ᠵᠢᠨᠱᠠᠨ ᠪᠠᠯᠭᠠᠰᠤ᠂ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠬᠠᠮᠳᠤᠷᠠᠨ ︽ᠤᠭ ᠵᠤᠷᠢᠯᠳᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠵᠢᠴᠢ ︽ᠨᠠᠮ ᠤᠨ ᠬᠤᠯᠪᠤᠭᠠᠯᠠᠭᠰᠠᠨ ᠪᠠᠶᠢᠭᠤᠯᠤᠯᠳᠠ︾ ᠶᠢᠨ ᠭᠤᠤᠯ ᠰᠡᠳᠤᠪᠳᠦ ᠨᠠᠮ ᠤᠨ ᠡᠳᠦᠷ ᠤᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2019/11/25
︽ᠤᠭ ᠵᠤᠷᠢᠯᠳᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠰᠤᠷᠤᠯᠴᠠᠯᠭ᠎ᠠ ᠶᠢᠨ ᠠᠵᠢᠯ ᠰᠠᠶᠢᠳᠤᠷ ᠬᠢᠬᠦ ᠲᠦᠯᠦᠭᠡ᠂ 11 ᠰᠠᠷ᠎ᠠ ᠶᠢᠨ 12 ᠤ ᠡᠳᠦᠷ᠂ ᠵᠢᠨᠱᠠᠨ ᠪᠠᠯᠭᠠᠰᠤᠨ ᠤ ᠨᠠᠮ ᠤᠨ ᠠᠵᠢᠯ ᠤᠨ ᠵᠦᠪᠯᠡᠯ ᠪᠠ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠬᠤᠯᠪᠤᠭᠠᠯᠠᠨ ︽ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ ᠪᠠᠷ ᠲᠡᠮᠡᠴᠡᠬᠦ︾ ᠭᠤᠤᠯ ᠰᠡᠳᠤᠪᠳᠦ ᠨᠠᠮ ᠤᠨ ᠡᠳᠦᠷ ᠤᠨ ᠬᠦᠳᠡᠯᠭᠡᠭᠡᠨ ᠦᠷᠨᠢᠭᠦᠯᠪᠡ᠃ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ᠂ ᠤᠢ ᠰᠢᠭᠤᠢ ᠶᠢ ᠬᠠᠮᠠᠭᠠᠯᠠᠵᠤ ᠭᠠᠯ ᠢ ᠰᠡᠷᠭᠡᠶᠢᠯᠡᠬᠦ︾ ᠭᠤᠤᠯ ᠰᠡᠳᠤᠪ ᠤᠨ ᠲᠤᠭᠤᠷᠢᠨ ᠳᠤ ᠰᠢ ᠶᠢᠨ ᠫᠢᠩ ᠶᠠᠷᠦᠩᠭᠡᠢ ᠱᠦᠵᠢ ᠶᠢᠨ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠶᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠠᠮᠳᠤ ᠪᠠᠷ ᠢᠶᠠᠨ ᠰᠤᠷᠤᠯᠴᠠᠪᠠ᠃ᠲᠤᠰ ᠤᠳᠠᠭᠠᠨ ᠤ ᠬᠦᠳᠡᠯᠭᠡᠭᠡᠨ ᠢ ᠵᠢᠨᠱᠠᠨ ᠪᠠᠯᠭᠠᠰᠤᠨ ᠤ ᠯᠦᠩ ᠱᠠᠨ ᠲᠤᠰᠬᠤᠨ ᠳᠤ ᠡᠷᠬᠢᠯᠡᠵᠦ᠂ 50 ᠭᠠᠷᠤᠢ ᠬᠦᠮᠦᠨ ᠤᠷᠤᠯᠴᠠᠨ᠂ ᠤᠬᠠᠭᠤᠯᠭ᠎ᠠ ᠬᠢᠬᠦ 5 ᠲᠡᠷᠭᠡ ᠶᠢ ᠬᠦᠳᠡᠯᠭᠡᠪᠡ᠃ ᠬᠦᠳᠡᠯᠭᠡᠭᠡᠨ ᠳᠤ ᠤᠷᠤᠯᠴᠠᠭᠰᠠᠨ ᠬᠦᠮᠦᠰ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾᠂ ︽ᠤᠢ ᠰᠢᠭᠤᠢ ᠶᠢ ᠬᠠᠮᠠᠭᠠᠯᠠᠵᠤ ᠭᠠᠯ ᠢ ᠰᠡᠷᠭᠡᠶᠢᠯᠡᠬᠦ︾ ᠬᠦᠨᠳᠡᠯᠡᠨ ᠪᠢᠴᠢᠭᠡᠰᠦ ᠡᠷᠭᠦᠵᠦ ᠯᠦᠩ ᠱᠠᠨ ᠶᠡᠭᠡ ᠵᠡᠭᠡᠯᠢ ᠪᠠᠷ ᠤᠬᠠᠭᠤᠯᠭ᠎ᠠ ᠬᠢᠪᠡ᠃ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠬᠤ ᠨᠢ ᠲᠠᠷᠦᠢ ᠲᠡᠭᠦᠨ ᠤ ᠮᠦᠨ ᠴᠢᠨᠠᠷ ᠢ ᠰᠤᠷᠤᠯᠴᠠᠨ ᠤᠶᠢᠯᠠᠭᠠᠬᠤ ᠶᠠᠪᠤᠳᠠᠯ ᠮᠦᠨ᠂ ᠤᠭ ᠵᠤᠷᠢᠯᠳᠠ ᠪᠠᠨ ᠦᠯᠦ ᠮᠠᠷᠳᠠᠵᠦ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ᠦᠵᠡᠯ ᠰᠠᠨᠠᠭᠠᠨ ᠤ ᠰᠠᠭᠤᠷᠢ ᠪᠠᠨ ᠪᠠᠳᠤᠳᠬᠠᠵᠤ᠂ ᠰᠢᠷᠭᠠᠭᠤ ᠬᠠᠳᠠᠭᠤᠵᠢᠯᠳᠠᠢ ᠪᠠᠷ ᠦᠢᠯᠡᠰ ᠪᠦᠳᠦᠭᠡᠵᠦ᠂ ᠡᠷᠡᠯᠬᠡᠭᠯᠡᠨ ᠲᠡᠮᠡᠴᠡᠬᠦ ᠰᠢᠯᠢᠳᠡᠭ ᠰᠤᠷᠳᠠᠯ ᠢ ᠪᠠᠳᠠᠷᠠᠭᠤᠯᠵᠤ᠂ ᠪᠤᠬᠢᠷᠳᠤᠯ ᠦᠭᠡᠢ ᠬᠦᠭᠵᠢᠯᠳᠡ᠂ ᠠᠮᠢ ᠠᠬᠤᠢ ᠶᠢ ᠡᠩ ᠲᠡᠷᠢᠬᠦᠨ ᠳᠤ ᠪᠠᠶᠢᠯᠭᠠᠬᠤ ᠵᠦᠪ ᠤᠨᠤᠪᠴᠢᠳᠠᠢ ᠤᠶᠢᠯᠠᠭᠠᠭᠳᠠᠬᠤᠨ ᠢ ᠪᠠᠶᠢᠮᠳᠠᠯᠠᠬᠤ ᠶᠠᠪᠤᠳᠠᠯ ᠮᠦᠨ᠃ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠦᠨ᠂ ᠨᠠᠮ ᠤᠨ ᠠᠷᠪᠠ ᠶᠢᠰᠤᠳᠤᠭᠡᠷ ᠬᠤᠭᠤᠴᠭᠠᠨᠨ ᠤ ᠲᠦᠷᠪᠡᠳᠦᠭᠡᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠪᠤᠳᠠᠳᠤ ᠠᠵᠢᠯᠯᠠᠭ᠎ᠠ ᠪᠠᠷ ᠬᠦᠬᠡ ᠠᠭᠤᠯᠠ ᠬᠦᠬᠡᠮᠳᠦᠭ ᠤᠰᠤ ᠪᠤᠯ ᠠᠯᠳᠠ ᠮᠦᠩᠭᠦᠨ ᠠᠭᠤᠯᠠ ᠭᠡᠳᠡᠭ ᠬᠦᠭᠵᠢᠯᠳᠡ ᠶᠢᠨ ᠤᠶᠢᠯᠠᠭᠠᠭᠳᠠᠬᠤᠨ ᠢ ᠲᠠᠶᠢᠯᠪᠤᠷᠢᠯᠠᠨ᠎ᠠ᠃ ︽ᠬᠦᠬᠡ ᠲᠡᠭᠷᠢ ᠶᠢᠨ ᠲᠤᠤᠷ᠎ᠠ᠂ ᠬᠦᠷᠦᠰᠦᠳᠦ ᠲᠡᠯᠡᠭᠡᠢ ᠶᠢᠨ ᠲᠡᠭᠡᠷ᠎ᠡ᠂ ᠦᠰᠦ ᠬᠡᠵᠢᠭᠡ ᠴᠠᠶᠢᠳᠠᠯ᠎ᠠ ᠪᠠᠨ ᠠᠵᠢᠯᠯᠠᠵᠤ᠂ ᠬᠦᠳᠡᠭᠡ ᠬᠡᠭᠡᠷ᠎ᠡ ᠪᠠᠨ ᠠᠳᠠᠷ ᠤᠩᠭᠤᠨ ᠢᠶᠠᠷ ᠨᠢ ᠪᠠᠶᠢᠯᠭᠠᠨ᠎ᠠ︾᠃ ᠭᠤᠤᠯ ᠰᠡᠳᠤᠪᠳᠦ ᠨᠠᠮ ᠤᠨ ᠡᠳᠦᠷ ᠤᠨ ᠠᠵᠢᠯᠯᠠᠭ᠎ᠠ ᠲᠤᠮᠳᠠ᠂ ᠬᠦᠳᠡᠯᠭᠡᠭᠡᠨ ᠳᠤ ᠤᠷᠤᠯᠴᠠᠭᠰᠠᠨ ᠬᠦᠮᠦᠰ ᠡᠮᠡᠬᠡᠯ ᠠᠭᠤᠯᠠ ᠤᠢ ᠰᠢᠭᠤᠢ ᠲᠠᠯᠠᠪᠠᠢ ᠪᠠᠶᠢᠭᠤᠯᠤᠭᠳᠠᠭᠰᠠᠨ 57 ᠵᠢᠯ ᠤᠨ ᠲᠤᠷᠰᠢᠬᠢ ᠪᠠᠷᠢᠮᠳᠠᠯᠠᠭᠰᠠᠭᠠᠷ ᠢᠷᠡᠭᠰᠡᠨ ᠪᠤᠶᠤ ᠦᠭᠡᠷᠡᠴᠢᠯᠡᠯᠳᠡ ᠬᠢᠵᠦ ᠰᠢᠨ᠎ᠡ ᠡᠭᠦᠳᠦᠭᠰᠡᠨ ᠬᠦᠭᠵᠢᠯᠳᠡ ᠶᠢᠨ ᠶᠠᠪᠤᠴᠠ ᠶᠢ ᠤᠶᠢᠯᠠᠭᠠᠨ ᠰᠤᠷᠤᠯᠴᠠᠵᠤ᠂ ᠡᠮᠡᠭᠡᠯ ᠠᠭᠤᠯᠠ ᠶᠢᠨ ᠢᠷᠡᠭᠡᠳᠦᠢ ᠶᠢᠨ ᠬᠦᠭᠵᠢᠯᠳᠡ ᠪᠠ ᠠᠮᠢ ᠠᠬᠤᠢ ᠶᠢᠨ ᠪᠤᠯᠪᠠᠰᠤᠨ ᠤ ᠲᠤᠬᠠᠢ ᠢᠳᠡᠭᠡᠯ ᠬᠦᠰᠡᠯ ᠲᠦᠭᠦᠷᠡᠩ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号