︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ | ᠰᠡᠳᠦᠪᠳᠤ ᠬᠦᠮᠦᠵᠢᠯ ᠤᠨ ᠬᠦᠳᠡᠯᠭᠡᠭᠡᠨ ᠡᠬᠢᠯᠡᠭᠰᠡᠨ ᠠᠴᠠ ᠨᠠᠰᠢ᠂ ᠨᠠᠷᠢᠨ ᠪᠠᠯᠭᠠᠰᠤ ᠨᠢ ᠭᠤᠤᠯ ᠰᠡᠳᠦᠪᠳᠤ | ᠬᠦᠮᠦᠵᠢᠯ ᠢ ᠤᠯᠤᠰ ᠲᠦᠷᠦ ᠶᠢᠨ ᠴᠢᠬᠤᠯᠠ ᠨᠢᠭᠡᠨ ᠡᠭᠦᠷᠭᠡ ᠪᠤᠯᠭᠠᠵᠤ᠂ ︽ᠲᠦᠷᠪᠡᠨ ᠤᠬᠠᠮᠰᠠᠷ︾ ᠢᠶᠠᠨ | ᠪᠠᠳᠤᠳᠬᠠᠵᠤ᠂ ︽ᠲᠦᠷᠪᠡᠨ ᠢᠳᠡᠭᠡᠯ︾ ᠢᠶᠠᠨ ᠴᠢᠩᠭᠠᠳᠬᠠᠨ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠦᠨ᠂ | ︽ᠱᠠᠳᠤ ᠦᠶ᠎ᠡ ᠬᠤᠪᠢᠶᠠᠬᠤ ᠦᠭᠡᠢ᠂ ᠵᠠᠩᠬᠢᠯᠠᠭ᠎ᠠ ᠭᠤᠭᠴᠤᠭ᠎ᠠ ᠬᠤᠪᠢᠶᠠᠬᠤ ᠦᠭᠡᠢ᠂ ᠰᠤᠷᠤᠯᠴᠠᠯᠭ᠎ᠠ ᠬᠦᠮᠦᠵᠢᠯ᠂ | ᠪᠠᠶᠢᠴᠠᠭᠠᠨ ᠰᠤᠳᠤᠯᠤᠯᠳᠠ᠂ ᠠᠰᠠᠭᠤᠳᠠᠯ ᠢ ᠬᠢᠨᠠᠬᠤ᠂ ᠴᠡᠭᠴᠡᠯᠡᠨ ᠲᠤᠤᠱᠯᠠᠭᠤᠯᠬᠤ︾ ᠶᠢ ᠪᠦᠬᠦ ᠶᠠᠪᠤᠴᠠ ᠶᠢᠨ | ᠶᠡᠷᠦᠩᠬᠡᠢ ᠱᠠᠭᠠᠷᠳᠠᠯᠭ᠎ᠠ ᠳᠤ ᠨᠠᠶᠢᠳᠠᠪᠤᠷᠢᠵᠢᠭᠤᠯᠵᠤ᠂ ᠭᠤᠤᠯ ᠰᠡᠳᠦᠪᠳᠤ ᠬᠦᠮᠦᠵᠢᠯ ᠢ ᠪᠠᠳᠤᠳᠠᠢ ᠦᠷᠨᠢᠬᠦᠯᠵᠦ᠂ ︽ | ᠤᠨᠤᠯ ᠤᠨ ᠰᠤᠷᠤᠯᠴᠠᠯᠭ᠎ᠠ ᠨᠢ ᠤᠯᠤᠯᠳᠠ ᠲᠠᠢ᠂ ᠦᠵᠡᠯ ᠰᠠᠨᠠᠭ᠎ᠠ ᠤᠯᠤᠰ ᠲᠦᠷᠦ ᠲᠡᠭᠡᠷ᠎ᠡ ᠪᠠᠨ ᠤᠬᠢᠶᠠᠯ | ᠬᠦᠷᠳᠡᠭᠰᠡᠨ᠂ ᠠᠵᠢᠯ ᠬᠢᠵᠦ ᠦᠢᠯᠡᠰ ᠪᠦᠳᠦᠭᠡᠬᠦ ᠳᠤ ᠪᠠᠨ ᠬᠠᠷᠢᠭᠤᠴᠠᠯᠭ᠎ᠠ ᠲᠠᠢ᠂ ᠠᠷᠠᠳ ᠲᠦᠮᠡᠨ ᠤ ᠬᠦᠴᠢᠷ | ᠠᠰᠠᠭᠤᠳᠠᠯ ᠢ ᠨᠢ ᠰᠢᠢᠳᠪᠦᠷᠢᠯᠡᠨ ᠦᠭᠴᠦ᠂ ᠠᠷᠢᠭᠤᠨ ᠴᠢᠭᠡᠴᠢ ᠵᠠᠰᠠᠭ ᠪᠠᠷᠢᠬᠤ ᠵᠢᠱᠢᠶᠡᠴᠢ ᠪᠤᠯᠬᠤ︾ ᠬᠠᠷᠠᠯᠳᠠ | ᠡᠭᠦᠷᠭᠡ ᠶᠢ ᠴᠢᠷᠮᠠᠶᠢᠨ ᠪᠡᠶᠡᠯᠡᠭᠦᠯᠵᠦ ᠪᠠᠶᠢᠨ᠎ᠠ᠃ | ᠰᠤᠷᠤᠯᠴᠠᠯᠭ᠎ᠠ ᠬᠦᠮᠦᠵᠢᠯ ᠢ ᠲᠤᠤᠱᠳᠠᠢ ᠲᠤᠤᠱᠯᠠᠭᠤᠯᠵᠤ ᠪᠠᠶᠢᠨ᠎ᠠ᠃ ︽ᠰᠤᠷᠤᠯᠴᠠᠯᠭ᠎ᠠ︾ ᠶᠢᠨ ᠰᠠᠭᠤᠷᠢ ᠶᠢ | ᠰᠠᠶᠢᠳᠤᠷ ᠠᠳᠬᠤᠬᠤ ᠶᠢᠨ ᠲᠦᠯᠦᠭᠡ᠂ ᠨᠠᠷᠢᠨ ᠪᠠᠯᠭᠠᠰᠤ ᠨᠢ ︽ᠤᠳᠤᠷᠢᠳᠬᠤ ᠺᠠᠳ᠋ᠷ ᠲᠤᠯᠤᠭᠠᠶᠢᠯᠠᠨ ᠭᠦᠨᠵᠡᠭᠡᠢ | ᠰᠤᠷᠤᠯᠴᠠᠵᠤ᠂ ᠨᠠᠮ ᠤᠨ ᠬᠡᠰᠢᠭᠦᠳ ᠢ ᠵᠤᠬᠢᠶᠠᠨ ᠪᠠᠶᠢᠭᠤᠯᠵᠤ ᠰᠢᠰᠲ᠋ᠧᠮ ᠲᠠᠢ ᠰᠤᠷᠤᠯᠴᠠᠵᠤ᠂ ᠬᠡᠯᠪᠡᠷᠢ ᠮᠠᠶ᠋ᠢᠭ ᠢ | ᠪᠠᠶᠠᠯᠢᠭᠵᠢᠭᠤᠯᠵᠤ ᠤᠯᠠᠨ ᠶᠠᠩᠵᠤ ᠪᠠᠷ ᠰᠤᠷᠤᠯᠴᠠᠬᠤ᠂ ᠦᠷ᠎ᠡ ᠪᠦᠳᠦᠮᠵᠢ ᠶᠢ ᠭᠦᠨᠵᠡᠭᠡᠶᠢᠷᠡᠭᠦᠯᠵᠦ ᠰᠤᠯᠢᠯᠴᠠᠨ | ᠰᠤᠷᠤᠯᠴᠠᠬᠤ᠂ ᠨᠤᠮ ᠤᠩᠰᠢᠬᠤ ᠠᠩᠬᠢ ᠡᠷᠬᠢᠯᠡᠵᠦ ᠵᠢᠯᠤᠭᠤᠳᠤᠨ ᠰᠤᠷᠤᠯᠴᠠᠬᠤ︾ ᠵᠡᠷᠭᠡ ᠠᠷᠭ᠎ᠠ ᠠᠪᠴᠤ᠂ ︽ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠬᠤ ᠬᠦᠳᠦᠯᠪᠦᠷᠢ︾ ︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ | ᠪᠠᠨ ᠪᠠᠳᠤ ᠴᠡᠭᠡᠵᠢᠯᠡᠬᠦ ᠭᠤᠤᠯ ᠰᠡᠳᠦᠪᠳᠤ ᠬᠦᠮᠦᠵᠢᠯ ᠤᠨ ᠦᠭᠦᠯᠡᠮᠵᠢ ᠶᠢᠨ ᠲᠤᠪᠴᠢ︾ ︽ᠨᠠᠮ ᠤᠨ ᠲᠦᠷᠢᠮ︾᠂ | ᠵᠤᠷᠪᠤᠰ᠂ ᠠᠷᠢᠭᠤᠨ ᠴᠢᠭᠡᠴᠢ ᠰᠤᠶᠤᠯ᠂ ᠴᠠᠭ ᠦᠶ᠎ᠡ ᠶᠢᠨ ᠤᠯᠤᠰ ᠲᠦᠷᠦ᠂ ᠨᠠᠮ ᠤᠨ ᠲᠡᠦᠬᠡ ᠤᠯᠤᠰ ᠤᠨ ᠲᠡᠦᠬᠡ | ᠵᠡᠷᠭᠡ ᠠᠭᠤᠯᠭ᠎ᠠ ᠶᠢ ᠰᠢᠰᠲ᠋ᠧᠮ ᠲᠠᠢ ᠰᠤᠷᠤᠯᠴᠠᠪᠠ᠃ ᠤᠳᠤᠬᠠᠨ ᠪᠤᠯᠳᠠᠯ᠎ᠠ᠂ ᠪᠠᠯᠭᠠᠰᠤᠨ ᠤ ᠤᠳᠤᠷᠢᠳᠬᠤ ᠪᠠᠭ ᠪᠠ | ᠨᠠᠮ ᠤᠨ ᠡᠭᠦᠷ ᠤᠨ ᠵᠤᠬᠢᠶᠠᠨ ᠪᠠᠶᠢᠭᠤᠯᠤᠯᠳᠠ ᠨᠢ ᠡᠯ᠎ᠡ ᠵᠦᠢᠯ ᠤᠨ ᠰᠤᠷᠤᠯᠴᠠᠯᠭ᠎ᠠ ᠶᠢ 20 ᠭᠠᠷᠤᠢ ᠵᠤᠬᠢᠶᠠᠨ | ᠪᠠᠶᠢᠭᠤᠯᠵᠤ᠂ ᠨᠠᠮ ᠤᠨ ᠬᠡᠰᠢᠭᠦᠨ ᠺᠠᠳ᠋ᠷ ᠢ 1000 ᠭᠠᠷᠤᠢ ᠬᠦᠮᠦᠨ ᠤᠳᠠᠭ᠎ᠠ ᠬᠦᠮᠦᠵᠢᠯ ᠪᠤᠯᠪᠠᠰᠤᠷᠠᠯ ᠬᠢᠯᠭᠡᠪᠡ᠂ | ᠲᠤᠰᠬᠠᠢ ᠰᠡᠳᠤᠪᠳᠦ ᠰᠠᠭᠤᠳᠠᠯ ᠤᠨ ᠬᠤᠷᠠᠯ ᠢ 2 ᠤᠳᠠᠭ᠎ᠠ ᠬᠤᠷᠠᠯᠳᠤᠭᠤᠯᠵᠤ᠂ ᠭᠤᠤᠯ ᠰᠡᠳᠤᠪᠳᠦ ᠨᠠᠮ ᠤᠨ | ᠡᠳᠦᠷ ᠤᠨ ᠠᠵᠢᠯᠯᠠᠭ᠎ᠠ ᠶᠢ 3 ᠤᠳᠠᠭ᠎ᠠ ᠦᠷᠨᠢᠭᠦᠯᠪᠠ᠂ ᠨᠠᠮ ᠤᠨ ᠬᠡᠰᠢᠭᠦᠳ ᠢ ᠵᠤᠬᠢᠶᠠᠨ ᠪᠠᠶᠢᠭᠤᠯᠵᠤ ︽ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ᠂ ᠤᠭ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ | ᠭᠤᠤᠯ ᠰᠡᠳᠦᠪᠳᠤ ᠨᠠᠮ ᠤᠨ ᠡᠳᠦᠷ ᠤᠨ ᠠᠵᠢᠯᠯᠠᠭ᠎ᠠ ᠪᠠᠷ ᠯᠢᠶᠤᠤ ᠱᠧᠨ ᠤ ᠲᠠᠶᠢᠯᠠᠯᠳᠤᠭᠠᠨ ᠤ ᠲᠤᠷᠠᠰᠬᠠᠯ ᠤᠨ | ᠤᠷᠳᠤᠨ ᠳᠤ ᠬᠦᠷᠴᠦ 1 ᠤᠳᠠᠭ᠎ᠠ ᠲᠤᠭᠤᠷᠢᠨ ᠰᠤᠷᠤᠯᠴᠠᠵᠤ᠂ ᠤᠳᠤᠷᠢᠳᠬᠤ ᠪᠠᠭ ᠢ ᠲᠦᠪᠯᠡᠷᠡᠬᠦᠯᠦᠨ 2 ᠤᠳᠠᠭ᠎ᠠ | ᠰᠤᠳᠤᠯᠤᠨ ᠰᠤᠯᠢᠯᠴᠠᠵᠤ᠂ ᠡᠭᠦᠷ ᠤᠨ ᠱᠦᠵᠢ ᠠᠴᠠ ᠨᠠᠮ ᠤᠨ ᠬᠢᠴᠢᠶᠡᠯ ᠢ 16 ᠤᠳᠠᠭ᠎ᠠ ᠲᠠᠶᠢᠯᠤᠮᠵᠢ ᠬᠢᠪᠡ᠃ | ᠡᠭᠦᠨ ᠤ ᠬᠠᠮᠳᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ︽ᠬᠠᠷᠠᠴᠢᠨ ᠤ ᠨᠠᠮ ᠤᠨ ᠪᠠᠶᠢᠭᠤᠯᠣᠯᠳᠠ︾ ︽ | ᠤᠯᠠᠭᠠᠨᠬᠳᠠ ᠶᠢᠨ ᠬᠠᠰ ᠯᠤᠤ ᠬᠤᠰᠢᠭᠤᠴᠢ︾ ᠵᠡᠷᠭᠡ ᠲᠠᠪᠴᠠᠩ ᠢᠶᠠᠷ ᠰᠢ ᠶᠢᠨ ᠫᠢᠩ ᠤᠨ ᠡᠯ᠎ᠡ ᠵᠦᠢᠯ ᠤᠨ | ᠶᠠᠷᠢᠶ᠎ᠠ ᠶᠢᠨ ᠵᠤᠷᠢᠭ ᠰᠠᠨᠠᠭ᠎ᠠ ᠶᠢ ᠮᠦᠷᠳᠡᠨ ᠰᠤᠷᠤᠯᠴᠠᠵᠤ᠂ ᠦᠵᠡᠯ ᠰᠠᠨᠠᠭᠠᠨ ᠲᠡᠭᠡᠷ᠎ᠡ ︽ᠬᠢᠴᠢᠶᠡᠯ︾ ᠨᠦᠬᠦᠵᠦ᠂ | ᠵᠤᠷᠢᠭ ᠰᠠᠨᠠᠭᠠᠨ ᠲᠡᠭᠡᠷ᠎ᠡ ᠪᠠᠨ ︽ᠰᠢᠮ᠎ᠡ ᠲᠡᠵᠢᠭᠡᠯ︾ ᠨᠦᠬᠦᠨ᠂ ᠨᠠᠮ ᠤᠨ ᠬᠡᠰᠢᠭᠦᠳ ᠤᠨ ᠰᠤᠷᠤᠯᠴᠠᠯᠭ᠎ᠠ ᠪᠠᠷ | ᠠᠵᠢᠯᠯᠠᠭ᠎ᠠ ᠪᠠᠨ ᠠᠬᠢᠭᠤᠯᠬᠤ ᠦᠨᠳᠦᠰᠦᠨ ᠴᠢᠳᠡᠪᠬᠢ ᠪᠠ ᠠᠵᠢᠯᠯᠠᠭ᠎ᠠ ᠶᠢᠨ ᠤᠬᠠᠮᠰᠠᠷ ᠢ ᠲᠡᠰ ᠲᠠᠪᠰᠢᠭᠤᠯᠪᠠ᠃ | ᠪᠠᠶᠢᠴᠠᠭᠠᠨ ᠰᠤᠳᠤᠯᠤᠯᠳᠠ ᠶᠢ ᠲᠤᠤᠱᠳᠠᠢ ᠲᠤᠤᠱᠯᠠᠭᠤᠯᠬᠤ ᠶᠢ ᠪᠠᠷᠢᠮᠳᠠᠯᠠᠪᠠ᠃ ᠤᠨᠤᠯ ᠤᠨ ᠰᠤᠷᠤᠯᠴᠠᠯᠭ᠎ᠠ ᠶᠢ | ᠴᠢᠩᠭᠠᠳᠬᠠᠬᠤ ᠶᠢᠨ ᠬᠠᠮᠳᠤ᠂ ᠨᠠᠷᠢᠨ ᠪᠠᠯᠭᠠᠰᠤ ᠨᠢ ᠰᠤᠷᠤᠯᠴᠠᠯᠭ᠎ᠠ ᠪᠠ ᠠᠵᠢᠯᠯᠠᠬᠤ ᠶᠢ ᠤᠶᠠᠯᠳᠤᠭᠤᠯᠵᠤ᠂ | ᠰᠤᠷᠤᠯᠴᠠᠯᠭ᠎ᠠ ᠪᠠᠷ ᠠᠵᠢᠯᠯᠠᠭ᠎ᠠ ᠪᠠᠨ ᠠᠬᠢᠭᠤᠯᠵᠤ᠂ ︽ᠠᠰᠠᠭᠤᠳᠠᠯ ᠲᠡᠰᠢ ᠤᠴᠢᠬᠤ᠂ ᠬᠦᠴᠢᠷ ᠲᠡᠰᠢ ᠤᠴᠢᠬᠤ᠂ | ᠲᠤᠤᠱᠯᠠᠭᠤᠯᠬᠤ ᠲᠡᠰᠢ ᠤᠴᠢᠬᠤ᠂ ᠦᠢᠯᠡᠴᠢᠯᠡᠬᠦ ᠲᠡᠰᠢ ᠤᠴᠢᠬᠤ︾ ᠵᠤᠷᠢᠯᠳᠠ ᠶᠢ ᠠᠳᠬᠤᠵᠤ᠂ ᠪᠠᠶᠢᠴᠠᠭᠠᠨ | ᠰᠤᠳᠤᠯᠤᠯᠳᠠ ᠶᠢ ᠭᠦᠨᠵᠡᠭᠡᠢ ᠦᠷᠨᠢᠬᠦᠯᠵᠦ᠂ ᠪᠠᠯᠭᠠᠰᠤᠨ ᠤ ᠤᠳᠤᠷᠢᠳᠬᠤ ᠪᠠᠭ ᠤᠨ ᠬᠡᠰᠢᠭᠦᠳ ᠨᠢ | ᠲᠠᠭᠠᠭᠠᠴᠢᠯᠠᠭᠰᠠᠨ ᠲᠤᠰᠬᠤᠨ ᠳᠤ ᠪᠠᠨ ᠪᠠᠭᠤᠵᠤ ︽ᠴᠢᠭ᠋ ᠳᠤ ᠪᠠᠭᠤᠵᠤ ᠪᠠᠶᠢᠴᠠᠭᠠᠨ ᠰᠤᠳᠤᠯᠬᠤ + ᠰᠠᠭᠤᠳᠠᠯ ᠤᠨ | ᠬᠤᠷᠠᠯ ᠬᠢᠵᠦ ᠪᠠᠶᠢᠴᠠᠭᠠᠨ ᠰᠤᠳᠤᠯᠬᠤ + ᠰᠤᠷᠪᠤᠯᠵᠢᠯᠠᠯ ᠬᠢᠵᠦ ᠪᠠᠶᠢᠴᠠᠭᠠᠨ ᠰᠤᠳᠤᠯᠬᠤ︾ ᠵᠡᠷᠭᠡ ᠤᠯᠠᠨ | ᠵᠦᠢᠯ ᠤᠨ ᠠᠷᠭ᠎ᠠ ᠬᠡᠮᠵᠢᠶ᠎ᠡ ᠠᠪᠴᠦ᠂ ᠪᠠᠶᠢᠴᠠᠭᠠᠨ ᠰᠤᠳᠤᠯᠬᠤ ᠠᠵᠢᠯ ᠲᠤᠮᠳᠠ ᠪᠠᠨ ᠲᠤᠷᠠᠳᠤᠭᠰᠠᠨ ︽4 ᠶᠢ | ᠭᠤᠤᠯᠳᠠᠭᠤᠯᠬᠤ︾ ᠱᠠᠭᠠᠷᠳᠠᠯᠭ᠎ᠠ ᠶᠤᠰᠤᠭᠠᠷ᠂ ᠰᠤᠳᠤᠯᠭᠠᠨ ᠤ ᠰᠡᠳᠦᠪ ᠢᠶᠠᠨ ᠤᠨᠤᠴᠢᠳᠠᠢ ᠪᠤᠯᠭᠠᠵᠤ᠂ ᠦᠨᠳᠦᠰᠦᠨ | ᠱᠠᠳᠤᠨ ᠳᠤ ᠭᠦᠨᠵᠡᠭᠡᠶᠢᠷᠡᠨ᠂ ᠨᠡᠶᠢᠭᠡᠮ ᠲᠤᠭᠤᠷᠢᠭ ᠲᠤ ᠭᠦᠨᠵᠡᠭᠡᠶᠢᠷᠡᠨ᠂ ᠬᠤᠶᠠᠷ ᠰᠢᠨ᠎ᠡ ᠵᠤᠬᠢᠶᠠᠨ | ᠪᠠᠶᠢᠭᠤᠯᠤᠯᠳᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠳᠠ ᠪᠠᠨ ᠦᠷᠨᠢᠭᠦᠯᠪᠡ᠃ ᠪᠤᠳᠠᠳᠠᠢ ᠠᠵᠢᠯ ᠲᠤᠮᠳᠠ ᠪᠠᠨ᠂ | ᠪᠠᠶᠢᠴᠠᠭᠠᠨ ᠰᠤᠳᠤᠯᠤᠯᠳᠠ ᠪᠠ ᠡᠷᠬᠢᠯᠡᠭᠰᠡᠨ ᠠᠵᠢᠯ ᠲᠠᠢ ᠪᠠᠨ ᠤᠶᠠᠯᠳᠤᠭᠤᠯᠵᠤ᠂ ᠠᠵᠢᠯ ᠤᠨ ᠲᠤᠮᠳᠠᠬᠢ | ᠭᠤᠤᠯᠳᠠᠯᠭ᠎ᠠ᠂ ᠲᠦᠪᠡᠭᠳᠡᠯ᠂ ᠤᠯᠠᠨ ᠲᠦᠮᠡᠨ ᠤ ᠰᠡᠳᠬᠢᠯ ᠲᠠᠯᠪᠢᠳᠠᠭ ᠬᠠᠯᠠᠮᠰᠢᠯ ᠠᠰᠠᠭᠤᠳᠠᠯ᠂ ᠬᠦᠴᠢᠷ ᠲᠠᠢ | ᠠᠰᠠᠭᠤᠳᠠᠯ ᠤᠨ ᠲᠤᠭᠤᠷᠢᠨ ᠳᠤ ᠰᠤᠳᠤᠯᠤᠯᠳᠠ ᠬᠢᠵᠦ᠂ ᠠᠩᠬᠠᠳᠠᠭᠴᠢ ᠮᠠᠲ᠋ᠧᠷᠢᠶᠠᠯ ᠡᠵᠡᠮᠰᠢᠬᠦ ᠶᠢ ᠪᠠᠳᠤᠯᠠᠵᠤ᠂ | ᠡᠮᠦᠨ᠎ᠡ ᠹᠷᠠᠳᠲ ᠤᠨ ᠪᠠᠶᠢᠳᠠᠯ ᠢ ᠤᠶᠢᠯᠠᠭᠠᠵᠦ᠂ ᠠᠰᠠᠭᠤᠳᠠᠯ ᠤᠨ ᠬᠡᠮ ᠢ ᠵᠦᠪ ᠡᠷᠢᠵᠦ᠂ ᠠᠰᠠᠭᠤᠳᠠᠯ ᠢ | ᠰᠢᠢᠳᠪᠦᠷᠢᠯᠡᠬᠦ ᠠᠷᠭ᠎ᠠ ᠶᠢ ᠡᠮᠬᠢᠯᠡᠨ᠂ ᠪᠠᠶᠢᠴᠠᠭᠠᠨ ᠰᠤᠳᠤᠯᠤᠯᠳᠠ ᠶᠢᠨ ᠦᠷ᠎ᠡ ᠪᠦᠳᠦᠭᠡᠯ ᠢᠶᠠᠷ ᠠᠰᠠᠭᠤᠳᠠᠯ ᠢ | ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ᠂ ᠲᠤᠤᠱᠯᠠᠭᠤᠯᠬᠤ ᠶᠢ ᠠᠬᠢᠭᠤᠯᠬᠤ ᠪᠤᠳᠠᠳᠠᠢ ᠠᠵᠢᠯᠯᠠᠭ᠎ᠠ ᠪᠤᠯᠭᠠᠨ | ᠬᠤᠪᠢᠷᠠᠭᠠᠵᠤ᠂ ᠪᠠᠶᠢᠴᠠᠭᠠᠨ ᠰᠤᠳᠤᠯᠤᠯᠳᠠ ᠶᠢᠨ ᠴᠢᠨᠡᠷ ᠴᠢᠨᠰᠠᠭ᠎ᠠ ᠪᠠᠷ ᠭᠤᠤᠯ ᠰᠡᠳᠤᠪᠳᠦ ᠬᠦᠮᠦᠵᠢᠯ ᠤᠨ ᠦᠷ᠎ᠡ | ᠪᠦᠳᠦᠭᠡᠯ ᠢ ᠰᠢᠯᠭᠠᠵᠤ᠂ ᠦᠨᠡᠨᠬᠦ ᠠᠩᠬᠠᠳᠠᠭᠴᠢ ᠮᠠᠲ᠋ᠧᠷᠢᠶᠠᠯ ᠢ ᠡᠵᠡᠮᠰᠢᠨ᠂ ᠨᠢᠭᠡ ᠪᠦᠯᠦᠭ ᠠᠰᠠᠭᠤᠳᠠᠯ ᠢ | ᠰᠢᠢᠳᠪᠦᠷᠢᠯᠡᠨ᠂ ᠵᠦᠪ ᠵᠠᠮ ᠢ ᠤᠨᠤᠴᠢᠳᠠᠢ ᠡᠷᠢᠵᠦ᠂ ᠵᠠᠩᠬᠢᠯᠠᠭ᠎ᠠ ᠶᠢ ᠨᠡᠪᠳᠡᠷᠡᠭᠦᠯᠵᠦ ᠴᠢᠳᠠᠭᠰᠠᠨ ᠪᠠᠶᠢᠨ᠎ᠠ᠃ | ᠤᠳᠤᠬᠠᠨ ᠪᠤᠯᠳᠠᠯ᠎ᠠ᠂ 3 ᠤᠳᠠᠭ᠎ᠠ ᠬᠦᠳᠡᠭᠡ ᠪᠠᠭᠤᠵᠤ ᠪᠠᠶᠢᠴᠠᠭᠠᠯᠳᠠ ᠬᠢᠵᠦ᠂ 14 ᠤᠳᠠᠭ᠎ᠠ ᠰᠠᠭᠤᠳᠠᠯ ᠤᠨ | ᠬᠤᠷᠠᠯ ᠬᠢᠵᠦ᠂ ᠵᠠᠭᠤ ᠭᠠᠷᠤᠢ ᠡᠷᠦᠬᠡ ᠶᠢ ᠰᠤᠷᠪᠤᠯᠵᠢᠯᠠᠨ ᠪᠠᠶᠢᠴᠠᠭᠠᠵᠤ᠂ ᠦᠨ᠎ᠡ ᠦᠷᠳᠡᠭ ᠲᠠᠢ᠂ ᠯᠠᠪᠯᠠᠨ ᠦᠵᠡᠬᠦ | ᠂ ᠠᠰᠢᠭᠯᠠᠵᠤ ᠪᠤᠯᠬᠤᠶᠢᠴᠠ ᠪᠠᠶᠢᠴᠠᠭᠠᠯᠳᠠ ᠶᠢᠨ ᠮᠡᠳᠡᠭᠦᠯᠦᠯᠳᠡ ᠶᠢ 8 ᠬᠤᠪᠢ ᠨᠠᠶᠢᠷᠠᠭᠤᠯᠪᠠ᠃ | ᠠᠰᠠᠭᠤᠳᠠᠯ ᠢ ᠰᠢᠨᠵᠢᠨ ᠪᠠᠶᠢᠴᠠᠭᠠᠬᠤ ᠶᠢ ᠲᠤᠤᠱᠳᠠᠢ ᠲᠤᠤᠱᠯᠠᠭᠤᠯᠬᠤ ᠶᠢ ᠪᠠᠷᠢᠮᠳᠠᠯᠠᠪᠠ᠃ ᠨᠠᠷᠢᠨ ᠪᠠᠯᠭᠠᠰᠤ ᠨᠢ ︽ | ᠠᠰᠠᠭᠤᠳᠠᠯ ᠢ ᠰᠢᠨᠵᠢᠨ ᠪᠠᠶᠢᠴᠠᠭᠠᠬᠤ︾ ᠶᠢ ᠭᠤᠤᠯ ᠰᠡᠳᠦᠪᠳᠤ ᠬᠦᠮᠦᠵᠢᠯ ᠳᠤ ᠲᠤᠤᠱᠳᠠᠢ ᠲᠤᠤᠱᠯᠠᠭᠤᠯᠬᠤ ᠶᠢ | ᠪᠠᠷᠢᠮᠳᠠᠯᠠᠵᠤ᠂ ᠠᠰᠠᠭᠤᠳᠠᠯ ᠢ ᠰᠢᠨᠵᠢᠨ ᠪᠠᠶᠢᠴᠠᠭᠠᠬᠤ ᠪᠠᠷ ᠠᠷᠭ᠎ᠠ ᠪᠠᠷᠢᠯ ᠪᠤᠯᠭᠠᠵᠤ᠂ ᠠᠰᠠᠭᠤᠳᠠᠯ ᠢ ᠰᠢᠢᠳᠪᠦᠷᠢᠯᠡᠬᠦ | ᠪᠠᠷ ᠬᠠᠷᠠᠯᠳᠠ ᠪᠤᠯᠭᠠᠨ᠂ ᠠᠰᠠᠭᠤᠳᠠᠯ ᠢ ᠰᠢᠢᠳᠪᠦᠷᠢᠯᠡᠭᠰᠡᠨ ᠡᠰᠡᠬᠦ ᠪᠠᠷ ᠭᠤᠤᠯ ᠰᠡᠳᠦᠪᠳᠤ ᠬᠦᠮᠦᠵᠢᠯ ᠤᠨ ᠦᠷ᠎ᠡ | ᠪᠦᠳᠦᠭᠡᠯ ᠢ ᠰᠢᠯᠭᠠᠪᠠ᠃ ᠪᠤᠳᠠᠳᠠᠢ ᠦᠢᠯᠡᠳᠦᠯᠭᠡ ᠲᠤᠮᠳᠠ᠂ ︽ᠠᠰᠠᠭᠤᠳᠠᠯ ᠢ ᠡᠷᠢᠵᠦ᠂ ᠠᠰᠠᠭᠤᠳᠠᠯ ᠢ ᠢᠯᠡᠷᠡᠬᠦᠯᠬᠦ | ᠂ ᠠᠰᠠᠭᠤᠳᠠᠯ ᠢ ᠴᠤᠭᠯᠠᠭᠤᠯᠬᠤ︾ ᠪᠠᠷ ᠭᠤᠤᠯ ᠰᠡᠳᠦᠪᠳᠤ ᠬᠦᠮᠦᠵᠢᠯ ᠢ ᠠᠳᠬᠤᠬᠤ ᠵᠠᠩᠬᠢᠯᠠᠭ᠎ᠠ ᠪᠤᠯᠭᠠᠵᠤ᠂ ᠰᠢ | ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮᠳᠤ ᠦᠵᠡᠯ ᠰᠠᠨᠠᠭ᠎ᠠ ᠲᠠᠢ ᠬᠠᠷᠭᠤᠭᠤᠯᠤᠨ ᠦᠵᠡᠵᠦ᠂ ᠤᠭ ᠵᠤᠷᠢᠯᠳᠠ ᠡᠬᠦᠷᠭᠡ ᠬᠠᠷᠢᠭᠤᠴᠠᠯᠭ᠎ᠠ ᠲᠠᠢ | ᠬᠠᠷᠢᠴᠠᠭᠤᠯᠤᠨ ᠦᠵᠡᠵᠦ᠂ ᠨᠠᠮ ᠤᠨ ᠲᠦᠷᠢᠮ ᠨᠠᠮ ᠤᠨ ᠲᠤᠭᠳᠠᠭᠠᠯ ᠲᠠᠢ ᠲᠤᠯᠢᠳᠠᠨ ᠦᠵᠡᠵᠦ᠂ ᠠᠷᠠᠳ | ᠲᠦᠮᠡᠨ ᠤ ᠬᠦᠰᠡᠯ ᠮᠦᠷᠦᠭᠡᠳᠦᠯ᠂ ᠴᠠᠭ ᠦᠶ᠎ᠡ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠦᠵᠡᠵᠦ᠂ ︽12 | ᠪᠠᠶᠢᠬᠤ ᠡᠰᠡᠬᠦ︾ ᠨᠠᠷᠢᠨ ᠲᠠᠩᠰᠠ ᠶᠤᠰᠤᠭᠠᠷ᠂ ︽ᠰᠠᠨᠠᠯ ᠬᠤᠷᠢᠶᠠᠬᠤ ᠬᠦᠰᠦᠨᠦᠭ ᠲᠠᠷᠬᠠᠭᠠᠬᠤ᠂ ᠰᠠᠨᠠᠯ ᠬᠤᠷᠢᠶᠠᠬᠤ | ᠬᠠᠶᠢᠷᠴᠠᠭ ᠤᠭᠰᠠᠷᠠᠬᠤ᠂ ᠰᠦᠯᠵᠢᠶ᠎ᠡ ᠪᠠᠷ ᠰᠠᠨᠠᠯ ᠬᠤᠷᠢᠶᠠᠬᠤ ᠠᠷᠭ᠎ᠠ ᠵᠠᠮ ᠨᠡᠭᠡᠭᠡᠬᠦ᠂ ᠰᠠᠨᠠᠯ ᠬᠤᠷᠢᠶᠠᠬᠤ ᠬᠠᠯᠠᠮᠰᠢᠯ | ᠤᠳᠠᠰᠤ ᠨᠡᠪᠳᠠᠷᠠᠬᠦᠯᠬᠦ᠂ ᠰᠠᠭᠤᠳᠠᠯ ᠤᠨ ᠬᠤᠷᠠᠯ ᠬᠢᠵᠦ ᠰᠠᠨᠠᠯ ᠠᠪᠬᠤ᠂ ᠪᠠᠶᠢᠴᠠᠭᠠᠯᠳᠠ ᠬᠢᠵᠦ ᠰᠠᠨᠠᠯ ᠠᠪᠬᠤ︾ | ᠵᠡᠷᠭᠡ ᠤᠯᠠᠨ ᠠᠷᠭ᠎ᠠ ᠬᠡᠯᠪᠡᠷᠢ ᠪᠠᠷ ᠠᠰᠠᠭᠤᠳᠠᠯ ᠢ ᠰᠢᠨᠵᠢᠨ ᠪᠠᠶᠢᠴᠠᠭᠠᠵᠤ᠂ ᠭᠦᠨᠵᠡᠭᠡᠢ ᠵᠠᠳᠠᠯᠤᠨ ᠲᠤᠩᠭᠠᠭᠠᠪᠠ᠃ | ᠰᠠᠨᠠᠯ ᠰᠠᠨᠠᠭᠤᠯᠭ᠎ᠠ ᠶᠢ ᠦᠷᠭᠡᠨ ᠢᠶᠠᠷ ᠴᠤᠭᠯᠠᠭᠤᠯᠵᠤ᠂ ᠦᠵᠡᠯ ᠰᠠᠨᠠᠭ᠎ᠠ᠂ ᠤᠯᠤᠰ ᠲᠦᠷᠦ᠂ ᠤᠪᠤᠷ ᠰᠤᠷᠳᠠᠯ᠂ | ᠴᠢᠳᠠᠪᠤᠷᠢ᠂ ᠠᠷᠢᠭᠤᠨ ᠴᠢᠭᠡᠴᠢ ᠵᠡᠷᠭᠡ ᠲᠠᠯ᠎ᠠ ᠪᠠᠷ ᠬᠢ ᠠᠰᠠᠭᠤᠳᠠᠯ ᠢ ᠤᠨᠤᠴᠢᠳᠠᠢ ᠡᠷᠢᠵᠦ᠂ ᠲᠠᠰᠤᠷᠠᠯᠳᠠ ᠦᠭᠡᠢ | ᠲᠡᠭᠦᠯᠳᠡᠷᠵᠢᠭᠦᠯᠵᠦ᠂ ᠠᠰᠠᠭᠤᠳᠠᠯ ᠤᠨ ᠨᠠᠷᠢᠨ ᠲᠠᠩᠰᠠ ᠶᠢ ᠬᠦᠳᠡᠯᠦᠩᠬᠦᠢ ᠵᠤᠬᠢᠴᠠᠭᠤᠯᠵᠤ᠂ ︽ᠠᠰᠠᠭᠤᠳᠠᠯ ᠢ | ᠰᠢᠨᠵᠢᠨ ᠪᠠᠶᠢᠴᠠᠭᠠᠬᠤ︾ ᠶᠢ ᠦᠷᠭᠦᠯᠵᠢ ᠶᠢᠨ ᠴᠢᠨᠠᠷᠳᠠᠢ ᠪᠤᠯᠭᠠᠨ᠂ ︽ᠲᠤᠯᠢ ᠪᠠᠷᠢᠵᠤ ᠪᠡᠶ᠎ᠡ ᠪᠠᠨ ᠰᠢᠨᠵᠢᠬᠦ︾ ᠶᠢ | ᠲᠠᠳᠬᠠᠯ ᠪᠤᠯᠭᠠᠪᠠ᠃ ᠡᠭᠦᠨ ᠤ ᠬᠠᠮᠳᠤ᠂ ᠪᠠᠶᠢᠴᠠᠭᠠᠬᠤ ᠪᠠ ᠵᠠᠰᠠᠬᠤ ᠶᠢ ᠵᠡᠷᠭᠡ ᠪᠠᠷ ᠲᠤᠤᠱᠯᠠᠭᠤᠯᠵᠤ᠂ | ᠰᠤᠷᠤᠯᠴᠠᠬᠤ ᠶᠢᠨ ᠲᠠᠭᠠᠤ ᠵᠠᠰᠠᠵᠤ᠂ ᠠᠯᠳᠠᠭ᠎ᠠ ᠲᠤᠳᠠᠭᠳᠠᠯ ᠢ ᠲᠠᠷᠤᠢ ᠳᠤ ᠨᠢ ᠵᠠᠯᠠᠷᠠᠭᠤᠯᠵᠤ᠂ ᠵᠠᠯᠠᠷᠠᠭᠤᠯᠬᠤ | ᠶᠤᠰᠤᠳᠠᠢ ᠪᠤᠯ ᠯᠠᠪᠳᠠᠢ ᠵᠠᠯᠠᠷᠠᠭᠤᠯᠪᠠ᠃ ᠤᠳᠤᠬᠠᠨ ᠪᠤᠯᠳᠠᠯ᠎ᠠ᠂ ᠰᠠᠨᠠᠯ ᠬᠤᠷᠢᠶᠠᠬᠤ ᠬᠦᠰᠦᠨᠦᠭ ᠢ 900 ᠭᠠᠷᠤᠢ | ᠬᠤᠪᠢ ᠲᠠᠷᠬᠠᠭᠠᠵᠤ᠂ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠬᠢᠬᠦ᠂ ᠬᠠᠷ᠎ᠠ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ᠂ ᠤᠷᠤᠰᠢᠨ ᠰᠠᠭᠤᠬᠤ ᠤᠷᠴᠢᠨ ᠲᠤᠭᠤᠷᠢᠨ᠂ ᠲᠤᠰᠬᠤᠨ ᠤ ᠤᠳᠤᠷᠢᠳᠬᠤ ᠪᠠᠭ ᠤᠨ | ᠪᠠᠶᠢᠭᠤᠯᠤᠯᠳᠠ᠂ ᠭᠤᠤᠯ ᠰᠡᠳᠦᠪᠳᠤ ᠬᠦᠮᠦᠵᠢᠯ ᠢ ᠦᠷᠨᠢᠭᠦᠯᠵᠦ ᠪᠠᠶᠢᠭ᠎ᠠ ᠵᠡᠷᠭᠡ ᠲᠠᠯ᠎ᠠ ᠪᠠᠷ ᠬᠢ ᠰᠠᠨᠠᠯ ᠰᠠᠨᠠᠭᠤᠯᠭ᠎ᠠ | ᠶᠢ 100 ᠭᠠᠷᠤᠢ ᠵᠤᠷᠪᠤᠰ ᠬᠤᠷᠢᠶᠠᠨ ᠤᠯᠪᠠ᠃ | ᠴᠡᠭᠴᠡᠯᠡᠨ ᠲᠤᠤᠱᠯᠠᠭᠤᠯᠬᠤ ᠶᠢ ᠲᠤᠤᠱᠳᠠᠢ ᠪᠠᠷᠢᠮᠳᠠᠯᠠᠪᠠ᠃ ᠨᠠᠷᠢᠨ ᠪᠠᠯᠭᠠᠰᠤ ᠨᠢ ᠭᠤᠤᠯ ᠰᠡᠳᠦᠪᠳᠤ ᠬᠦᠮᠦᠵᠢᠯ | ᠦᠷᠨᠢᠬᠦᠯᠬᠦ ᠴᠢᠬᠤᠯᠠ ᠤᠳᠬ᠎ᠠ ᠠᠭᠤᠯᠭ᠎ᠠ ᠪᠠ ᠡᠴᠦᠰ ᠤᠨ ᠲᠡᠭᠦᠰᠭᠡᠯ ᠴᠡᠭ ᠢ ᠪᠠᠳᠤᠳᠠᠢ ᠡᠵᠡᠮᠳᠡᠵᠦ᠂ ︽ | ᠦᠭᠡᠷᠡᠴᠢᠯᠡᠬᠦ︾ ᠭᠡᠳᠡᠭ ᠢ ᠭᠤᠤᠯ ᠰᠡᠳᠦᠪᠳᠤ ᠬᠦᠮᠦᠵᠢᠯ ᠤᠨ ᠡᠬᠢᠯᠡᠯ ᠠᠴᠠ ᠲᠡᠭᠦᠰᠭᠡᠯ ᠬᠦᠷᠳᠡᠯ᠎ᠡ ᠲᠤᠤᠱᠯᠠᠭᠤᠯᠬᠤ | ᠶᠢ ᠪᠠᠷᠢᠮᠳᠠᠯᠠᠪᠠ᠃ ᠰᠠᠨᠠᠯ ᠰᠠᠨᠠᠭᠤᠯᠭ᠎ᠠ ᠬᠤᠷᠢᠶᠠᠬᠤ᠂ ᠠᠰᠠᠭᠤᠳᠠᠯ ᠢ ᠰᠢᠨᠵᠢᠨ ᠪᠠᠶᠢᠴᠠᠭᠠᠭᠰᠠᠨ ᠰᠠᠭᠤᠷᠢᠨ ᠲᠡᠭᠡᠷ᠎ᠡ᠂ | ᠠᠰᠠᠭᠤᠳᠠᠯ ᠤᠨ ᠨᠠᠷᠢᠨ ᠲᠠᠩᠰᠠ ᠶᠢ ᠤᠯᠠᠮ ᠨᠢᠭᠡ ᠠᠯᠬᠤᠮ ᠡᠮᠬᠢᠯᠡᠨ᠂ ᠠᠰᠠᠭᠤᠳᠠᠯ ᠢ ᠵᠠᠰᠠᠨ ᠴᠡᠭᠴᠡᠯᠡᠬᠦ ᠡᠪᠬᠡᠮᠡᠯ | ᠵᠤᠬᠢᠶᠠᠵᠤ᠂ ︽ᠨᠠᠷᠢᠨ ᠪᠠᠯᠭᠠᠰᠤᠨ ᠤ ︿ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ | ᠪᠠᠳᠤ ᠴᠡᠭᠡᠵᠢᠯᠡᠬᠦ﹀ ᠭᠤᠤᠯ ᠰᠡᠳᠦᠪᠳᠤ ᠬᠦᠮᠦᠵᠢᠯ ᠤᠨ ᠠᠰᠠᠭᠤᠳᠠᠯ ᠢ ᠴᠡᠭᠴᠡᠯᠡᠬᠦ ᠲᠠᠩᠰᠠ ᠡᠪᠬᠡᠮᠡᠯ︾ ᠢ | ᠲᠦᠷᠢᠮᠵᠢᠬᠦᠯᠦᠨ ᠲᠠᠭᠯᠠᠵᠤ᠂ ᠦᠭᠡᠷᠡᠴᠢᠯᠡᠬᠦ ᠶᠤᠰᠤᠳᠠᠢ ᠶᠢ ᠲᠡᠷᠡ ᠲᠠᠷᠤᠢ ᠳᠤ ᠨᠢ ᠦᠭᠡᠷᠡᠴᠢᠯᠡᠵᠦ᠂ ᠤᠬᠤᠷᠬᠠᠨ | ᠬᠤᠭᠤᠴᠠᠭᠠᠨ ᠳᠤ ᠦᠭᠡᠷᠡᠴᠢᠯᠡᠵᠦ ᠲᠡᠶᠢᠯᠬᠦ ᠦᠭᠡᠢ ᠶᠢ ᠴᠡᠭᠴᠡᠯᠡᠨ ᠦᠭᠡᠷᠡᠴᠢᠯᠡᠬᠦ ᠲᠦᠰᠦᠯ ᠵᠤᠬᠢᠶᠠᠵᠤ᠂ ᠲᠦᠷᠦᠯ | ᠵᠦᠢᠯᠵᠢᠭᠦᠯᠦᠨ ᠠᠬᠢᠭᠤᠯᠬᠤ ᠠᠷᠭ᠎ᠠ ᠪᠠᠷ ᠵᠠᠰᠠᠨ ᠦᠭᠡᠷᠡᠴᠢᠯᠡᠬᠦ ᠠᠷᠭ᠎ᠠ ᠠᠪᠤᠪᠠ᠃ ᠴᠡᠭᠴᠡᠯᠡᠨ ᠵᠠᠰᠠᠬᠤ ᠦᠷ᠎ᠡ | ᠪᠦᠳᠦᠭᠡᠯ ᠢ ᠪᠠᠳᠤᠯᠠᠬᠤ ᠶᠢᠨ ᠲᠦᠯᠦᠭᠡ᠂ ᠨᠠᠷᠢᠨ ᠪᠠᠯᠭᠠᠰᠤ ᠨᠢ ︽ᠲᠤᠰᠬᠠᠶᠢᠯᠠᠨ ᠴᠡᠭᠴᠡᠯᠡᠬᠦ + ᠶᠡᠷᠤᠳᠠ ᠶᠢᠨ | ᠴᠢᠨᠠᠷᠳᠠᠢ ᠴᠡᠭᠴᠡᠯᠡᠨ ᠵᠠᠰᠠᠬᠤ︾ ᠬᠤᠤᠰ ᠠᠬᠢᠭᠤᠯᠤᠯᠳᠠ ᠶᠢᠨ ᠠᠷᠭ᠎ᠠ ᠶᠢ ᠠᠪᠴᠦ ᠤᠯᠠᠮ ᠲᠦᠮᠡᠨ ᠤ ᠲᠤᠶᠢᠯ ᠢᠶᠠᠷ | ᠬᠦᠰᠡᠳᠡᠭ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ᠂ ᠠᠵᠢᠯ ᠢ ᠬᠠᠷᠰᠢᠯᠠᠵᠤ ᠪᠠᠶᠢᠭ᠎ᠠ ᠭᠤᠤᠯᠳᠠᠯᠭ᠎ᠠ᠂ | ᠲᠦᠪᠡᠭᠳᠡᠯ ᠴᠡᠭ ᠢ ᠲᠤᠰᠬᠠᠶᠢᠯᠠᠨ ᠴᠡᠭᠴᠡᠯᠡᠨ ᠵᠠᠰᠠᠪᠠ᠃ ᠤᠳᠤᠬᠠᠨ ᠪᠤᠯᠳᠠᠯ᠎ᠠ᠂ ᠤᠳᠤᠷᠢᠳᠬᠤ ᠪᠠᠭ ᠲᠤᠰᠬᠠᠢ | ᠲᠦᠷᠦᠯ ᠤᠨ ᠴᠡᠭᠴᠡᠯᠡᠨ ᠵᠠᠰᠠᠬᠤ ᠶᠢ 2 ᠤᠳᠠᠭ᠎ᠠ ᠦᠷᠨᠢᠬᠦᠯᠵᠦ᠂ 30 ᠭᠠᠷᠤᠢ ᠠᠰᠠᠭᠤᠳᠠᠯ ᠢ ᠰᠢᠢᠳᠪᠦᠷᠢᠯᠡᠵᠦ᠂ | ᠦᠵᠡᠯ ᠰᠠᠨᠠᠭ᠎ᠠ ᠤᠪᠤᠷ ᠰᠤᠷᠳᠠᠯ᠂ ᠠᠷᠠᠳ ᠤᠨ ᠠᠮᠢᠳᠤᠷᠠᠯ ᠤᠨ ᠪᠠᠳᠤᠯᠠᠭ᠎ᠠ᠂ ᠠᠮᠢ ᠠᠬᠤᠢ ᠶᠢᠨ ᠤᠷᠴᠢᠨ ᠢ | ᠬᠠᠮᠠᠭᠠᠯᠠᠬᠤ᠂ ᠠᠵᠤ ᠦᠢᠯᠡᠰ ᠤᠨ ᠬᠦᠭᠵᠢᠯᠳᠡ ᠵᠡᠷᠭᠡ ᠡᠯ᠎ᠡ ᠲᠠᠯ᠎ᠠ ᠶᠢᠨ ᠬᠦᠷᠢᠶ᠎ᠡ ᠬᠡᠪᠴᠢᠶ᠎ᠡ ᠶᠢ ᠬᠠᠮᠤᠷᠪᠠ᠂ | ᠠᠰᠠᠭᠤᠳᠠᠯ ᠢ ᠲᠠᠯᠪᠢᠯ ᠦᠭᠡᠢ ᠠᠩᠬᠠᠷᠴᠤ᠂ ᠬᠡᠮ ᠠᠷᠬᠠᠭ ᠢ ᠨᠢ ᠡᠷᠢᠵᠦ ᠤᠯᠬᠤ ᠦᠭᠡᠢ ᠪᠠᠷ ᠰᠤᠯᠠᠷᠠᠭᠤᠯᠬᠤ ᠦᠭᠡᠢ | ᠪᠠᠶᠢᠵᠤ᠂ ᠵᠠᠩᠬᠢᠯᠠᠭ᠎ᠠ ᠶᠢ ᠠᠳᠬᠤᠵᠤ ᠲᠠᠯᠪᠢᠬᠤ ᠦᠭᠡᠢ ︽ᠬᠠᠳᠠᠭᠠᠰᠤ ᠬᠠᠳᠠᠬᠤ︾ ᠵᠤᠷᠢᠭ ᠰᠠᠨᠠᠭ᠎ᠠ ᠪᠠᠷ | ᠴᠡᠭᠴᠡᠯᠡᠨ ᠵᠠᠰᠠᠬᠤ ᠶᠢ ᠯᠠᠪᠳᠠᠭᠤᠨ ᠢᠶᠠᠷ ᠦᠷᠨᠢᠭᠦᠯᠦᠭᠰᠡᠨ ᠢᠶᠠᠷ ᠦᠷ᠎ᠡ ᠪᠦᠳᠦᠮᠵᠢ ᠲᠤᠩ ᠢᠯᠡᠷᠬᠡᠢ ᠪᠤᠯᠪᠠ᠃ | | | | |