ᠨᠠᠷᠢᠨ ᠪᠠᠯᠭᠠᠰᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠᠨ ᠴᠢᠩᠭᠠᠳᠬᠠᠵᠥ ᠪᠤᠳᠠᠳᠠᠢ ᠦᠷ᠎ᠡ ᠠᠰᠢᠭ ᠤᠯᠪᠠ
ᠨᠡᠶᠢᠲᠡᠯᠡᠭᠰᠡᠨ ᠴᠠᠭ᠄
2019/11/7
ᠰᠢᠵᠢᠷ ᠠᠯᠳᠠᠨ ᠨᠠᠮᠤᠷ ᠤᠨ ᠤᠯᠠᠷᠢᠯ ᠳᠤ ᠮᠡᠶᠢᠷᠡᠨ ᠪᠠᠯᠭᠠᠰᠤᠨ ᠤ ᠮᠡᠶᠢᠷᠡᠨ ᠬᠠᠪᠴᠢᠯ ᠤᠢ ᠬᠦᠪᠴᠢ ᠰᠢᠷᠭᠠᠯᠳᠤᠨ ᠦᠩᠭᠡ ᠪᠤᠳᠤᠭ ᠬᠤᠷᠴᠠ ᠲᠤᠳᠤᠬᠠᠨ ᠮᠢᠷᠠᠯᠵᠠᠨ᠎ᠠ᠂ ᠲᠤᠰᠤᠨ ᠵᠠᠮ ᠮᠤᠷᠤᠯᠵᠠᠨ᠂ ᠤᠯᠠᠮᠵᠢᠯᠠᠯ ᠪᠠ ᠤᠳᠤ ᠮᠠᠶ᠋ᠢᠭ ᠢ ᠤᠶᠠᠯᠳᠤᠭᠤᠯᠤᠭᠰᠠᠨ ᠵᠢᠵᠢᠭ ᠬᠦᠭᠦᠷᠭᠡ᠂ ᠮᠤᠬᠤᠯᠠᠭ ᠲᠠᠶᠢᠵᠠ᠂ ᠭᠤᠷᠴᠢᠬᠢᠨᠠᠨ‌ᠤᠷᠤᠰᠬᠤ ᠭᠤᠤᠯ ᠤᠨ ᠤᠰᠤᠨ ᠨᠠᠮᠤᠷ ᠴᠠᠭ ᠤᠨ ᠠᠭᠤᠯᠠ ᠤᠰᠤᠨ ᠤ ᠭᠤᠶᠢᠳᠠ ᠵᠢᠷᠤᠭ ᠢ ᠵᠢᠷᠤᠭᠯᠠᠵᠠᠢ᠃ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤᠶᠢᠷᠠᠳᠴᠦ ᠢᠷᠡᠬᠦ ᠪᠠᠷ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠪᠠᠶᠢᠷᠢᠯᠠᠭᠤᠯᠣᠯᠳᠠ ᠶᠤᠰᠤᠭᠠᠷ᠂ ᠮᠡᠶᠢᠷᠡᠨ ᠪᠠᠯᠭᠠᠰᠤ ᠨᠢ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠨᠢᠭᠡᠳᠦᠯᠳᠡᠢ ᠲᠦᠯᠦᠪᠵᠢᠬᠦᠯᠦᠨ᠂ ᠤᠷᠤᠰᠢᠨ ᠰᠠᠭᠤᠬᠤ ᠤᠷᠴᠢᠨ ᠲᠤᠭᠤᠷᠢᠨ᠂ ᠲᠤᠰᠬᠤᠨ ᠤ ᠲᠦᠷᠢ ᠲᠦᠷᠬᠦ ᠵᠡᠷᠭᠡ ᠲᠠᠯ᠎ᠠ ᠪᠠᠷ ᠴᠡᠭᠴᠡᠯᠡᠨ ᠵᠠᠰᠠᠵᠤ ᠲᠡᠰ ᠲᠡᠪᠰᠢᠭᠤᠯᠪᠠ᠃ᠮᠡᠶᠢᠷᠡᠨ ᠪᠠᠯᠭᠠᠰᠤᠨ ᠤ ᠵᠠᠰᠠᠭ ᠤᠨ ᠤᠷᠳᠤᠨ ᠤ ᠲᠡᠳ᠋ ᠲᠠᠷᠤᠭ᠎ᠠ ᠪᠠᠢ ᠯᠦᠩ ᠤᠨ ᠲᠠᠨᠢᠯᠴᠠᠭᠤᠯᠬᠤ ᠪᠠᠷ᠂ ᠮᠡᠶᠢᠷᠡᠨ ᠪᠠᠯᠭᠠᠰᠤᠨ ᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠵᠤ ᠲᠡᠰ ᠲᠠᠪᠰᠢᠭᠤᠯᠬᠤ ᠢᠨᠵᠧᠨᠧᠷᠢᠩ ᠨᠢ ᠳ᠋ᠠ ᠶᠢᠩᠽᠢ᠂ ᠸᠠᠨ ᠽᠢ᠂ ᠮᠡᠶᠢᠷᠡᠨ ᠵᠡᠷᠭᠡ ᠵᠠᠰᠠᠭ ᠵᠠᠬᠢᠷᠭᠠᠨ ᠤ 3 ᠲᠤᠰᠬᠤᠨ ᠪᠠ 5 ᠠᠶᠢᠯ ᠲᠤᠰᠬᠤᠨ ᠢ ᠬᠠᠮᠤᠷᠴᠦ ᠪᠠᠶᠢᠳᠠᠭ᠂ ᠶᠡᠷᠦᠩᠬᠡᠢ ᠪᠡᠯᠡ ᠤᠷᠤᠭᠤᠯᠤᠯᠳᠠ ᠶᠢ 1730 ᠲᠦᠮᠡᠨ ᠲᠦᠭᠦᠷᠢᠭ ᠢᠶᠠᠷ ᠲᠦᠰᠦᠪᠯᠡᠵᠦ᠂ ᠠᠶᠢᠯ ᠲᠤᠰᠬᠤᠨ ᠤ ᠭᠠᠳᠠᠨᠠᠬᠢ ᠲᠤᠳᠤᠷᠠᠬᠢ ᠶᠢ ᠵᠠᠰᠠᠬᠤ᠂ ᠮᠡᠶᠢᠷᠡᠨ ᠲᠤᠰᠬᠤᠨ ᠤ ᠬᠤᠳᠠᠯᠳᠤᠭᠠᠨ ᠤ ᠵᠡᠭᠡᠯᠢ ᠶᠢ ᠦᠭᠡᠷᠡᠴᠢᠯᠡᠨ ᠲᠠᠰ ᠲᠠᠪᠰᠢᠭᠤᠯᠬᠤ ᠶᠢ ᠬᠡᠷᠡᠭᠵᠢᠬᠦᠯᠦᠨ᠎ᠡ᠂ ᠡᠯ᠎ᠡ ᠠᠶᠢᠯ ᠲᠤᠰᠬᠤᠨ ᠤ ᠤᠨᠴᠠᠯᠢᠭ ᠲᠤ ᠲᠤᠬᠢᠷᠠᠭᠤᠯᠤᠨ ᠤᠮᠠᠷᠠᠳᠤ ᠬᠢᠯᠢ ᠶᠢᠨ ᠭᠤᠶᠤ ᠠᠭᠤᠳᠠᠮ ᠲᠠᠯᠠᠪᠠᠢ᠂ ᠰᠢᠳ ᠤᠨ ᠠᠭᠤᠳᠠᠮ ᠲᠠᠯᠠᠪᠠᠢ᠂ ᠲᠤᠮᠤ ᠮᠤᠳᠤᠨ ᠤ ᠭᠤᠤ ᠶᠢᠨ ᠠᠮᠠᠨ  ᠳᠠᠬᠢ ᠲᠡᠷᠭᠡ ᠵᠤᠭᠰᠤᠭᠠᠬᠤ ᠲᠠᠯᠠᠪᠠᠢ᠂ ᠦᠵᠡᠮᠵᠢ ᠶᠢᠨ ᠬᠦᠭᠦᠷᠭᠡ ᠵᠡᠷᠭᠡ ᠦᠵᠡᠮᠵᠢ ᠶᠢᠨ 3 ᠴᠢᠭ᠋ ᠢ ᠪᠠᠶᠢᠭᠤᠯᠤᠨ᠎ᠠ᠂ ᠤᠳᠤᠬᠠᠨ ᠳᠤ᠂ ᠪᠦᠬᠦ ᠲᠦᠷᠦᠯ ᠵᠦᠢᠯ ᠪᠦᠬᠦᠨ ᠢᠶᠠᠷ ᠢᠶᠠᠨ ᠪᠠᠷᠢᠯᠭ᠎ᠠ ᠪᠠᠨ ᠲᠠᠭᠤᠰᠬᠠᠵᠤ᠂ ᠴᠤ᠋ ᠰᠢᠨ᠎ᠡ ᠲᠦᠷᠢ ᠲᠦᠷᠬᠦ ᠪᠠᠷ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠭᠳᠤᠵᠤ ᠪᠠᠶᠢᠨ᠎ᠠ᠃ᠤᠶᠢᠯᠠᠭᠠᠭᠰᠠᠨ ᠢᠶᠠᠷ᠂ ᠮᠡᠶᠢᠷᠡᠨ ᠪᠠᠯᠭᠠᠰᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ  ᠴᠡᠭᠴᠡᠯᠡᠨ ᠵᠠᠰᠠᠬᠤ ᠲᠡᠰ ᠲᠠᠪᠰᠢᠭᠤᠯᠬᠤ ᠢᠨᠵᠧᠨᠧᠷᠢᠩ ᠨᠢ ᠠᠶᠢᠯ ᠲᠤᠰᠬᠤᠨ ᠤ ᠲᠤᠭᠤᠰᠬᠠᠨ ᠬᠡᠷᠡᠮ ᠪᠠᠷᠢᠬᠤ᠂ ᠬᠦᠷᠢᠶᠠᠨ ᠬᠡᠷᠡᠮ ᠢ ᠴᠤᠬᠤᠶᠢᠳᠠᠬᠤ᠂ ᠴᠡᠶᠢᠳᠡᠮᠯᠢᠭ ᠰᠢᠷ ᠰᠢᠷᠳᠡᠬᠦ᠂ ᠬᠤᠸᠠᠷᠯᠠᠨ ᠪᠠᠷᠢᠬᠤ᠂ ᠮᠤᠳᠤᠨ ᠰᠠᠷᠠᠯᠵᠢᠶ᠎ᠠ ᠪᠤᠰᠬᠠᠬᠤ ᠵᠡᠷᠭᠡ ᠠᠷᠪᠠ ᠭᠠᠷᠤᠢ ᠵᠦᠢᠯ ᠤᠨ ᠪᠠᠷᠢᠯᠭ᠎ᠠ ᠪᠠᠶᠢᠳᠠᠭ᠃ ᠲᠡᠬᠦᠨ ᠤ ᠲᠤᠳᠤᠷ᠎ᠠ 137 ᠡᠭᠦᠳᠡᠨ ᠠᠰᠠᠷ᠂ ᠮᠤᠳᠤᠨ ᠪᠦᠳᠦᠴᠡ ᠲᠠᠢ ᠤᠬᠠᠭᠤᠯᠬᠤ ᠫᠠᠶᠢᠵᠠ ᠵᠢᠴᠢ 800 ᠲᠡᠭᠰᠢ ᠲᠦᠷᠪᠡᠯᠵᠢᠨ ᠮᠧᠲᠷ ᠤᠨ ᠬᠦᠳᠦᠭᠦᠷ ᠰᠡᠶᠢᠯᠤᠮᠠᠯ ᠨᠢ ᠬᠦᠮᠦᠰ ᠤᠨ ᠨᠢᠳᠦ ᠶᠢ ᠬᠤᠵᠢᠷᠯᠠᠬᠤ ᠴᠤ᠋ ᠰᠢᠨ᠎ᠡ ᠪᠠᠷᠢᠯᠭ᠎ᠠ ᠨᠤᠭᠤᠳ ᠪᠤᠯᠬᠤ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号