ᠵᠢᠨᠱᠠᠨ ᠪᠠᠯᠭᠠᠰᠤᠨ ᠤ ᠾᠧ ᠪᠢᠨ ᠡᠮᠦᠨ᠎ᠡ ᠵᠡᠭᠡᠯᠢ ᠶᠢᠨ ᠵᠡᠭᠦᠨ  ᠬᠡᠰᠡᠭ ᠤᠨ ᠵᠠᠮ ᠢ ᠵᠠᠰᠠᠬᠤ ᠢᠨᠵᠧᠨᠧᠷᠢᠩ ᠤᠨ ᠨᠡᠶᠢᠭᠡᠮ ᠤᠨ ᠲᠤᠭᠲᠠᠭᠤᠨ  ᠤ ᠲᠦᠭᠰᠢᠭᠦᠷᠢ ᠶᠢ ᠦᠨᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2019/2/18
      ︽ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ᠂  ᠳᠤᠮᠳᠠᠳᠤ  ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠢᠶᠠᠨ ᠤ ᠤᠯᠤᠰ ᠲᠦᠷᠥ ᠬᠠᠤᠯᠢ ᠴᠠᠭᠠᠵᠠ ᠶᠢᠨ ᠵᠥᠪᠯᠡᠯ ᠠᠴᠠ   ︿ ᠦᠪᠦᠷ ᠮᠤᠩᠭᠤᠯ  ᠤᠨ ᠦᠪᠡᠷᠲᠡᠭᠡᠨ ᠵᠠᠰᠠᠬᠤ ᠤᠷᠤᠨ ᠤ ᠬᠦᠨᠳᠦ ᠶᠡᠭᠡ ᠬᠡᠷᠡᠭ ᠶᠠᠪᠤᠳᠠᠯ ᠨᠡᠶᠢᠭᠡᠮ ᠤᠨ ᠲᠤᠭᠲᠠᠭᠤᠨ ᠤ ᠲᠦᠭᠰᠢᠭᠦᠷᠢ ᠶᠢ ᠦᠨᠡᠯᠡᠬᠦ ᠠᠵᠢᠯ ᠤᠨ  ᠳᠦᠷᠢᠮ  ᠲᠤᠷᠰᠢᠨ ᠬᠡᠷᠡᠭᠯᠡᠬᠦ  ﹀  ᠵᠡᠷᠭᠡ ᠳᠥᠷᠪᠡᠨ ᠳᠦᠷᠢᠮᠵᠢᠭᠰᠡᠨ  ᠪᠢᠴᠢᠭ  ᠮᠠᠲ᠋ᠧᠷᠢᠶᠠᠯ  ᠢ ᠳᠠᠷᠤᠮᠠᠯᠯᠠᠨ ᠲᠠᠷᠬᠠᠭᠠᠬᠤ  ᠲᠤᠬᠠᠢ ᠮᠡᠳᠡᠭᠳᠡᠯ︾ ( ᠦᠪᠦᠷ ᠲᠤᠭᠲᠠᠭᠤᠨ ᠲᠠᠷᠬᠠᠭᠠᠭᠰᠠᠨ [2016]1 ᠨᠣᠮᠧᠷᠲᠤ) ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ  ᠲᠦᠯᠦᠭᠡ  ᠤᠨᠴᠠᠭᠠᠶᠢᠯᠠᠨ ᠵᠠᠷᠯᠠᠪᠠ᠄   ᠨᠢᠭᠡ᠂ ᠲᠦᠷᠥᠯ ᠵᠦᠢᠯ  ᠤᠨ  ᠲᠤᠶᠢᠮᠤ ᠪᠠᠶᠢᠳᠠᠯ (1) ᠲᠦᠷᠥᠯ ᠵᠦᠢᠯ ᠤᠨ ᠨᠡᠷᠡᠶᠢᠳᠦᠯ᠄ ᠵᠢᠨᠱᠠᠨ ᠪᠠᠯᠭᠠᠰᠤᠨ ᠤ ᠾᠧ ᠪᠢᠨ ᠡᠮᠦᠨ᠎ᠡ ᠵᠡᠭᠡᠯᠢ ᠶᠢᠨ ᠵᠡᠭᠦᠨ  ᠬᠡᠰᠡᠭ ᠤᠨ ᠵᠠᠮ ᠢ ᠵᠠᠰᠠᠬᠤ ᠢᠨᠵᠧᠨᠧᠷᠢᠩ (2) ᠪᠦᠲᠦᠭᠡᠨ ᠪᠠᠶᠢᠭᠤᠯᠤᠯᠲᠠ ᠬᠢᠬᠦ ᠨᠢᠭᠡᠴᠡ᠄  ᠬᠠᠷᠠᠴᠢᠨ ᠬᠤᠰᠢᠭᠤᠨ ᠤ ᠬᠥᠭᠵᠢᠭᠦᠯᠦᠯᠲᠡ  ᠦᠭᠡᠷᠡᠴᠢᠯᠡᠯᠲᠡ ᠶᠢᠨ ᠲᠤᠪᠴᠢᠶ᠎ᠠ (3) ᠪᠠᠶᠢᠭᠤᠯᠤᠯᠲᠠ ᠬᠢᠬᠦ ᠭᠠᠵᠠᠷ᠄  ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠾᠧ ᠪᠢᠨ ᠡᠮᠦᠨ᠎ᠡ ᠵᠡᠭᠡᠯᠢ ᠶᠢᠨ ᠵᠡᠭᠦᠨ  ᠬᠡᠰᠡᠭ (4) ᠲᠤᠶᠢᠮᠤ ᠪᠠᠶᠢᠳᠠᠯ    ᠲᠤᠰ ᠲᠦᠷᠥᠯ ᠵᠦᠢᠯ ᠤᠨ ᠡᠬᠢᠯᠡᠬᠦ  ᠪᠠᠭᠠᠨ᠎ᠠ ᠶᠢᠨ ᠳ᠋ᠤᠭᠠᠷ ᠨᠢ K35+700᠂  ᠵᠢᠨᠱᠠᠨ ᠪᠠᠯᠭᠠᠰᠤᠨ ᠤ ᠵᠡᠭᠦᠨ  ᠤᠯᠠᠭᠠᠨᠬᠠᠳᠠ ᠠᠴᠠ  ᠴᠧᠩᠳᠧ ᠬᠦᠷᠬᠦ ᠬᠤᠷᠲᠤᠨ ᠤ ᠵᠠᠮ ᠤᠨ ᠵᠢᠨᠱᠠᠨ ᠤ ᠵᠡᠭᠦᠨ ᠳᠤ ᠨᠡᠪᠲᠡᠷᠡᠬᠦ᠂  ᠵᠢᠨᠱᠠᠨ ᠤ ᠬᠤᠶᠢᠲᠤ ᠱᠤᠭᠤᠮ ᠳᠡᠭᠡᠷ᠎ᠡ ᠪᠤᠢ᠃  ᠡᠴᠦᠰ ᠤᠨ ᠴᠢᠭ ᠨᠢ ᠵᠢᠨᠱᠠᠨ ᠤ ᠵᠡᠭᠦᠨ ᠲᠤᠮᠤ ᠬᠥᠭᠦᠷᠭᠡ ᠶᠢᠨ ᠡᠮᠦᠨ᠎ᠡ᠂ ᠴᠡᠴᠡᠷᠯᠢᠭ ᠤᠨ ᠵᠠᠮ ᠲᠠᠢ ᠨᠡᠶᠢᠯᠡᠵᠦ᠂  ᠾᠧ ᠪᠢᠨ ᠡᠮᠦᠨ᠎ᠡ ᠵᠡᠭᠡᠯᠢ ᠶᠢᠨ ᠳᠤᠮᠳᠠ ᠬᠡᠰᠡᠭ ᠲᠠᠢ ᠵᠠᠯᠭᠠᠯᠳᠤᠨ᠎ᠠ᠃  ᠶᠡᠷᠦᠩᠬᠡᠢ ᠪᠡᠯᠡ ᠤᠷᠤᠭᠤᠯᠤᠯᠲᠠ ᠨᠢ 7725.86 ᠲᠦᠮᠡᠨ ᠲᠦᠭᠦᠷᠢᠭ᠂   ᠺᠢᠯᠣᠮᠧᠲᠷ ᠪᠦᠷᠢ ᠶᠢᠨ ᠲᠡᠭᠰᠢᠳᠬᠡᠭᠰᠡᠨ ᠦᠨ᠎ᠡ ᠨᠢ 2369.9 ᠲᠦᠮᠡᠨ ᠲᠦᠭᠦᠷᠢᠭ ᠪᠤᠯᠤᠨ᠎ᠠ᠃  ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠶᠢ ᠤᠷᠤᠨ ᠭᠠᠵᠠᠷ ᠨᠢ ᠦᠪᠡᠷᠲᠡᠭᠡᠨ ᠰᠢᠢᠳᠪᠦᠷᠢᠯᠡᠨ᠎ᠡ᠃      ᠬᠤᠶᠠᠷ᠂   ᠤᠯᠠᠨ ᠨᠡᠶᠢᠲᠡ ᠶᠢᠨ ᠰᠠᠨᠠᠯ ᠬᠤᠷᠢᠶᠠᠬᠤ  ᠭᠤᠣᠯ ᠵᠦᠢᠯ     ᠲᠦᠷᠥᠯ ᠵᠦᠢᠯ ᠤᠨ ᠪᠠᠶᠢᠭᠤᠯᠤᠯᠲᠠ ᠳᠤ  ᠨᠦᠯᠦᠭᠡᠯᠡᠭᠳᠡᠵᠦ ᠮᠡᠳᠡᠬᠦ ᠤᠯᠠᠨ ᠨᠡᠶᠢᠲᠡ ᠶᠢᠨ ᠲᠤᠰ  ᠲᠦᠷᠥᠯ ᠵᠦᠢᠯ ᠤᠨ ᠲᠤᠬᠠᠢ ᠣᠪᠣᠷ᠂  ᠰᠠᠨᠠᠯ ᠰᠠᠨᠠᠭᠤᠯᠭ᠎ᠠ ᠪᠤᠯᠤᠨ᠎ᠠ᠃     ᠭᠤᠷᠪᠠ᠂  ᠤᠯᠠᠨ ᠨᠡᠶᠢᠲᠡ ᠶᠢᠨ ᠤᠷᠤᠯᠴᠠᠬᠤ ᠭᠤᠣᠯ ᠬᠡᠯᠪᠡᠷᠢ     ᠤᠯᠠᠨ ᠨᠡᠶᠢᠲᠡ ᠨᠢ ᠵᠠᠬᠢᠳᠠᠯ᠂  ᠤᠲᠠᠰᠤ ᠵᠡᠷᠭᠡ ᠬᠡᠯᠪᠡᠷᠢ ᠪᠠᠷ ᠪᠦᠲᠦᠭᠡᠨ ᠪᠠᠶᠢᠭᠤᠯᠤᠯᠲᠠ ᠬᠢᠬᠦ ᠨᠢᠭᠡᠴᠡ᠂  ᠲᠦᠰᠦᠪᠯᠡᠬᠦ ᠨᠢᠭᠡᠴᠡ ᠳᠤ ᠰᠠᠨᠠᠯ ᠰᠠᠨᠠᠭᠤᠯᠭ᠎ᠠ ᠳᠤᠷᠠᠳᠴᠤ ᠪᠤᠯᠤᠨ᠎ᠠ᠃     ᠪᠠᠶᠢᠭᠤᠯᠤᠯᠲᠠ ᠬᠢᠬᠦ ᠨᠢᠭᠡᠴᠡ᠄  ᠬᠠᠷᠠᠴᠢᠨ ᠬᠤᠰᠢᠭᠤᠨ ᠤ  ᠭᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ      ᠬᠠᠷᠢᠯᠴᠠᠬᠤ ᠬᠦᠮᠦᠨ᠄  ᠵᠠᠩ ᠮᠢᠨ        ᠬᠠᠷᠢᠯᠴᠠᠬᠤ ᠤᠲᠠᠰᠤ᠄ 04763751891     ᠲᠤᠭᠲᠠᠭᠤᠨ ᠢ ᠦᠨᠡᠯᠡᠬᠦ ᠨᠢᠭᠡᠴᠡ᠄  ᠤᠯᠠᠭᠠᠨᠬᠠᠳᠠ ᠶᠢᠨ ᠳ᠋ᠠ ᠯᠢᠨ ᠢᠨᠵᠧᠨᠧᠷᠢᠩ  ᠢ ᠠᠰᠠᠭᠤᠨ ᠯᠠᠪᠯᠠᠬᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ     ᠬᠠᠷᠢᠴᠠᠬᠤ ᠬᠦᠮᠦᠨ᠄  ᠵᠠᠩ ᠬᠤᠤ     ᠤᠲᠠᠰᠤ᠄ 18647629629     ᠳᠥᠷᠪᠡ᠂  ᠵᠠᠷᠯᠠᠬᠤ ᠬᠤᠭᠤᠴᠠᠭ᠎ᠠ᠄  ᠨᠡᠶᠢᠲᠡᠯᠡᠭᠰᠡᠨ ᠡᠳᠦᠷ ᠠᠴᠠ10 ᠠᠵᠢᠯᠯᠠᠬᠤ ᠡᠳᠦᠷ
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号