᠠᠭᠤᠳᠠᠯ ᠢ ᠨᠡᠶᠢᠳᠡᠯᠡᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠲᠤᠤᠱᠯᠠᠭᠤᠯᠬᠤ ᠠᠵᠢᠯ ᠤᠨ ᠪᠠᠶᠢᠷᠢᠯᠠᠭᠤᠯᠣᠯᠳᠠ ᠶᠢ ᠬᠢᠪᠡ᠃ | ᠬᠤᠷᠠᠯ ᠠᠴᠠ ᠤᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠤᠨ ᠰᠢᠪᠳᠤᠯᠣᠯᠳᠠ ᠬᠢᠬᠦ ᠠᠵᠢᠯ ᠢᠶᠠᠨ | ᠦᠷᠨᠢᠭᠦᠯᠦᠭᠰᠡᠨ ᠪᠠᠶᠢᠳᠠᠯ ᠢ ᠳ᠋ᠦᠩᠨᠡᠪᠠ᠂ ᠤᠳᠤᠬᠠᠨ ᠪᠤᠯᠳᠠᠯ᠎ᠠ ᠪᠦᠬᠦ ᠬᠤᠰᠢᠭᠤᠨ ᠤ ᠶᠠᠳᠠᠭᠤ ᠠᠴᠠ | ᠠᠩᠬᠢᠵᠢᠷᠠᠭᠤᠯᠤᠨ ᠰᠢᠪᠳᠤᠯᠣᠯᠳᠠ ᠬᠢᠬᠦ ᠡᠯ᠎ᠡ ᠵᠦᠢᠯ ᠤᠨ ᠠᠵᠢᠯ ᠢ ᠡᠷᠴᠢᠮᠳᠠᠢ ᠬᠢᠵᠦ᠂ ᠶᠠᠳᠠᠭᠤ ᠬᠦᠴᠢᠷᠳᠡᠢ | ᠡᠷᠦᠬᠡ ᠶᠢᠨ ᠬᠦᠳᠡᠯᠦᠩᠬᠦᠢ ᠲᠤᠬᠢᠷᠠᠭᠤᠯᠤᠯᠳᠠ ᠶᠢᠨ ᠠᠵᠢᠯ ᠢ ᠨᠢᠮᠪᠠᠢ ᠦᠷᠨᠢᠬᠦᠯᠪᠠ᠂ ᠡᠯ᠎ᠡ ᠲᠤᠰᠬᠤᠨ ᠳᠤ ᠰᠠᠭᠤᠭ᠎ᠠ | ᠠᠵᠢᠯᠯᠠᠬᠤ ᠠᠩᠬᠢ ᠨᠢ ᠠᠵᠢᠯ ᠤᠨ ᠰᠠᠬᠢᠯᠭ᠎ᠠ ᠪᠠᠳᠤ ᠪᠠᠨ ᠴᠢᠩᠭᠠᠳᠬᠠᠨ᠂ ᠡᠭᠦᠷᠭᠡ ᠲᠤᠰᠢᠶᠠᠯ ᠢᠶᠠᠨ ᠢᠳᠡᠪᠬᠢᠳᠡᠢ | ᠬᠦᠢᠴᠡᠳᠭᠡᠪᠡ᠃ ᠤᠶᠢᠷ᠎ᠠ ᠶᠢᠨ ᠬᠤᠭᠤᠴᠠᠭᠠᠨ ᠤ ᠬᠦᠳᠡᠯᠦᠩᠭᠦᠢ ᠬᠠᠮᠢᠶᠠᠷᠤᠯᠳᠠ ᠪᠠ ᠭᠤᠤᠯ ᠰᠡᠳᠦᠪᠳᠤ ᠬᠦᠮᠦᠵᠢᠯ | ᠵᠡᠷᠭᠡ ᠭᠤᠤᠯᠳᠠᠯᠭ᠎ᠠ ᠲᠠᠢ ᠠᠵᠢᠯ ᠲᠠᠢ ᠬᠠᠷᠭᠤᠭᠤᠯᠵᠤ᠂ ᠲᠤᠰᠬᠤᠨ ᠤ ︽ᠬᠤᠶᠠᠷ ᠵᠦᠪᠯᠡᠯ︾ ᠯᠤᠭ᠎ᠠ ᠡᠯ᠎ᠡ | ᠵᠦᠢᠯ ᠤᠨ ᠠᠵᠢᠯ ᠢ ᠡᠮᠬᠢ ᠲᠠᠷᠠᠭ᠎ᠠ ᠲᠠᠢ ᠦᠷᠨᠢᠬᠦᠯᠦᠨ᠂ ᠲᠤᠭᠳᠠᠭᠰᠠᠨ ᠬᠤᠭᠤᠴᠠᠭᠠᠨ ᠳᠤ ᠴᠢᠨᠡᠷ ᠪᠠ ᠬᠡᠮᠵᠢᠶ᠎ᠡ ᠶᠢ | ᠪᠠᠳᠤᠯᠠᠨ ᠪᠡᠶᠡᠯᠡᠬᠦᠯᠬᠦ ᠬᠡᠷᠡᠭᠳᠡᠢ ᠭᠡᠪᠡ᠃ | | | | | | | | | | | |