ᠡᠮᠡᠬᠡᠯ ᠠᠭᠤᠯᠠ ᠶᠢᠨ ᠦᠵᠡᠮᠵᠢ ᠶᠢᠨ ᠤᠷᠤᠨ ᠤ ᠦᠨ᠎ᠡ ᠬᠠᠩᠰᠢ ᠶᠢᠨ ᠬᠡᠷᠡᠴᠢᠯᠡᠯᠳᠡ ᠶᠢᠨ ᠬᠤᠷᠠᠯ ᠳᠤ ᠤᠷᠤᠯᠴᠠᠬᠤ ᠬᠦᠮᠦᠰ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2019/4/25
ᠡᠮᠡᠬᠡᠯ ᠠᠭᠤᠯᠠ ᠶᠢᠨ ᠦᠵᠡᠮᠵᠢ ᠶᠢᠨ ᠤᠷᠤᠨ ᠤ ᠦᠨ᠎ᠡ ᠬᠠᠩᠰᠢ ᠶᠢ ᠢᠯᠡ ᠲᠤᠳᠤ᠂ ᠲᠦᠪ ᠭᠤᠤᠯᠴᠢ᠂ ᠵᠦᠢ ᠵᠤᠬᠢᠰᠳᠠᠢ ᠪᠠᠷ ᠲᠤᠭᠳᠠᠭᠠᠵᠥ᠂ ᠦᠨ᠎ᠡ ᠬᠠᠩᠰᠢ ᠶᠢᠨ ᠰᠢᠢᠳᠪᠤᠷᠢᠳᠤ ᠪᠤᠳᠤᠯᠭ᠎ᠠ ᠶᠢᠨ ᠠᠷᠠᠳᠴᠢᠯᠠᠯᠳᠤ ᠴᠢᠨᠡᠷ᠂ ᠰᠢᠨᠵᠢᠯᠡᠬᠦ ᠤᠬᠠᠭᠠᠨᠴᠢ ᠴᠢᠨᠡᠷ ᠪᠠ ᠢᠯᠡ ᠲᠤᠳᠤ ᠪᠠᠶᠢᠬᠤ ᠶᠢ ᠪᠠᠳᠤᠯᠠᠬᠤ ᠶᠢᠨ ᠲᠦᠯᠦᠭᠡ᠂《ᠪᠦᠬᠦᠳ᠋ᠨ ᠨᠡᠶᠢᠷᠠᠮᠳᠠᠬᠤ ᠲᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ 》ᠪᠠ ᠤᠯᠤᠰ ᠤᠨ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ《ᠵᠠᠰᠠᠭ ᠤᠨ ᠤᠷᠳᠤᠨ ᠠᠴᠠ ᠦᠨ᠎ᠡ ᠬᠠᠩᠰᠢ ᠲᠤᠭᠳᠠᠭᠠᠬᠤ ᠳᠤ ᠬᠡᠷᠡᠴᠢᠯᠡᠯᠳᠡ ᠰᠤᠨᠤᠰᠬᠤ ᠠᠷᠭ᠎ᠠ》 ᠶᠢᠨ ᠲᠤᠭᠳᠠᠭᠠᠯ ᠢ ᠦᠨᠳᠦᠰᠦᠯᠡᠵᠥ᠂ ᠬᠠᠷᠠᠴᠢᠨ ᠬᠤᠰᠢᠭᠤᠨ ᠤ  ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ 2019 ᠤᠨ ᠤ 5 ᠰᠠᠷ᠎ᠠ ᠶᠢᠨ ᠲᠤᠮᠳᠠᠴᠢ ︵ᠪᠤᠳᠠᠳᠠᠢ ᠴᠠᠭ ᠢ ᠲᠠᠬᠢᠵᠥ ᠲᠤᠭᠳᠠᠭᠠᠨ᠎ᠠ︶ ᠪᠠᠷ ᠡᠮᠡᠬᠡᠯ ᠠᠭᠤᠯᠠ ᠶᠢᠨ ᠦᠵᠡᠮᠵᠢ ᠶᠢᠨ ᠤᠷᠤᠨ ᠤ ᠦᠨ᠎ᠡ ᠬᠠᠩᠰᠢ ᠶᠢ ᠲᠤᠭᠳᠠᠭᠠᠬᠤ ᠬᠡᠷᠡᠴᠢᠯᠡᠯᠳᠡ ᠶᠢᠨ ᠬᠤᠷᠠᠯ ᠬᠢᠨ᠎ᠡ᠂  ᠬᠡᠷᠡᠴᠢᠯᠡᠯᠳᠡ ᠶᠢᠨ ᠬᠤᠷᠠᠯ ᠳᠤ ᠤᠷᠤᠯᠴᠠᠬᠤ ᠬᠦᠮᠦᠰ᠂ ᠰᠤᠯᠠ ᠤᠷᠤᠯᠴᠠᠭᠴᠢ᠂ ᠰᠤᠨᠢᠨ ᠮᠡᠳᠡᠭᠡᠨ ᠤ ᠵᠠᠭᠤᠴᠢ ᠶᠢᠨ ᠨᠡᠷᠡᠰ᠂ ᠨᠠᠷᠠᠰ ᠢ ᠲᠤᠷᠠᠳᠤᠭᠰᠠᠨ ᠠᠷᠭ᠎ᠠ ᠬᠡᠯᠪᠡᠷᠢ ᠵᠢᠴᠢ ᠨᠡᠷ᠎ᠡ ᠮᠡᠳᠡᠭᠦᠯᠬᠦ ᠠᠷᠭ᠎ᠠ ᠶᠢ ᠲᠤᠤᠷᠠᠬᠢ ᠮᠡᠳᠦ ᠲᠤᠬᠢᠷᠠᠭᠤᠯᠪᠠ᠄ ᠨᠢᠬᠡ᠂ ᠬᠡᠷᠡᠴᠢᠯᠡᠯᠳᠡ ᠶᠢᠨ ᠬᠤᠷᠠᠯ ᠳᠤ ᠤᠷᠤᠯᠴᠠᠬᠤ ᠬᠦᠮᠦᠨ ᠤ ᠲᠤᠭ᠎ᠠ ᠶᠢ 20 ᠨᠡᠷ᠎ᠡ᠂ ᠰᠤᠯᠠ ᠤᠷᠤᠯᠴᠠᠭᠴᠢ 5 ᠨᠡᠷ᠎ᠡ᠂ ᠰᠤᠨᠢᠨ ᠮᠡᠳᠡᠭᠡᠨ ᠤ ᠵᠠᠭᠤᠴᠢ ᠠᠴᠠ 1 ᠬᠦᠮᠦᠨ ᠤᠷᠤᠯᠴᠠᠭᠤᠯᠤᠨ᠎ᠠ᠃     ᠬᠤᠶᠠᠷ᠂ ᠬᠡᠷᠡᠴᠢᠯᠡᠯᠳᠡ ᠶᠢᠨ ᠬᠤᠷᠠᠯ ᠳᠤ ᠤᠷᠤᠯᠴᠠᠬᠤ ᠬᠦᠮᠦᠰ ᠢ ᠰᠤᠩᠭᠤᠭᠰᠠᠨ ᠠᠷᠭ᠎ᠠ᠄1᠂ᠬᠡᠷᠡᠭᠯᠡᠭᠴᠢᠳ ᠦᠪᠡᠷ ᠤᠨ ᠲᠤᠷ᠎ᠠ ᠠᠴᠠ ᠪᠠᠨ ᠨᠡᠷ᠎ᠡ ᠮᠡᠳᠡᠭᠦᠯᠵᠥ᠂ ᠰᠤᠭᠤᠴᠢᠨ ᠰᠤᠩᠭᠤᠬᠤ ᠪᠠ ᠬᠡᠷᠡᠭᠯᠡᠭᠴᠢᠳ ᠤᠨ ᠵᠤᠬᠢᠶᠠᠨ ᠪᠠᠶᠢᠭᠤᠯᠤᠯᠳᠠ ᠪᠤᠶᠤ ᠪᠤᠰᠤᠳ ᠤᠯᠠᠨ ᠲᠦᠮᠡᠨᠴᠢ ᠵᠤᠬᠢᠶᠠᠨ ᠪᠠᠶᠢᠭᠤᠯᠤᠯᠳᠠ ᠲᠠᠨᠢᠯᠴᠠᠭᠤᠯᠬᠤ ᠶᠢ ᠤᠶᠠᠯᠳᠤᠭᠤᠯᠤᠭᠰᠠᠨ ᠬᠡᠯᠪᠡᠷᠢ ᠶᠢ ᠭᠡᠷᠡᠭᠯᠡᠨ᠎ᠡ᠃2᠂ ᠡᠵᠭᠡᠨᠡᠭᠴᠢ᠂ ᠦᠨ᠎ᠡ ᠲᠤᠭᠳᠠᠭᠠᠬᠤ ᠬᠡᠷᠡᠴᠢᠯᠡᠯᠳᠡ ᠶᠢᠨ ᠲᠦᠷᠦᠯ ᠵᠦᠢᠯ ᠲᠠᠢ ᠬᠠᠮᠢᠶ᠎ᠠ ᠪᠦᠬᠦᠢ ᠠᠰᠢᠭ ᠲᠤᠰᠠ ᠶᠢᠨ ᠬᠠᠷᠢᠴᠠᠭ᠎ᠠ ᠲᠠᠢ ᠡᠳᠡᠭᠡᠳ ᠦᠪᠡᠷ ᠤᠨ ᠲᠤᠷ᠎ᠠ ᠠᠴᠠ ᠪᠠᠨ ᠨᠡᠷ᠎ᠡ ᠮᠡᠳᠡᠬᠦᠯᠵᠥ᠂ ᠰᠤᠭᠤᠴᠢᠨ ᠰᠤᠩᠭᠤᠬᠤ ᠠᠷᠭ᠎ᠠ ᠶᠢ ᠠᠪᠤᠨ᠎ᠠ᠂ ᠵᠠᠰᠠᠭ ᠤᠨ ᠤᠷᠳᠤᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠤᠭᠴᠢ ᠰᠠᠯᠠᠭ᠎ᠠ ᠮᠦᠴᠢᠷ ᠠᠴᠠ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠶᠢ ᠨᠠᠶᠢᠳᠠᠬᠤ᠂ ᠵᠠᠰᠠᠭ ᠤᠨ ᠤᠷᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠨᠢᠯᠴᠠᠭᠤᠯᠤᠭᠰᠠᠨ ᠴᠤ ᠪᠤᠯᠤᠨ᠎ᠠ᠃3᠂ ᠲᠤᠰᠬᠠᠢ ᠮᠡᠷᠭᠡᠵᠢᠯᠳᠡᠨ᠂ ᠡᠷᠳᠡᠮᠳᠡᠨ᠂ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠪᠠ ᠪᠤᠰᠤᠳ ᠬᠦᠮᠦᠰ ᠢ ᠵᠠᠰᠠᠭ ᠤᠨ ᠤᠷᠳᠤᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠤᠭᠴᠢ ᠰᠠᠯᠠᠭ᠎ᠠ ᠮᠦᠴᠢᠷ ᠠᠴᠠ ᠤᠷᠢᠨ᠎ᠠ᠃ᠭᠤᠷᠪᠠ᠂ ᠨᠡᠷ᠎ᠡ ᠮᠡᠳᠡᠭᠦᠯᠬᠦ ᠠᠷᠭ᠎ᠠ᠄1᠂ ᠨᠡᠷ᠎ᠡ ᠮᠡᠳᠡᠬᠦᠯᠬᠦ ᠨᠦᠬᠦᠴᠡᠯ᠄ 18 ᠪᠦᠬᠦᠯᠢ ᠨᠠᠰᠤ ᠬᠦᠷᠴᠦ᠂ ᠢᠷᠭᠡᠨ ᠤ ᠠᠵᠢᠯᠯᠠᠭᠠᠨ ᠤ ᠴᠢᠳᠠᠪᠤᠷᠢ ᠲᠠᠢ᠂ ᠶᠠᠷᠢᠵᠥ ᠢᠯᠡᠳᠭᠡᠬᠦ ᠲᠤᠳᠤ ᠴᠡᠪᠡᠷ᠂ ᠬᠠᠷᠠᠴᠢᠨ ᠬᠤᠰᠢᠭᠤᠨ ᠳᠤ ᠪᠠᠶᠢᠩᠭᠤ ᠰᠠᠭᠤᠷᠢᠰᠢᠭᠴᠢ ᠪᠠᠶᠢᠬᠤ ᠬᠡᠷᠡᠭᠳᠡᠢ᠃2᠂ ᠨᠡᠷ᠎ᠡ ᠮᠡᠳᠡᠭᠦᠯᠬᠦ ᠭᠠᠵᠠᠷ᠄ ᠨᠠᠮ ᠵᠠᠰᠠᠭ ᠤᠨ ᠶᠡᠷᠦᠩᠭᠡᠶᠢᠯᠡᠭᠰᠡᠨ ᠠᠰᠠᠷ ᠤᠨ 7006  ᠳ᠋ᠤᠭᠠᠷ ᠲᠠᠰᠤᠭᠬᠠᠷᠢᠯᠴᠠᠬᠤ ᠬᠦᠮᠦᠨ᠄ ᠸᠠᠩ ᠵᠢᠩ ᠵᠢᠶᠧᠬᠠᠷᠢᠯᠴᠠᠬᠤ ᠤᠳᠠᠰᠤ᠄ 3752161ᠨᠡᠷ᠎ᠡ ᠮᠡᠳᠡᠭᠦᠯᠬᠦ ᠶᠢ ᠬᠢᠵᠠᠭᠠᠷᠯᠠᠬᠤ ᠴᠠᠭ᠄ 2019 ᠤᠨ ᠤ 4 ᠰᠠᠷ᠎ᠠ ᠶᠢᠨ 29 ᠤ ᠡᠳᠦᠷ          ᠬᠠᠷᠠᠴᠢᠨ ᠬᠤᠰᠢᠭᠤᠨ ᠤ ᠭᠦᠭᠵᠢᠬᠦᠯᠦᠯᠳᠡ ᠪᠠ ᠦᠭᠡᠷᠡᠴᠢᠯᠡᠯᠳᠡ ᠶᠢᠨ ᠲᠤᠪᠴᠢᠶ᠎ᠠ             ᠬᠤᠶᠠᠷ ᠮᠢᠩᠭ᠎ᠠ ᠠᠷᠪᠠ ᠶᠢᠰᠦᠨ ᠤᠨ ᠤ ᠲᠦᠷᠪᠡᠨ‌‍ᠰᠠᠷ᠎ᠠ ᠶᠢᠨ ᠬᠤᠷᠢᠨ ᠬᠤᠶᠠᠷ ᠤᠨ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号