ᠨᠢᠤ ᠵᠢᠶᠠ ᠶᠢᠩᠽᠢ ᠪᠠᠯᠭᠠᠰᠤ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ︽ᠠᠮᠤᠷ ᠲᠦᠪᠰᠢᠨ ᠤ ᠲᠣᠣᠷ︾ ᠢ ᠪᠠᠲᠤ ᠰᠦᠯᠵᠢᠪᠡ
ᠨᠡᠶᠢᠲᠡᠯᠡᠭᠰᠡᠨ ᠴᠠᠭ᠄
2019/4/23
ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠲᠠᠢ ᠬᠤᠯᠪᠣᠭᠳᠠᠵᠤ᠂ ᠨᠡᠢᠭᠡᠮ ᠤᠨ ᠪᠠᠶᠢᠭᠤᠯᠤᠯᠲᠠ ᠶᠢᠨ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠵᠤ ᠪᠠᠢᠨ᠎ᠠ᠂ ᠣᠢᠷ᠎ᠠ ᠶᠢᠨ ᠵᠢᠯ ᠠᠴᠠ᠂ ᠨᠢᠤ ᠵᠢᠶᠠ ᠶᠢᠩᠽᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠤᠯᠤᠨ ᠣᠨᠴᠠᠭᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠢᠭᠡᠮ ᠤᠨ ᠵᠠᠰᠠᠯᠲᠠ᠂ ᠦᠨᠳᠦᠰᠦᠨ ᠨᠡᠢᠭᠡᠮ ᠤᠨ ᠦᠢᠯᠡᠴᠢᠯᠡᠭᠡ ᠪᠠᠷ ᠭᠤᠣᠯᠳᠠᠭᠤᠯᠵᠤ᠂ ᠨᠡᠢᠭᠡᠮ ᠤᠨ ᠠᠪᠤᠷᠠᠨ ᠲᠤᠰᠠᠯᠠᠯᠲᠠ ᠪᠣᠯᠤᠨ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ᠨᠢᠤ ᠵᠢᠶᠠ ᠶᠢᠩᠽᠢ  ᠪᠠᠯᠭᠠᠰᠣ ᠳᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ 760 ᠪᠠᠶᠢᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠦᠨᠳᠦᠰᠦᠨ ᠵᠦᠢᠯ ᠢ ᠪᠠᠲᠤᠯᠠᠬᠤ ᠶᠠᠳᠠᠭᠤ ᠶᠢ ᠲᠡᠳᠬᠦᠬᠦ ᠵᠡᠷᠭᠡ ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ 700 ᠰᠢᠬᠠᠮ ᠶᠠᠳᠠᠭᠤ ᠬᠦᠴᠢᠷᠳᠡᠯᠲᠡᠢ ᠡᠷᠦᠬᠡ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠵᠦ᠂ ᠣᠳᠣᠬᠠᠨ ᠳᠤ  63 ᠡᠷᠦᠬᠡ 171 ᠬᠥᠮᠥᠨ ᠶᠠᠳᠠᠭᠤ ᠠᠴᠠ ᠠᠩᠭᠢᠵᠢᠷᠠᠭᠠᠳᠤᠢ ᠪᠠᠶᠢᠵᠤ᠂ ᠦᠯᠡᠳᠦᠭᠰᠡᠨ ᠶᠠᠳᠠᠭᠤ ᠬᠦᠴᠢᠷᠳᠡᠯᠲᠡᠢ ᠡᠷᠦᠬᠡ ᠨᠢ ᠴᠥᠮ ᠲᠤᠶᠢᠯ ᠤᠨ ᠶᠠᠳᠠᠭᠤ ᠬᠦᠴᠢᠷᠳᠡᠯᠲᠡᠢ ᠡᠷᠦᠬᠡ ᠪᠠᠶᠢᠵᠤ᠂ ᠬᠠᠮᠤᠭ ᠤᠨ ᠬᠦᠴᠢᠷ ᠠᠰᠠᠭᠤᠳᠠᠯ ᠪᠣᠯᠵᠤ ᠪᠠᠶᠢᠨ᠎ᠠ᠂ ᠣᠢᠷ᠎ᠠ ᠳᠤ ᠨᠢᠤ ᠵᠢᠶᠠ ᠶᠢᠩᠽᠢ ᠪᠠᠯᠭᠠᠰᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠢᠭᠡᠮ ᠤᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠠᠢ᠃ᠨᠢᠭᠡ ᠳᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠥᠳᠡᠯᠦᠩᠭᠦᠶ ᠪᠠᠷ ᠲᠣᠬᠢᠷᠠᠭᠤᠯᠵᠤ᠂ ᠬᠢᠷᠢ ᠲᠡᠩᠴᠡᠬᠦ ᠥᠬᠡᠶ ᠬᠦᠮᠦᠰ  ᠪᠤᠯᠤᠨ ᠨᠠᠰᠤ ᠪᠠᠷᠠᠭᠰᠠᠨ ᠬᠥᠮᠦᠰ ᠢ ᠴᠠᠭ ᠲᠤᠬᠠᠶ ᠳᠤᠨᠢ ᠢᠯᠭᠠᠷᠠᠭᠤᠯᠤᠨ  ᠴᠡᠭᠴᠡᠯᠡᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ᠬᠤᠶᠠᠷ ᠲᠤ᠂ ᠲᠦᠷ ᠴᠠᠭ   ᠤᠨ ᠠᠪᠤᠷᠠᠨ ᠲᠤᠰᠠᠯᠠᠬᠤ ᠦᠢᠯᠡᠳᠦᠯ ᠢ ᠪᠠᠳᠠᠷᠠᠭᠤᠯᠵᠤ᠂ ᠬᠦᠴᠢᠷᠳᠡᠯᠲᠡᠢ ᠤᠯᠠᠨ ᠲᠦᠮᠡᠨ ᠤ ᠭᠡᠨᠡᠳᠲᠡ ᠶᠢᠨ ᠴᠢᠨᠠᠷᠲᠠᠢ᠂ ᠲᠤᠯᠭᠠᠮ᠎ᠠ ᠴᠢᠨᠠᠷᠲᠠᠢ᠂ ᠲᠦᠷ ᠴᠠᠭ ᠤᠨ ᠴᠢᠨᠠᠷᠲᠠᠢ ᠦᠨᠳᠦᠰᠦᠨ ᠠᠮᠢᠳᠤᠷᠠᠯ ᠤᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ᠭᠤᠷᠪᠠ ᠳᠤ᠂ ᠵᠡᠮᠳᠡᠭᠴᠦᠳ ᠲᠤ ᠨᠥᠬᠦᠪᠥᠷᠢ ᠣᠯᠭᠤᠵᠤ᠂ ᠵᠡᠮᠳᠡᠭᠴᠦᠳ ᠤᠨ ᠬᠡᠪ ᠤᠨ ᠦᠶ᠋ᠯᠡᠳᠪᠦᠷᠢᠯᠡᠯ ᠠᠮᠢᠳᠤᠷᠠᠯ ᠢ ᠪᠠᠲᠤᠯᠠᠨ᠎ᠠ᠃ᠳᠥᠷᠪᠡ ᠳᠤ᠂ ᠬᠠᠷᠠᠭᠠᠯᠵᠠᠬᠤ  ᠬᠦᠮᠦᠰ ᠤᠨ ᠠᠮᠢᠳᠤᠷᠠᠯ ᠢ ᠬᠠᠯᠠᠮᠵᠢᠯᠠᠨ᠎ᠠ᠃ᠲᠠᠪᠤ ᠳᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠤᠯᠤᠰ  ᠤᠨ ᠬᠢᠵᠠᠭᠠᠷᠲᠠᠶ ᠠᠪᠤᠷᠠᠨ ᠲᠤᠰᠠᠯᠠᠬᠤ ᠪᠡᠯᠡ ᠮᠥᠩᠭᠦ ᠶᠢᠨ ᠦᠢᠯᠡᠳᠦᠯ ᠢ ᠨᠠᠩ ᠶᠡᠭᠡ ᠪᠠᠳᠠᠷᠠᠭᠤᠯᠤᠨ᠎ᠠ᠃ᠬᠠᠮ ᠵᠠᠭᠤᠴᠢᠯᠠᠭᠤᠷ ᠤᠨ ᠴᠢᠮᠡᠭᠡᠯᠡᠭᠴᠢ   ᠱᠧᠨ ᠱᠢ ᠵᠢᠶᠦ᠋ᠨ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号