ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ | ᠭᠡᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠄ | ︽ᠬᠠᠷᠠᠴᠢᠨ ᠬᠤᠰᠢᠭᠤᠨ ᠤ 2019 ᠣᠨ ᠤ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ | ᠬᠥᠭᠵᠢᠯᠲᠡ ᠶᠢᠨ ᠱᠠᠩᠨᠠᠨ ᠨᠥᠬᠦᠪᠥᠷᠢᠯᠡᠬᠦ ᠠᠷᠭ᠎ᠠ︾ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | 2019 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠨᠠᠶᠢᠳᠠᠪᠦᠷᠢᠵᠢᠭᠦᠯᠦᠨ | ᠬᠡᠷᠡᠭᠵᠢᠭᠦᠯᠲᠦᠭᠡᠶ᠃ | 2019 ᠣᠨ ᠤ 4 ᠰᠠᠷ᠎ᠠ ᠶᠢᠨ 1 ᠤ ᠡᠳᠦᠷ | ᠬᠠᠷᠠᠴᠢᠨ ᠬᠤᠰᠢᠭᠤᠨ ᠤ 2019 ᠣᠨ ᠤ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ᠱᠠᠩᠨᠠᠨ | ᠨᠥᠬᠦᠪᠥᠷᠢᠯᠡᠬᠦ ᠠᠷᠭ᠎ᠠ | ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ | ᠲᠠᠯ᠎ᠠ ᠪᠠᠷ ᠣᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ᠂ ᠠᠵᠤ ᠤᠶᠢᠯᠡᠰ ᠢᠶᠠᠷ | ᠶᠠᠳᠠᠭᠤ ᠶᠢ ᠲᠡᠳᠬᠦᠬᠦ ᠬᠥᠲᠥᠯᠥᠨ ᠳᠠᠭᠠᠭᠤᠯᠬᠤ ᠦᠢᠯᠡᠳᠥᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠤᠯᠠᠮ ᠨᠢᠭᠡ ᠠᠯᠬᠤᠮ ᠤᠶᠠᠯᠳᠣᠭᠤᠯᠵᠣ᠂ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯ ᠪᠠᠳᠠᠷᠠᠯ ᠪᠠ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ | ᠪᠦᠲᠦᠮᠵᠢᠲᠡᠶ ᠤᠶᠠᠯᠳᠤᠭᠤᠯᠬᠤ ᠶᠢ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ | ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠶᠡᠷᠦᠩᠬᠡᠢ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠠᠵᠤ ᠦᠢᠯᠡᠰ ᠢᠶᠠᠷ ᠶᠡᠷᠦᠩᠬᠡᠶᠢᠯᠡᠨ ᠵᠠᠬᠢᠷᠬᠤ ᠶᠢ | ᠪᠠᠷᠢᠮᠲᠠᠯᠠᠵᠤ᠂ ︽ᠬᠦᠴᠦᠷᠬᠡᠭ ᠢ ᠲᠡᠳᠬᠦᠵᠦ ᠶᠠᠳᠠᠭᠤ ᠶᠢ ᠳᠠᠶᠢᠴᠢᠯᠠᠬᠤ︾ ᠪᠣᠯᠤᠨ ︽ᠪᠡᠶ᠎ᠡ ᠪᠠᠨ ᠳᠠᠭᠠᠭᠠᠵᠤ | ᠬᠥᠭᠵᠢᠬᠦ︾ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ | ᠪᠠᠢᠭᠤᠯᠬᠤ ᠪᠠᠷ ᠳᠠᠮᠵᠢᠨ ᠰᠢᠨ᠎ᠡ ᠪᠠᠷ ᠮᠠᠨᠳᠤᠭᠰᠠᠨ ᠲᠠᠷᠢᠶᠠᠯᠠᠩ ᠮᠠᠯ ᠠᠵᠤ ᠤᠨ ᠠᠵᠤ ᠦᠢᠯᠡᠰ ᠤᠨ ᠭᠤᠣᠯ | ᠴᠣᠭᠴᠠ ᠶᠢ ᠪᠤᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠤᠶᠠᠯᠳᠠᠭᠤᠯᠵᠤ ᠂ ︽ᠠᠵᠤ ᠦᠢᠯᠡᠰ ᠬᠥᠭᠵᠢᠨ ᠪᠠᠳᠠᠷᠠᠬᠤ︾ ᠶᠢ ᠪᠡᠶᠡᠯᠡᠭᠦᠯᠦᠨ᠎ᠡ᠃ ᠶᠠᠳᠠᠭᠤ ᠬᠦᠴᠢᠷᠳᠡᠯ ᠲᠠᠢ | ᠤᠯᠠᠨ ᠲᠦᠮᠡᠨ ᠢ ᠵᠣᠬᠢᠶᠠᠨ ᠪᠠᠢᠭᠤᠯᠤᠨ ᠬᠥᠲᠥᠯᠥᠨ ᠵᠢᠯᠣᠭᠤᠳᠴᠤ ᠦᠢᠯᠡᠳᠪᠦᠷᠢᠯᠡᠯ ᠪᠠ ᠬᠥᠳᠡᠯᠮᠦᠷᠢ ᠳᠤ ᠰᠢᠭᠤᠳ | ᠪᠤᠶᠤ ᠳᠠᠮ ᠢᠶᠠᠷ ᠣᠷᠣᠯᠴᠠᠭᠤᠯᠵᠤ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠨᠢ ᠬᠥᠭᠵᠢᠭᠡᠵᠦ᠂ ᠠᠰᠢᠭ | ᠲᠤᠰᠠ ᠶᠢ ᠨᠢ ᠵᠠᠯᠭᠠᠯᠳᠤᠭᠤᠯᠬᠤ ᠲᠣᠭᠲᠠᠴᠠ ᠶᠢ ᠪᠠᠶᠢᠭᠤᠯᠤᠨ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ | ᠲᠣᠭᠲᠠᠭᠤᠨ ᠠᠰᠢᠭ ᠣᠷᠣᠯᠭ᠎ᠠ ᠣᠯᠬᠤ ᠶᠢ ᠪᠠᠲᠤᠯᠠᠵᠤ᠂ ᠠᠵᠤ ᠦᠢᠯᠡᠰ ᠬᠥᠭᠵᠢᠨ ᠮᠠᠨᠳᠤᠬᠤ ᠪᠠ ᠣᠷᠣᠯᠭ᠎ᠠ ᠪᠠᠨ | ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠬᠤ ᠳᠠᠪᠬᠤᠷ ᠬᠠᠷᠠᠯᠲᠠ ᠶᠢ ᠪᠡᠶᠡᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠲᠣᠭᠲᠠᠪᠤᠷᠢᠲᠠᠶ ᠶᠠᠳᠠᠭᠤ ᠠᠴᠠ ᠠᠩᠭᠢᠵᠢᠷᠠᠭᠤᠯᠤᠨ ᠣᠷᠣᠯᠭ᠎ᠠ ᠶᠢ ᠨᠡᠮᠡᠭᠳᠡᠭᠦᠯᠬᠦ ᠪᠠᠷ ᠭᠤᠤᠯᠯᠠᠭᠤᠯᠬᠤ | ᠬᠡᠷᠡᠭᠲᠠᠢ ᠃ ᠠᠵᠤ ᠦᠢᠯᠡᠰ ᠢ ᠪᠤᠶᠢᠵᠢᠭᠤᠯᠬᠤ ᠶᠢ ᠢᠮᠠᠭᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠭᠤᠣᠯᠯᠠᠬᠤ ᠪᠠᠶᠢᠷᠢᠨ ᠳᠤ ᠲᠠᠯᠪᠢᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ | ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠠᠵᠤ | ᠦᠢᠯᠡᠰ ᠢ ᠬᠥᠭᠵᠢᠭᠦᠯᠬᠦ ᠪᠠᠷ ᠠᠷᠭ᠎ᠠ ᠪᠠᠷᠢᠯ ᠪᠣᠯᠭᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠠᠵᠤ ᠦᠢᠯᠡᠰ | ᠬᠥᠭᠵᠢᠨ ᠪᠤᠵᠠᠭᠠᠢᠢᠷᠠᠬᠤ ᠶᠠᠪᠤᠴᠠ ᠳᠠᠬᠢ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ | ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠪᠣᠯᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠣᠷᠣᠯᠭ᠎ᠠ ᠶᠢ | ᠨᠡᠮᠡᠭᠳᠡᠭᠦᠯᠬᠦ ᠶᠢ ᠬᠠᠷᠢᠯᠴᠠᠨ ᠬᠤᠯᠪᠣᠯᠳᠤᠭᠤᠯᠤᠭᠰᠠᠨ ᠠᠰᠢᠭ ᠲᠤᠰᠠ ᠶᠢᠨ ᠲᠣᠭᠲᠠᠴᠠ ᠶᠢ ᠪᠠᠶᠢᠭᠤᠯᠵᠤ᠂ ᠶᠠᠳᠠᠭᠤ | ᠬᠦᠴᠢᠷᠳᠡᠯᠲᠡᠢ ᠬᠥᠮᠥᠨ ᠠᠮᠠ ᠳᠤ ᠠᠵᠤ ᠦᠢᠯᠡᠰ ᠤᠨ ᠬᠥᠭᠵᠢᠯᠲᠡ ᠶᠢᠨ ᠣᠷᠣᠯᠭ᠎ᠠ ᠶᠢᠨ ᠨᠡᠮᠡᠭᠳᠡᠯ ︽ᠠᠰᠢᠭ | ᠣᠷᠣᠯᠭ᠎ᠠ︾ ᠶᠢ ᠰᠢᠭᠤᠳ ᠪᠤᠶᠤ ᠳᠠᠮ ᠢᠶᠠᠷ ᠡᠳ᠋ᠯᠡᠭᠦᠯᠬᠦ ᠬᠡᠷᠡᠭᠲᠡᠢ᠃ | ︵ᠬᠤᠶᠠᠷ︶ ᠪᠥᠬᠦ ᠬᠤᠰᠢᠭᠤᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠳᠠᠭᠠᠨ᠎ᠠ᠃ ᠭᠠᠵᠠᠷ ᠣᠷᠣᠨ ᠤ | ᠪᠠᠶᠢᠳᠠᠯ ᠲᠤᠨᠢ ᠲᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠪᠠᠷᠢᠮᠲᠠᠯᠠᠨ᠂ ᠪᠥᠬᠦ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠠᠯᠤᠰ | ᠬᠡᠳᠦ ᠵᠢᠨᠲ᠋ᠥ᠋ᠯᠦᠪᠵᠢᠭᠦᠯᠭᠡ ᠪᠣᠯᠤᠨ ᠶᠡᠷᠦᠩᠬᠡᠢ ᠪᠠᠶᠢᠷᠢᠰᠢᠭᠤᠯᠤᠯ ᠤᠨ ᠳᠤᠮᠳᠠ ᠲᠥᠷᠥᠯ ᠵᠦᠢᠯ ᠢ ᠰᠦᠪᠡᠭᠴᠢᠯᠡᠨ | ᠂ ᠠᠵᠤ ᠦᠢᠯᠡᠰ ᠢ ᠪᠠᠶᠢᠷᠢᠰᠢᠭᠤᠯᠤᠨ᠂ ᠣᠳᠣ ᠶᠢᠨ ᠪᠠᠶᠢᠭ᠎ᠠ ᠰᠠᠭᠤᠷᠢ ᠳᠤ ᠰᠠᠭᠤᠷᠢᠯᠠᠵᠤ᠂ ᠭᠠᠵᠠᠷ ᠣᠷᠣᠨ ᠤ | ᠣᠨᠴᠠᠯᠢᠭ ᠢ ᠲᠣᠪᠤᠶᠢᠯᠭᠠᠨ᠂ ᠳᠠᠯᠳᠠ ᠬᠦᠴᠦᠨ ᠤ ᠳᠠᠪᠠᠭᠤᠯᠢᠭ ᠢ ᠠᠰᠢᠭᠯᠠᠵᠤ᠂ ᠪᠣᠬᠢᠷᠲᠤᠯ ᠥᠬᠡᠶ ᠠᠮᠢ ᠠᠬᠤᠢ ᠶᠢ | ᠴᠢᠬᠤᠯᠠᠴᠢᠯᠠᠨ᠂ ᠲᠠᠷᠢᠶᠠᠯᠠᠬᠤ ᠳᠤ ᠲᠣᠬᠢᠷᠠᠪᠠᠯ ᠲᠠᠷᠢᠶᠠᠯᠠᠬᠤ᠂ ᠮᠠᠯᠵᠢᠬᠤ ᠳᠤ ᠲᠣᠬᠢᠷᠠᠪᠠᠯ ᠮᠠᠯᠵᠢᠬᠤ᠂ | ᠣᠶᠢᠵᠢᠭᠤᠯᠬᠤ ᠳᠤ ᠲᠣᠬᠢᠷᠠᠪᠠᠯ ᠣᠶᠢᠵᠢᠭᠤᠯᠬᠤ᠂ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠯᠠᠪᠳᠠᠭᠤᠨ ᠢᠶᠠᠷ | ᠬᠡᠷᠡᠭᠵᠢᠭᠦᠯᠬᠦ ᠬᠡᠷᠡᠭᠲᠡᠢ᠃ | ︵ᠭᠤᠷᠪᠠ︶ ᠶᠠᠳᠠᠭᠤ ᠶᠢ ᠲᠡᠳᠬᠦᠬᠦ ᠣᠷᠣᠭᠤᠯᠤᠯᠲᠠ ᠶᠢᠨ ᠤᠳᠤᠷᠢᠳᠤᠮᠵᠢ ᠶᠢ ᠲᠣᠳᠣᠷᠬᠠᠶ ᠪᠣᠯᠭᠠᠨ᠎ᠠ᠃ ᠪᠠᠯᠠ | ᠮᠦᠩᠭᠦ ᠶᠢ ᠶᠠᠳᠠᠭᠤ ᠶᠢ ᠲᠡᠳᠬᠦᠬᠦ ᠦᠢᠯᠡᠰ ᠲᠤ ᠵᠠᠷᠤᠴᠠᠭᠤᠯᠬᠤ ᠶᠢ ᠦᠨᠡᠨ ᠬᠦ ᠪᠠᠲᠤᠯᠠᠵᠤ᠂ ᠭᠤᠤᠯᠳᠠᠯᠭ᠎ᠠ ᠪᠠᠨ | ᠶᠠᠳᠠᠭᠤ ᠠᠴᠠ ᠠᠩᠭᠢᠵᠢᠷᠠᠭᠤᠯᠬᠤ ᠭᠤᠤᠯᠯᠠᠬᠤ ᠠᠵᠤ ᠦᠢᠯᠡᠰ ᠲᠡᠶᠢᠰᠢ ᠬᠡᠯᠪᠠᠶᠢᠯᠭᠡᠵᠦ᠂ ᠬᠠᠷᠢᠴᠠᠩᠭᠤᠶ ᠶᠠᠳᠠᠭᠤ | ᠬᠦᠴᠢᠷᠳᠡᠯᠲᠡᠶ ᠭᠠᠵᠠᠷ ᠣᠷᠣᠨ ᠲᠡᠶᠢᠰᠢ ᠲᠥᠪᠯᠡᠷᠡᠭᠦᠯᠦᠨ᠂ ᠴᠢᠩᠭ᠎ᠠ ᠣᠨᠣᠪᠴᠢᠲᠠᠶ ᠱᠠᠭᠠᠷᠳᠠᠯᠭ᠎ᠠ ᠲᠠᠯᠪᠢᠵᠤ᠂ ᠡᠯ᠎ᠡ | ᠰᠢᠶᠠᠩ ᠪᠠᠯᠭᠠᠰᠤ ᠲᠣᠰᠬᠤᠨ ᠤ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ ᠳᠡᠮᠵᠢᠵᠦ᠂ ᠡᠯ᠎ᠡ ᠲᠥᠷᠥᠯ ᠤᠨ | ᠡᠵᠡᠩᠨᠡᠯᠲᠡ ᠶᠢᠨ ᠭᠤᠤᠯ ᠴᠣᠭᠴᠠ ᠶᠢᠨ ᠬᠠᠪᠰᠤᠷᠤᠨ ᠬᠤᠯᠪᠣᠭᠠᠯᠠᠵᠤ ᠳᠠᠶᠢᠴᠢᠯᠠᠬᠤ ᠶᠢ ᠬᠥᠲᠥᠯᠥᠨ ᠵᠢᠯᠣᠭᠤᠳᠴᠤ᠂ | ᠶᠠᠳᠠᠭᠤ ᠬᠦᠴᠢᠷᠳᠡᠯᠲᠡᠶ ᠡᠷᠦᠬᠡ ᠶᠢᠨ ᠪᠡᠶ᠎ᠡ ᠪᠠᠨ ᠳᠠᠭᠠᠭᠠᠨ ᠬᠥᠭᠵᠢᠬᠦ ᠶᠢ ᠵᠣᠷᠢᠭᠵᠢᠭᠤᠯᠵᠤ᠂ ᠶᠠᠳᠠᠭᠤ ᠶᠢ ᠲᠡᠳᠬᠦᠬᠦ | ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ | ︵ᠳᠥᠷᠪᠡ︶ ᠴᠢᠨᠡᠭᠡᠯᠢᠭ ᠢ ᠲᠤᠰᠠᠯᠠᠵᠤ ᠶᠠᠳᠠᠭᠤ ᠶᠢ ᠳᠠᠶᠢᠴᠢᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ | ᠃ ︽ᠲᠤᠰᠤᠯᠠᠬᠤ︾ ᠨᠢ ︽ᠳᠠᠶᠢᠴᠢᠯᠠᠬᠤ︾ ᠪᠠᠷ ᠤᠷᠢᠲᠠᠯ ᠪᠣᠯᠭᠠᠳᠠᠭ᠃ ᠬᠥᠭᠵᠢᠭᠦᠯᠬᠦ ᠴᠢᠳᠠᠪᠤᠷᠢ ᠲᠠᠢ ᠪᠠ | ᠳᠠᠶᠢᠴᠢᠯᠠᠬᠤ ᠬᠦᠰᠡᠯ ᠲᠠᠢ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠤᠷᠢᠳᠠᠪᠠᠷ ᠲᠡᠳᠬᠦᠨ | ᠳᠡᠮᠵᠢᠵᠦ᠂ ᠦᠰᠦᠨ ᠪᠤᠶᠢᠵᠢᠬᠤ ᠳᠠᠯᠳᠠ ᠬᠦᠴᠦᠨ ᠪᠠ ᠳᠠᠶᠢᠴᠢᠯᠠᠬᠤ ᠦᠢᠯᠡᠳᠥᠯ ᠲᠠᠢ ᠲᠠᠷᠢᠶᠠᠯᠠᠩ ᠮᠠᠯ ᠠᠵᠤ | ᠠᠬᠤᠢ ᠶᠢᠨ ᠭᠤᠤᠯᠯᠠᠬᠤ ᠠᠵᠤ ᠦᠢᠯᠡᠰ ᠢ ᠭᠤᠤᠯᠳᠠᠯᠭ᠎ᠠ ᠲᠠᠢ ᠲᠡᠳᠬᠦᠨ ᠳᠡᠮᠵᠢᠵᠦ᠂ ︽ᠳᠠᠶᠢᠴᠢᠯᠠᠬᠤ︾ | ᠢᠳᠡᠪᠬᠢᠵᠢᠯ ᠢ ᠳᠠᠶᠢᠴᠢᠯᠠᠨ᠂ ︽ᠴᠢᠨᠡᠭᠡᠯᠢᠭᠵᠢᠭᠦᠯᠬᠦ︾ ᠰᠢᠨ᠎ᠡ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ | ᠭᠡᠷᠡᠲᠦ ᠬᠠᠮᠢᠶᠠᠷᠤᠯᠲᠠ ᠶᠢ ᠬᠡᠷᠡᠭᠵᠢᠭᠦᠯᠵᠦ᠂ ᠠᠰᠢᠭ ᠲᠤᠰᠠ ᠶᠢ ᠴᠥᠷᠬᠡᠯᠡᠬᠦ ᠲᠣᠭᠲᠠᠴᠠ ᠶᠢ ᠨᠢᠭᠲᠠᠷᠠᠭᠤᠯᠵᠤ᠂ | ᠱᠠᠩᠨᠠᠵᠤ ᠲᠣᠷᠭᠠᠬᠤ ᠠᠷᠭ᠎ᠠ ᠶᠢ ᠴᠢᠩᠭ᠎ᠠ ᠬᠢᠨᠠᠨ ᠲᠤᠭᠲᠠᠭᠠᠵᠤ ᠂ ︽ᠴᠢᠨᠡᠭᠡᠯᠢᠭ︾ ᠤᠨ ᠭᠤᠣᠯ ᠴᠣᠭᠴᠠ | ᠪᠣᠯᠤᠨ ︽ᠶᠠᠳᠠᠭᠤ︾ ᠤᠯᠠᠨ ᠲᠦᠮᠡᠨ ᠤ ᠬᠤᠶᠠᠷ ᠲᠠᠯ᠎ᠠ ᠶᠢᠨ ᠠᠰᠢᠭ ᠲᠤᠰᠠ ᠶᠢ ᠬᠠᠮᠤᠭ ᠤᠨ ᠶᠡᠭᠡ ᠪᠣᠯᠭᠠᠬᠤ ᠶᠢ | ᠪᠡᠶᠡᠯᠡᠭᠦᠯᠬᠦ ᠬᠡᠷᠡᠭᠲᠡᠢ᠃ | ︵ᠲᠠᠪᠤ︶ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠴᠢᠬᠤᠯᠠᠴᠢᠯᠠᠨ᠎ᠠ᠃ ︽ᠲᠣᠪᠶᠤᠭ ᠤᠨ ᠬᠡᠯᠪᠡᠷᠢ︾ | ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠤᠤᠯᠳᠠᠯᠭ᠎ᠠ ᠪᠣᠯᠭᠠᠵᠤ᠂ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ | ᠪᠠᠶᠢᠭᠠᠳᠲ᠋ᠤᠰ ᠪᠡᠶ᠎ᠡ ᠶᠢᠨ ᠬᠡᠷᠡᠭᠴᠡᠭᠡ ᠳᠤ ᠲᠣᠬᠢᠷᠠᠭᠰᠠᠨ ᠠᠵᠤ ᠦᠢᠯᠡᠰ ᠤᠨ ᠲᠥᠷᠥᠯ ᠵᠦᠢᠯ ᠢ ᠡᠵᠡᠨ ᠮᠡᠳᠡᠨ | ᠰᠣᠩᠭᠤᠭᠤᠯᠵᠤ᠂ ᠲᠤᠰ ᠪᠡᠶ᠎ᠡ ᠶᠢᠨ ᠣᠷᠣᠯᠭ᠎ᠠ ᠪᠠᠨ ᠨᠡᠮᠡᠭᠳᠡᠭᠦᠯᠦᠨ ᠶᠠᠳᠠᠭᠤ ᠠᠴᠠ ᠠᠩᠭᠢᠵᠢᠷᠠᠭᠤᠯᠬᠤ ᠶᠢ | ᠪᠡᠶᠡᠯᠡᠭᠦᠯᠦᠨ᠎ᠡ᠃ ᠡᠭᠦᠨ ᠤ ᠬᠠᠮᠲᠤ ᠴᠡᠭ ᠢᠶᠠᠷ ᠨᠡᠶᠢᠳᠡᠮ ᠬᠡᠰᠡᠭ ᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ︽ | ᠪᠠᠭ᠎ᠠ ᠬᠡᠪᠴᠢᠶ᠎ᠡ᠂ ᠶᠡᠭᠡ ᠪᠦᠯᠬᠦᠮ᠂ ᠠᠵᠤ ᠦᠢᠯᠡᠰ︾ ᠤᠨ ᠬᠥᠭᠵᠢᠯᠲᠡ ᠶᠢᠨ ᠠᠷᠭ᠎ᠠ ᠬᠡᠯᠪᠡᠷᠢ ᠪᠠᠷ ᠳᠠᠮᠵᠢᠭᠤᠯᠵᠤ᠂ | ᠲᠥᠪᠯᠡᠷᠡᠭᠦᠯᠦᠨ ᠬᠥᠭᠵᠢᠭᠦᠯᠬᠦ ᠠᠵᠤ ᠦᠢᠯᠡᠰ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ | ᠭᠤᠷᠪᠠ᠂ ︽ᠴᠢᠨᠡᠭᠡᠯᠢᠭ ᠢ ᠲᠤᠰᠠᠯᠠᠵᠤ ᠶᠠᠳᠠᠭᠤ ᠶᠢ ᠳᠠᠶᠢᠴᠢᠯᠠᠬᠤ ︾ ᠬᠥᠭᠵᠢᠯᠲᠡ ᠶᠢᠨ ᠠᠷᠭ᠎ᠠ ᠬᠡᠯᠪᠡᠷᠢ | ︵ᠨᠢᠭᠡ︶ ᠳᠠᠶᠢᠴᠢᠯᠠᠬᠤ ᠵᠠᠭᠪᠤᠷ | ᠤᠷᠤᠶᠢᠯᠠᠭᠴᠢ ᠠᠵᠤ ᠠᠬᠤᠢᠢᠯᠠᠯ᠂ ᠬᠤᠷᠰᠢᠭᠰᠠᠨ ᠵᠣᠬᠢᠶᠠᠨ ᠪᠠᠢᠭᠤᠯᠤᠯᠲᠠ᠂ ᠴᠢᠳᠠᠪᠤᠷᠢᠲᠠᠨ ᠲᠣᠮᠣ ᠡᠷᠦᠬᠡ ᠵᠡᠷᠭᠡ | ᠵᠣᠬᠢᠬᠤ ᠬᠡᠪᠴᠢᠶᠡᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠵᠦ᠂ | ᠪᠦᠲᠦᠭᠡᠨ ᠪᠠᠶᠢᠭᠤᠯᠤᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ᠂ ᠶᠠᠳᠠᠭᠤ ᠬᠦᠴᠢᠷᠳᠡᠯᠲᠡᠶ | ᠣᠯᠠᠨ ᠲᠦᠮᠡᠨ ᠢ ᠳᠠᠭᠠᠭᠤᠯᠤᠨ ᠦᠢᠯᠡᠳᠪᠦᠷᠢᠯᠡᠯ ᠡᠵᠡᠩᠨᠡᠯᠲᠡ ᠳᠤ ᠣᠷᠣᠯᠴᠠᠬᠤ ᠪᠤᠶᠤ ᠠᠵᠢᠯ ᠬᠥᠳᠡᠯᠮᠦᠷᠢ ᠬᠢᠬᠦ ᠶᠢ | ᠳᠠᠶᠢᠴᠢᠯᠠᠬᠤ ᠪᠠᠷ ᠳᠠᠮᠵᠢᠭᠤᠯᠤᠨ ᠣᠷᠣᠯᠭ᠎ᠠ ᠢ ᠨᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠬᠥᠮᠥᠨ ᠠᠮᠠ ᠯᠤᠭ᠎ᠠ | ᠠᠰᠢᠭ ᠲᠤᠰᠠ ᠶᠢ ᠵᠠᠯᠭᠠᠯᠳᠤᠭᠤᠯᠬᠤ ᠭᠦᠢᠴᠡᠳ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠤᠨ ᠶᠠᠳᠠᠭᠤ ᠶᠢ | ᠲᠡᠳᠬᠦᠬᠦ ᠪᠠᠯᠠ ᠮᠥᠩᠭᠦ ᠪᠠᠷ ᠵᠣᠬᠢᠬᠤ ᠨᠥᠬᠦᠪᠥᠷᠢ ᠥᠭᠴᠦ ᠲᠡᠳᠬᠦᠬᠦ ᠶᠢᠨ ᠤᠯᠠᠮ ᠠᠴᠠ ︽ᠠᠵᠤ ᠦᠢᠯᠡᠰ ᠢ | ᠪᠤᠵᠠᠭᠠᠶᠢᠷᠠᠭᠤᠯᠬᠤ︾ ᠪᠠ ︽ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ︾ ᠳᠠᠪᠬᠤᠷ ᠬᠠᠷᠠᠯᠲᠠ ᠶᠢ | ᠪᠡᠶᠡᠯᠡᠭᠦᠯᠦᠨ᠎ᠡ᠃ | ︵ᠬᠤᠶᠠᠷ︶ ᠬᠡᠷᠡᠭᠵᠢᠭᠦᠯᠬᠦ ᠬᠡᠪᠴᠢᠶ᠎ᠡ | ᠪᠥᠬᠦ ᠬᠤᠰᠢᠭᠤᠨ ᠤ ᠬᠡᠪᠴᠢᠶᠡᠨ ᠳᠤ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠡᠷᠬᠢᠯᠡᠵᠦ ᠪᠠᠶᠢᠭ᠎ᠠ | ᠬᠤᠰᠢᠭᠤᠨ ᠳᠣᠲᠣᠷ᠎ᠠ ᠭᠠᠳᠠᠨᠠᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠢᠢᠯᠠᠯ᠂ ᠬᠤᠷᠰᠢᠭᠰᠠᠨ ᠵᠣᠬᠢᠶᠠᠨ | ᠪᠠᠢᠭᠤᠯᠤᠯᠲᠠ᠂ ᠴᠢᠳᠠᠪᠤᠷᠢᠲᠠᠨ ᠤ ᠲᠣᠮᠣ ᠡᠷᠦᠬᠡ᠃ ︵ᠶᠡᠭᠡ ᠬᠡᠪᠴᠢᠶᠡᠨᠠᠵᠤ ᠦᠢᠯᠡᠰ ᠲᠤ ᠨᠢᠭᠡ ᠬᠡᠷᠡᠭ ᠢ ᠨᠢᠭᠡ | ᠵᠥᠪᠯᠡᠬᠦ ᠢ ᠬᠡᠷᠡᠭᠵᠢᠭᠦᠯᠦᠨ᠎ᠡ︶ | ︵ᠭᠤᠷᠪᠠ︶ ᠬᠡᠷᠡᠭᠵᠢᠭᠦᠯᠬᠦ ᠴᠠᠭ | 2019 ᠣᠨ ᠤ 1ᠰᠠᠷ᠎ᠠ — 12 ᠰᠠᠷ᠎ᠠ | ︵ᠳᠥᠷᠪᠡ︶ ᠠᠵᠤ ᠦᠢᠯᠡᠰ ᠢᠶᠠᠷ ᠳᠠᠶᠢᠴᠢᠯᠠᠬᠤ ᠱᠠᠩᠨᠠᠯ ᠨᠥᠬᠦᠪᠥᠷᠢ ᠵᠢᠨᠪᠠᠷᠢᠮᠵᠢᠶᠠ | 1᠂ ᠲᠠᠷᠢᠶᠠᠯᠠᠩ ᠤᠨ ᠲᠥᠬᠦᠷᠢᠶᠡᠮᠵᠢ | ︵1︶ ᠨᠡᠷᠡᠨ ᠭᠡᠷᠡᠯ ᠤᠨ ᠬᠦᠯᠡᠮᠵᠢ᠄ ᠰᠢᠨ᠎ᠡ ᠪᠠᠷ 100 ᠮᠤ᠋ ᠲᠥᠪᠯᠡᠷᠡᠵᠤ ᠵᠠᠯᠭᠠᠯᠳᠤᠨ ᠪᠠᠶᠢᠭᠤᠯᠤᠭᠰᠠᠨ ᠪᠤᠶᠤ | 100 ᠮᠤ᠋ ᠦᠷᠭᠦᠯᠵᠢᠯᠡᠨ ᠪᠠᠶᠢᠭᠤᠯᠤᠭᠰᠠᠨ ︵ᠦᠷᠭᠦᠯᠵᠢᠯᠡᠨ ᠪᠠᠶᠢᠭᠤᠯᠬᠤ ᠲᠠᠯᠠᠪᠠᠢ ᠨᠢ 50 ᠮᠤ᠋ ᠠᠴᠠ ᠳᠣᠣᠷ᠎ᠠ | ᠪᠠᠶᠢᠵᠤ ᠪᠤᠯᠬᠤ ᠦᠭᠡᠢ︶ ᠨᠡᠷᠡᠨ ᠭᠡᠷᠡᠯ ᠤᠨ ᠬᠦᠯᠡᠮᠵᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ | ᠳᠣᠣᠷᠠᠬᠢ ᠵᠢᠭᠰᠠᠭᠠᠭᠰᠠᠨ ᠨᠥᠬᠦᠴᠡᠯ ᠤᠨ ᠨᠢᠭᠡ ᠳᠤ ᠨᠡᠶᠢᠴᠡᠪᠡᠯ᠄ ①ᠶᠠᠳᠠᠭᠤ ᠬᠦᠴᠢᠷᠳᠡᠯᠲᠡᠶ ᠡᠷᠦᠬᠡ ᠶᠢ | ᠲᠠᠶᠢᠴᠢᠯᠠᠨ ᠦᠢᠯᠡᠳᠪᠦᠷᠢᠯᠡᠯ ᠡᠵᠡᠩᠨᠡᠯᠲᠡ ᠳᠤ ᠰᠢᠭᠤᠳ ᠣᠷᠣᠯᠴᠠᠭᠤᠯᠬᠤ ᠨᠢ ᠬᠦᠷᠢᠶᠡᠯᠡᠩᠲ᠋ᠣᠭᠤᠷᠢᠭ ᠤᠨ ᠶᠡᠷᠦᠩᠬᠡᠶ | ᠦᠢᠯᠡᠳᠪᠦᠷᠢᠯᠡᠯᠡᠵᠡᠩᠨᠡᠯᠲᠡ ᠶᠢᠨ10% ᠡᠴᠠᠲ᠋ᠣᠣᠷᠠ ᠪᠠᠶᠢᠯᠭᠠᠬᠤ ᠦᠭᠡᠢ ︔② ᠦᠢᠯᠡᠳᠪᠦᠷᠢᠯᠡᠯ | ᠡᠵᠡᠩᠨᠡᠯᠲᠡ ᠶᠢᠨ ᠶᠠᠪᠤᠴᠠ ᠳᠤ᠂ ᠲᠠᠪᠤᠨ ᠵᠢᠯ ᠳᠠᠷᠠᠭᠠᠯᠠᠨ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠠᠵᠢᠯ | ᠲᠣᠬᠢᠷᠠᠭᠤᠯᠵᠤ ᠬᠢᠯᠭᠡᠬᠦ ᠪᠠᠷ ᠳᠠᠮᠵᠢᠨ᠂ ᠵᠢᠯ ᠪᠦᠷᠢ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠥᠭᠬᠦ | ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ ᠪᠡᠯᠡᠮᠥ᠋ᠩᠭᠦ ᠶᠢᠨ5% ᠡᠴᠠᠲ᠋ᠣᠣᠷᠠ ᠪᠠᠶᠢᠯᠭᠠᠬᠤ ᠦᠭᠡᠢ᠂ | ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ 5000 | ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ ᠨᠥᠬᠦᠪᠥᠷᠢ ᠶᠢᠨ ᠪᠡᠯᠡ ᠮᠥᠩᠭᠦ ᠶᠢᠨ 5% / 5000 | ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ ᠳᠠᠶᠢᠴᠢᠯᠠᠬᠤ ᠬᠥᠮᠦᠨ ᠤ ᠲᠤᠭ᠎ᠠ ︶᠃ ᠬᠦᠯᠡᠮᠵᠢ ᠶᠢᠨ | ᠬᠡᠷᠡᠮ ᠢ ᠮᠲ᠋ᠧᠷ ᠪᠦᠷᠢ ᠳᠤ 200 ᠲᠥᠭᠦᠷᠢᠭ ᠤᠨ ᠨᠥᠬᠦᠪᠥᠷᠢ ᠥᠭᠴᠦ᠂ ᠬᠠᠮᠢᠶᠠᠷᠤᠯᠲᠠ ᠶᠢᠨ ᠥᠷᠥᠭᠡ ᠪᠦᠷᠢ ᠳᠤ | 5000 ᠲᠥᠭᠦᠷᠢᠭ ᠤᠨ ᠨᠥᠬᠦᠪᠥᠷᠢ ᠥᠭᠭᠦᠨ᠎ᠡ᠃ 200 ᠮᠤ᠋ ᠠᠴᠠ ᠳᠡᠭᠡᠭᠰᠢ ᠪᠣᠯᠤᠭᠰᠠᠨ ᠪᠠᠶᠢᠪᠠᠯ᠂ ᠬᠦᠷᠢᠶᠡᠯᠡᠩ | ᠲᠣᠭᠤᠷᠢᠭ ᠤᠨ ᠤᠰᠤ ᠴᠠᠬᠢᠯᠭᠠᠨ ᠵᠠᠮ ᠤᠨ ᠢᠵᠢ ᠪᠦᠷᠢᠳᠦᠭᠦᠯᠬᠦ ᠲᠥᠷᠥᠯ ᠵᠦᠢᠯ ᠢ ᠰᠢᠳᠪᠦᠷᠢᠯᠡᠨ᠎ᠡ ︵ᠲᠥᠷᠥᠯ | ᠵᠦᠢᠯ ᠢ ᠰᠢᠶᠠᠩ ᠪᠠᠯᠭᠠᠰᠤ ᠠᠴᠠ ᠭᠤᠶᠤᠴᠢᠯᠠᠨ ᠬᠡᠷᠡᠭᠵᠢᠭᠦᠯᠦᠨ᠎ᠡ᠂ ᠢᠵᠢ ᠪᠦᠷᠢᠳᠦᠭᠦᠯᠬᠦ ᠨᠥᠬᠦᠪᠥᠷᠢ ᠶᠢ ᠠᠵᠢᠯ | ᠬᠥᠳᠡᠯᠮᠦᠷᠢ ᠬᠢᠵᠦ ᠳᠠᠶᠢᠴᠢᠯᠠᠬᠤ ᠨᠥᠬᠦᠪᠥᠷᠢ ᠳᠤ ᠪᠣᠳᠣᠵᠤ ᠣᠷᠣᠭᠤᠯᠬᠤ ᠥᠬᠡᠶ︶᠃ | ︵2︶ ᠬᠦᠢᠲᠡᠨ ᠫᠧᠩ᠄ | 50 ᠮᠤ᠋ ᠠᠴᠠ ᠳᠡᠭᠡᠭᠰᠢᠬᠢ ᠰᠢᠨ᠎ᠡ ᠪᠠᠷ ᠪᠠᠶᠢᠭᠤᠯᠤᠭᠰᠠᠨ ᠲᠥᠪᠯᠡᠷᠡᠨ ᠵᠠᠯᠭᠠᠯᠳᠤᠭᠰᠠᠨ ᠬᠦᠢᠲᠡᠨ ᠫᠧᠩ ᠲᠣᠭᠤᠷᠢᠭ | ᠨᠢ ᠳᠣᠣᠷᠠᠬᠢ ᠵᠢᠭᠰᠠᠭᠠᠭᠰᠠᠨ ᠨᠥᠬᠦᠴᠡᠯ ᠤᠨ ᠨᠢᠭᠡ ᠳᠤ ᠨᠡᠶᠢᠴᠡᠪᠡᠯ᠄ ①ᠶᠠᠳᠠᠭᠤ ᠬᠦᠴᠢᠷᠳᠡᠯᠲᠡᠶ ᠡᠷᠦᠬᠡ ᠶᠢ | ᠲᠠᠶᠢᠴᠢᠯᠠᠨ ᠦᠢᠯᠡᠳᠪᠦᠷᠢᠯᠡᠯ ᠡᠵᠡᠩᠨᠡᠯᠲᠡ ᠳᠤ ᠰᠢᠭᠤᠳ ᠣᠷᠣᠯᠴᠠᠭᠤᠯᠬᠤ ᠨᠢ ᠬᠦᠷᠢᠶᠡᠯᠡᠩᠲ᠋ᠣᠭᠤᠷᠢᠭ ᠤᠨ ᠶᠡᠷᠦᠩᠬᠡᠶ | ᠦᠢᠯᠡᠳᠪᠦᠷᠢᠯᠡᠯᠡᠵᠡᠩᠨᠡᠯᠲᠡ ᠶᠢᠨ20% ᠡᠴᠠᠲ᠋ᠣᠣᠷᠠ ᠪᠠᠶᠢᠯᠭᠠᠬᠤ ᠦᠭᠡᠢ ︔② ᠦᠢᠯᠡᠳᠪᠦᠷᠢᠯᠡᠯ | ᠡᠵᠡᠩᠨᠡᠯᠲᠡ ᠶᠢᠨ ᠶᠠᠪᠤᠴᠠ ᠳᠤ᠂ ᠲᠠᠪᠤᠨ ᠵᠢᠯ ᠳᠠᠷᠠᠭᠠᠯᠠᠨ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠠᠵᠢᠯ | ᠲᠣᠬᠢᠷᠠᠭᠤᠯᠵᠤ ᠬᠢᠯᠭᠡᠬᠦ ᠪᠠᠷ ᠳᠠᠮᠵᠢᠨ᠂ ᠵᠢᠯ ᠪᠦᠷᠢ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠥᠭᠬᠦ | ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ ᠪᠡᠯᠡᠮᠥ᠋ᠩᠭᠦ ᠶᠢᠨ5% ᠡᠴᠠᠲ᠋ᠣᠣᠷᠠᠪᠠᠶᠢᠯᠭᠠᠬᠤ ᠦᠭᠡᠢ᠂ | ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ | 5000 ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ ᠨᠥᠬᠦᠪᠥᠷᠢ ᠶᠢᠨ ᠪᠡᠯᠡ ᠮᠥᠩᠭᠦ ᠶᠢᠨ 5% / | 5000 ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ ᠳᠠᠶᠢᠴᠢᠯᠠᠬᠤ ᠬᠥᠮᠦᠨ ᠤ ᠲᠤᠭ᠎ᠠ ︶᠃ ᠮᠣ᠋ | ᠪᠦᠷᠢ ᠶᠢᠨ ᠴᠡᠪᠡᠷ ᠲᠠᠯᠠᠪᠠᠢ ᠳᠤ 2000 ᠲᠥᠭᠦᠷᠢᠭ ᠤᠨ ᠨᠥᠬᠦᠪᠥᠷᠢ ᠥᠭᠭᠦᠨ᠎ᠡ᠃ 100 ᠮᠤ᠋ ᠠᠴᠠ ᠳᠡᠭᠡᠭᠰᠢ | ᠪᠣᠯᠤᠭᠰᠠᠨ ᠪᠠᠶᠢᠪᠠᠯ᠂ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠵᠠᠮ ᠤᠨ ᠢᠵᠢ ᠪᠦᠷᠢᠳᠦᠭᠦᠯᠬᠦ ᠲᠥᠷᠥᠯ | ᠵᠦᠢᠯ ᠢ ᠰᠢᠳᠪᠦᠷᠢᠯᠡᠨ᠎ᠡ ︵ᠲᠥᠷᠥᠯᠵᠤᠶᠢᠯ ᠢ ᠰᠢᠶᠠᠩ ᠪᠠᠯᠭᠠᠰᠤ ᠠᠴᠠ ᠭᠤᠶᠤᠴᠢᠯᠠᠨ ᠬᠡᠷᠡᠭᠵᠢᠭᠦᠯᠦᠨ᠎ᠡ᠂ ᠢᠵᠢ | ᠪᠦᠷᠢᠳᠦᠭᠦᠯᠬᠦ ᠨᠥᠬᠦᠪᠥᠷᠢ ᠶᠢ ᠠᠵᠢᠯ ᠬᠥᠳᠡᠯᠮᠦᠷᠢ ᠬᠢᠵᠦ ᠳᠠᠶᠢᠴᠢᠯᠠᠬᠤ ᠨᠥᠬᠦᠪᠥᠷᠢ ᠳᠤ ᠪᠣᠳᠣᠵᠤ ᠣᠷᠣᠭᠤᠯᠬᠤ | ᠥᠬᠡᠶ︶᠃ | ︵3︶ ᠢᠳᠡᠰᠢᠨ ᠤ ᠮᠥᠬᠦ᠄ | 50 ᠮᠤ᠋ ᠠᠴᠠ ᠳᠡᠭᠡᠭᠰᠢᠬᠢ ᠰᠢᠨ᠎ᠡ ᠪᠠᠷ ᠪᠠᠶᠢᠭᠤᠯᠤᠭᠰᠠᠨ ᠲᠥᠪᠯᠡᠷᠡᠨ ᠵᠠᠯᠭᠠᠯᠳᠤᠭᠰᠠᠨ ᠬᠦᠢᠲᠡᠨ ᠰᠠᠷᠠᠪᠴᠢᠲᠤ | ᠢᠳᠡᠰᠢᠨ ᠤ ᠮᠥᠭᠦ ᠶᠢᠨ ᠲᠣᠭᠤᠷᠢᠭ ᠨᠢ ᠳᠣᠣᠷᠠᠬᠢ ᠵᠢᠭᠰᠠᠭᠠᠭᠰᠠᠨ ᠨᠥᠬᠦᠴᠡᠯ ᠤᠨ ᠨᠢᠭᠡ ᠳᠤ ᠨᠡᠶᠢᠴᠡᠪᠡᠯ | ①ᠶᠠᠳᠠᠭᠤ ᠬᠦᠴᠢᠷᠳᠡᠯᠲᠡᠶ ᠡᠷᠦᠬᠡ ᠶᠢ ᠲᠠᠶᠢᠴᠢᠯᠠᠨ ᠦᠢᠯᠡᠳᠪᠦᠷᠢᠯᠡᠯ ᠡᠵᠡᠩᠨᠡᠯᠲᠡ ᠳᠤ ᠰᠢᠭᠤᠳ | ᠣᠷᠣᠯᠴᠠᠭᠤᠯᠬᠤ ᠨᠢ ᠬᠦᠷᠢᠶᠡᠯᠡᠩᠲ᠋ᠣᠭᠤᠷᠢᠭ ᠤᠨ ᠶᠡᠷᠦᠩᠬᠡᠶ ᠦᠢᠯᠡᠳᠪᠦᠷᠢᠯᠡᠯᠡᠵᠡᠩᠨᠡᠯᠲᠡ ᠶᠢᠨ10% ᠡᠴᠠᠲ᠋ᠣᠣᠷᠠ | ᠪᠠᠶᠢᠯᠭᠠᠬᠤ ᠦᠭᠡᠢ ︔② ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ᠂ ᠲᠠᠪᠤᠨ ᠵᠢᠯ ᠳᠠᠷᠠᠭᠠᠯᠠᠨ ᠶᠠᠳᠠᠭᠤ | ᠬᠦᠴᠢᠷᠳᠡᠯ ᠲᠠᠢ ᠬᠥᠮᠥᠨ ᠠᠮᠠ ᠳᠤ ᠠᠵᠢᠯ ᠲᠣᠬᠢᠷᠠᠭᠤᠯᠵᠤ ᠬᠢᠯᠭᠡᠬᠦ ᠪᠠᠷ ᠳᠠᠮᠵᠢᠨ᠂ ᠵᠢᠯ ᠪᠦᠷᠢ ᠶᠠᠳᠠᠭᠤ | ᠬᠦᠴᠢᠷᠳᠡᠯ ᠲᠠᠢ ᠬᠥᠮᠥᠨ ᠠᠮᠠ ᠳᠤ ᠥᠭᠬᠦ ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ | ᠪᠡᠯᠡᠮᠥ᠋ᠩᠭᠦ ᠶᠢᠨ5% ᠡᠴᠠᠲ᠋ᠣᠣᠷᠠᠪᠠᠶᠢᠯᠭᠠᠬᠤ ᠦᠭᠡᠢ᠂ ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ | ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ 5000 ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ | ᠨᠥᠬᠦᠪᠥᠷᠢ ᠶᠢᠨ ᠪᠡᠯᠡ ᠮᠥᠩᠭᠦ ᠶᠢᠨ 5% / 5000 ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ | ᠳᠠᠶᠢᠴᠢᠯᠠᠬᠤ ᠬᠥᠮᠦᠨ ᠤ ᠲᠤᠭ᠎ᠠ ︶᠃ ᠮᠤ᠋ ᠪᠦᠷᠢ ᠶᠢᠨ ᠴᠡᠪᠡᠷ ᠲᠠᠯᠠᠪᠠᠢ ᠳᠤ 2000 ᠲᠥᠭᠦᠷᠢᠭ ᠤᠨ ᠨᠥᠬᠦᠪᠥᠷᠢ | ᠥᠭᠭᠦᠨ᠎ᠡ᠂ ᠮᠥᠬᠦ ᠶᠢᠨ ᠤᠭᠤᠳ᠋ᠨ ᠪᠦᠷᠢ ᠳᠤ 0.30 ᠲᠥᠭᠦᠷᠢᠭ ᠤᠨ ᠨᠥᠬᠦᠪᠥᠷᠢ ᠥᠭᠭᠦᠨ᠎ᠡ ︵ᠤᠤᠯ ᠤᠨ | ᠢᠳᠡᠰᠢᠨ ᠤ ᠮᠥᠭᠦ ᠶᠢᠨ ᠬᠦᠢᠲᠡᠨ ᠰᠠᠷᠠᠪᠴᠢᠨ ᠳᠤ ᠮᠥᠭᠦ ᠶᠢᠨ ᠤᠭᠤᠲᠠᠨ ᠤ ᠨᠥᠬᠦᠪᠥᠷᠢ ᠬᠦᠷᠲᠡᠭᠡᠨ᠎ᠡ︶᠃ 100 | ᠮᠤ᠋ ᠠᠴᠠ ᠳᠡᠭᠡᠭᠰᠢ ᠪᠣᠯᠤᠭᠰᠠᠨ ᠪᠠᠶᠢᠪᠠᠯ᠂ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠵᠠᠮ ᠤᠨ ᠢᠵᠢ | ᠪᠦᠷᠢᠳᠦᠭᠦᠯᠬᠦ ᠲᠥᠷᠥᠯ ᠵᠦᠢᠯ ᠢ ᠰᠢᠳᠪᠦᠷᠢᠯᠡᠨ᠎ᠡ ︵ᠲᠥᠷᠥᠯ ᠵᠦᠶ᠋ᠯ ᠢ ᠰᠢᠶᠠᠩ ᠪᠠᠯᠭᠠᠰᠤ ᠠᠴᠠ ᠭᠤᠶᠤᠴᠢᠯᠠᠨ | ᠬᠡᠷᠡᠭᠵᠢᠭᠦᠯᠦᠨ᠎ᠡ᠂ ᠢᠵᠢ ᠪᠦᠷᠢᠳᠦᠭᠦᠯᠬᠦ ᠨᠥᠬᠦᠪᠥᠷᠢ ᠶᠢ ᠠᠵᠢᠯ ᠬᠥᠳᠡᠯᠮᠦᠷᠢ ᠬᠢᠵᠦ ᠳᠠᠶᠢᠴᠢᠯᠠᠬᠤ ᠨᠥᠬᠦᠪᠥᠷᠢ ᠳᠤ | ᠪᠣᠳᠣᠵᠤ ᠣᠷᠣᠭᠤᠯᠬᠤ ᠥᠬᠡᠶ︶᠃ | ︵4︶ ᠵᠠᠳᠠᠭᠠᠶ ᠮᠣᠳᠣᠨ ᠳᠡᠯᠳᠦ᠄ | 50 ᠮᠤ᠋ ᠠᠴᠠ ᠳᠡᠭᠡᠭᠰᠢᠬᠢ ᠰᠢᠨ᠎ᠡ ᠪᠠᠷ ᠪᠠᠶᠢᠭᠤᠯᠤᠭᠰᠠᠨ ᠲᠥᠪᠯᠡᠷᠡᠨ ᠵᠠᠯᠭᠠᠯᠳᠤᠭᠰᠠᠨ ᠵᠠᠳᠠᠭᠠᠶ ᠮᠣᠳᠣᠨ ᠳᠡᠯᠳᠡᠦ ᠨᠢ | ᠳᠣᠣᠷᠠᠬᠢ ᠵᠢᠭᠰᠠᠭᠠᠭᠰᠠᠨ ᠨᠥᠬᠦᠴᠡᠯ ᠤᠨ ᠨᠢᠭᠡ ᠳᠤ ᠨᠡᠶᠢᠴᠡᠪᠡᠯ᠄ ①ᠶᠠᠳᠠᠭᠤ ᠬᠦᠴᠢᠷᠳᠡᠯᠲᠡᠶ ᠡᠷᠦᠬᠡ ᠶᠢ | ᠲᠠᠶᠢᠴᠢᠯᠠᠨ ᠦᠢᠯᠡᠳᠪᠦᠷᠢᠯᠡᠯ ᠡᠵᠡᠩᠨᠡᠯᠲᠡ ᠳᠤ ᠰᠢᠭᠤᠳ ᠣᠷᠣᠯᠴᠠᠭᠤᠯᠬᠤ ᠨᠢ ᠬᠦᠷᠢᠶᠡᠯᠡᠩᠲ᠋ᠣᠭᠤᠷᠢᠭ ᠤᠨ ᠶᠡᠷᠦᠩᠬᠡᠶ | ᠦᠢᠯᠡᠳᠪᠦᠷᠢᠯᠡᠯ ᠡᠵᠡᠩᠨᠡᠯᠲᠡ ᠶᠢᠨ10% ᠡᠴᠠᠲ᠋ᠣᠣᠷᠠ ᠪᠠᠶᠢᠯᠭᠠᠬᠤ ᠦᠭᠡᠢ ︔② ᠦᠢᠯᠡᠳᠪᠦᠷᠢᠯᠡᠯ | ᠡᠵᠡᠩᠨᠡᠯᠲᠡ ᠶᠢᠨ ᠶᠠᠪᠤᠴᠠ ᠳᠤ᠂ ᠲᠠᠪᠤᠨ ᠵᠢᠯ ᠳᠠᠷᠠᠭᠠᠯᠠᠨ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠠᠵᠢᠯ | ᠲᠣᠬᠢᠷᠠᠭᠤᠯᠵᠤ ᠬᠢᠯᠭᠡᠬᠦ ᠪᠠᠷ ᠳᠠᠮᠵᠢᠨ᠂ ᠵᠢᠯ ᠪᠦᠷᠢ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠥᠭᠬᠦ | ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ ᠪᠡᠯᠡᠮᠥ᠋ᠩᠭᠦ ᠶᠢᠨ5% ᠡᠴᠠᠲ᠋ᠣᠣᠷᠠᠪᠠᠶᠢᠯᠭᠠᠬᠤ ᠦᠭᠡᠢ᠂ | ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ 5000 | ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ ᠨᠥᠬᠦᠪᠥᠷᠢ ᠶᠢᠨ ᠪᠡᠯᠡ ᠮᠥᠩᠭᠦ ᠶᠢᠨ 5% / 5000 | ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ ᠳᠠᠶᠢᠴᠢᠯᠠᠬᠤ ᠬᠥᠮᠦᠨ ᠤ ᠲᠤᠭ᠎ᠠ︶᠂ ᠳᠡᠯᠳᠡᠦ ᠶᠢᠨ | ᠤᠭᠤᠳ᠋ᠨ ᠪᠦᠷᠢ ᠳᠤ 0.03 ᠲᠥᠭᠦᠷᠢᠭ ᠤᠨ ᠨᠥᠬᠦᠪᠥᠷᠢ ᠥᠭᠭᠦᠨ᠎ᠡ᠃ | 2᠂ ᠬᠥᠯᠳᠡᠭᠡᠨ ᠬᠠᠳᠠᠭᠠᠯᠠᠬᠤ ᠬᠥᠮᠥᠷᠭᠡ | ︵1︶ ᠰᠢᠨ᠎ᠡ ᠰᠣᠷᠭᠤᠭ ᠢ ᠬᠠᠳᠠᠭᠠᠯᠠᠬᠤ ᠬᠥᠮᠥᠷᠭᠡ᠄ | ᠰᠢᠨ᠎ᠡ ᠪᠠᠷ ᠪᠠᠶᠢᠭᠤᠯᠤᠭᠰᠠᠨ ᠪᠠᠷᠢᠮᠵᠢᠶᠠᠵᠢᠭᠰᠠᠨ ᠰᠢᠨ᠎ᠡ ᠰᠣᠷᠭᠤᠭ ᠢ ᠪᠠᠲᠤᠯᠠᠬᠤ ᠬᠥᠮᠥᠷᠭᠡ ᠶᠢᠨ ᠲᠠᠯᠠᠪᠠᠢ ᠨᠢ | 2000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠵᠦ᠂ ᠳᠣᠤᠷ᠎ᠠ ᠵᠢᠭᠰᠠᠭᠠᠭᠰᠠᠨ ᠨᠥᠬᠦᠴᠡᠯ ᠳᠤ | ᠨᠡᠶᠢᠴᠡᠪᠡᠯ᠄ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ᠂ ᠲᠠᠪᠤᠨ ᠵᠢᠯ ᠳᠠᠷᠠᠭᠠᠯᠠᠨ ᠶᠠᠳᠠᠭᠤ ᠬᠦᠴᠢᠷᠳᠡᠯ ᠲᠠᠢ | ᠬᠥᠮᠥᠨ ᠠᠮᠠ ᠳᠤ ᠠᠵᠢᠯ ᠲᠣᠬᠢᠷᠠᠭᠤᠯᠵᠤ ᠬᠢᠯᠭᠡᠬᠦ ᠪᠠᠷ ᠳᠠᠮᠵᠢᠨ᠂ ᠵᠢᠯ ᠪᠦᠷᠢ ᠶᠠᠳᠠᠭᠤ ᠬᠦᠴᠢᠷᠳᠡᠯ ᠲᠠᠢ | ᠬᠥᠮᠥᠨ ᠠᠮᠠ ᠳᠤ ᠥᠭᠬᠦ ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ | ᠪᠡᠯᠡᠮᠥ᠋ᠩᠭᠦ ᠶᠢᠨ5% ᠡᠴᠠᠲ᠋ᠣᠣᠷᠠᠪᠠᠶᠢᠯᠭᠠᠬᠤ ᠦᠭᠡᠢ᠂ ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ | ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ 5000 ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ | ᠨᠥᠬᠦᠪᠥᠷᠢ ᠶᠢᠨ ᠪᠡᠯᠡ ᠮᠥᠩᠭᠦ ᠶᠢᠨ 5% / 5000 ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ | ᠳᠠᠶᠢᠴᠢᠯᠠᠬᠤ ᠬᠥᠮᠦᠨ ᠤ ᠲᠤᠭ᠎ᠠ︶᠃ ᠲᠡᠭᠰᠢ ᠳᠥᠷᠪᠡᠯᠵᠢᠨ ᠮᠧᠲᠷ ᠪᠦᠷᠢ ᠳᠤ 700 ᠲᠥᠭᠦᠷᠢᠭ ᠤᠨ ᠨᠥᠬᠦᠪᠥᠷᠢ | ᠥᠭᠭᠦᠨ᠎ᠡ᠃ | ︵2︶ ᠲᠥᠮᠥᠰᠥ ᠶᠢ ᠬᠠᠳᠠᠭᠠᠯᠠᠬᠤ ᠵᠣᠭᠤᠷᠢ᠄ | ᠰᠢᠨ᠎ᠡ ᠪᠠᠷ ᠪᠠᠶᠢᠭᠤᠯᠤᠭᠰᠠᠨ ᠲᠥᠮᠥᠰᠥ ᠬᠠᠳᠠᠭᠠᠯᠠᠬᠤ ᠵᠣᠭᠤᠷᠢ ᠶᠢᠨ ᠲᠠᠯᠠᠪᠠᠢ ᠨᠢ 3000 ᠲᠡᠭᠰᠢ ᠳᠥᠷᠪᠡᠯᠵᠢᠨ | ᠮᠧᠲᠷ ᠠᠴᠠ ᠳᠡᠭᠡᠭᠰᠢ ᠪᠠᠶᠢᠵᠤ᠂ ᠳᠣᠤᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠪᠡᠯ᠄ ᠦᠢᠯᠡᠳᠪᠦᠷᠢᠯᠡᠯ | ᠡᠵᠡᠩᠨᠡᠯᠲᠡ ᠶᠢᠨ ᠶᠠᠪᠤᠴᠠ ᠳᠤ᠂ ᠲᠠᠪᠤᠨ ᠵᠢᠯ ᠳᠠᠷᠠᠭᠠᠯᠠᠨ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠠᠵᠢᠯ | ᠲᠣᠬᠢᠷᠠᠭᠤᠯᠵᠤ ᠬᠢᠯᠭᠡᠬᠦ ᠪᠠᠷ ᠳᠠᠮᠵᠢᠨ᠂ ᠵᠢᠯ ᠪᠦᠷᠢ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠥᠭᠬᠦ | ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ ᠪᠡᠯᠡᠮᠥ᠋ᠩᠭᠦ ᠶᠢᠨ5% ᠡᠴᠠᠲ᠋ᠣᠣᠷᠠᠪᠠᠶᠢᠯᠭᠠᠬᠤ ᠦᠭᠡᠢ᠂ | ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ 5000 | ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ ᠨᠥᠬᠦᠪᠥᠷᠢ ᠶᠢᠨ ᠪᠡᠯᠡ ᠮᠥᠩᠭᠦ ᠶᠢᠨ 5% / 5000 | ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ ᠳᠠᠶᠢᠴᠢᠯᠠᠬᠤ ᠬᠥᠮᠦᠨ ᠤ ᠲᠤᠭ᠎ᠠ︶᠃ ᠲᠡᠭᠰᠢ | ᠳᠥᠷᠪᠡᠯᠵᠢᠨ ᠮᠧᠲᠷ ᠪᠦᠷᠢ ᠳᠤ 300 ᠲᠥᠭᠦᠷᠢᠭ ᠤᠨ ᠨᠥᠬᠦᠪᠥᠷᠢ ᠥᠭᠭᠦᠨ᠎ᠡ᠃ | 3 ᠮᠠᠯ ᠠᠵᠤ ᠠᠬᠤᠶ | ︵1︶ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠬᠦᠷᠴᠦ᠂ ᠰᠢᠨ᠎ᠡ ᠪᠠᠷ ᠪᠠᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠂ ᠲᠣᠭᠤᠷᠢᠭ ᠲᠤ ᠲᠡᠵᠢᠭᠡᠵᠦ | ᠪᠠᠶᠢᠭ᠎ᠠ ᠠᠯᠠᠰᠢᠨ ᠦᠬᠡᠷ ᠤᠨ ᠲᠤᠭ᠎ᠠ 200 ᠠᠴᠠ ᠳᠡᠭᠡᠭᠰᠢ᠂ ᠠᠯᠠᠰᠢᠨ ᠬᠤᠨᠢ ᠶᠢᠨ ᠲᠤᠭ᠎ᠠ 1000 ᠠᠴᠠ | ᠳᠡᠭᠡᠭᠰᠢ᠂ ᠠᠯᠠᠰᠢᠨ ᠡᠯᠵᠢᠭᠡ ᠵᠨ ᠲᠤᠭ᠎ᠠ 200 ᠠᠴᠠ ᠳᠡᠭᠡᠭᠰᠢ ᠪᠠᠶᠢᠵᠤ᠂ ᠳᠣᠣᠷᠠᠬᠢ ᠵᠢᠭᠰᠠᠭᠠᠭᠰᠠᠨ ᠨᠥᠬᠦᠴᠡᠯ | ᠤᠨ ᠨᠢᠭᠡ ᠳᠤ ᠨᠡᠶᠢᠴᠡᠪᠡᠯ ᠄ ①ᠶᠠᠳᠠᠭᠤ ᠬᠦᠴᠢᠷᠳᠡᠯᠲᠡᠶ ᠡᠷᠦᠬᠡ ᠶᠢ ᠲᠠᠶᠢᠴᠢᠯᠠᠨ ᠦᠢᠯᠡᠳᠪᠦᠷᠢᠯᠡᠯ ᠡᠵᠡᠩᠨᠡᠯᠲᠡ ᠳᠤ | ᠰᠢᠭᠤᠳ ᠣᠷᠣᠯᠴᠠᠭᠤᠯᠬᠤ ᠨᠢ ᠬᠦᠷᠢᠶᠡᠯᠡᠩᠲ᠋ᠣᠭᠤᠷᠢᠭ ᠤᠨ ᠶᠡᠷᠦᠩᠬᠡᠶ ᠦᠢᠯᠡᠳᠪᠦᠷᠢᠯᠡᠯᠡᠵᠡᠩᠨᠡᠯᠲᠡ | ᠶᠢᠨ20% ᠡᠴᠠᠲ᠋ᠣᠣᠷᠠ ᠪᠠᠶᠢᠯᠭᠠᠬᠤ ᠦᠭᠡᠢ ︔② ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ᠂ ᠲᠠᠪᠤᠨ | ᠵᠢᠯ ᠳᠠᠷᠠᠭᠠᠯᠠᠨ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠠᠵᠢᠯ ᠲᠣᠬᠢᠷᠠᠭᠤᠯᠵᠤ ᠬᠢᠯᠭᠡᠬᠦ ᠪᠠᠷ ᠳᠠᠮᠵᠢᠨ᠂ | ᠵᠢᠯ ᠪᠦᠷᠢ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠥᠭᠬᠦ ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ | ᠪᠡᠯᠡᠮᠥ᠋ᠩᠭᠦ ᠶᠢᠨ5% ᠡᠴᠠᠲ᠋ᠣᠣᠷᠠ ᠪᠠᠶᠢᠯᠭᠠᠬᠤ ᠦᠭᠡᠢ᠂ ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ | ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ 5000 ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ | ᠨᠥᠬᠦᠪᠥᠷᠢ ᠶᠢᠨ ᠪᠡᠯᠡ ᠮᠥᠩᠭᠦ ᠶᠢᠨ 5% / 5000 ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ | ᠳᠠᠶᠢᠴᠢᠯᠠᠬᠤ ᠬᠥᠮᠦᠨ ᠤ ᠲᠤᠭ᠎ᠠ ︶᠃ ᠬᠠᠰᠢᠶ᠎ᠠ ᠰᠠᠷᠠᠪᠴᠢ ᠶᠢᠨ ᠲᠡᠭᠰᠢ ᠳᠥᠷᠪᠡᠯᠵᠢᠨ ᠮᠧᠲᠷ ᠪᠦᠷᠢ ᠳᠤ 150 | ᠲᠥᠭᠦᠷᠢᠭ ᠤᠨ ᠨᠥᠬᠦᠪᠥᠷᠢ ᠥᠭᠭᠦᠨ᠎ᠡ᠃ ᠡᠭᠦᠨ ᠠᠴᠠ ᠭᠠᠳᠠᠨ᠎ᠠ ᠬᠦᠬᠡ ᠪᠤᠷᠳᠤᠭ᠎ᠠ ᠶᠢᠨ ᠵᠣᠭᠤᠷᠢ ᠶᠢᠨ | ᠨᠥᠬᠦᠪᠥᠷᠢ 120 ᠲᠥᠭᠦᠷᠢᠭ / ᠪᠣᠰᠤᠭ᠎ᠠ ᠳᠥᠷᠪᠡᠯᠵᠢᠨ ᠮᠧᠲᠷ᠂ ᠣᠰᠣᠨ ᠴᠠᠬᠢᠯᠭᠠᠨ ᠤ ᠬᠠᠮᠤᠭ ᠤᠨ | ᠥᠨᠳᠥᠷ ᠲᠡᠭᠡᠨ 20 ᠲᠦᠮᠡᠨ ᠲᠥᠭᠦᠷᠢᠭ ᠤᠨᠨᠥ᠋ᠬᠦᠪᠥᠷᠢ᠂ ᠪᠠᠭᠠᠰᠤᠨ ᠪᠣᠬᠢᠷᠲᠤᠯ ᠢ ᠰᠢᠳᠪᠦᠷᠢᠯᠡᠬᠦ ᠬᠠᠮᠤᠭ ᠤᠨ | ᠥᠨᠳᠥᠷ ᠲᠡᠭᠡᠨ 20 ᠲᠦᠮᠡᠨ ᠲᠥᠭᠦᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠨᠥᠬᠦᠪᠥᠷᠢ ᠥᠭᠭᠦᠨ᠎ᠡ︵ | 20 ᠲᠦᠮᠡᠨ ᠲᠥᠭᠦᠷᠢᠭ ᠬᠦᠷᠬᠦ ᠥᠬᠡᠶ ᠪᠣᠯ ᠪᠣᠳᠠᠲᠠᠶ ᠢᠨᠵᠧᠨᠧᠷᠢᠩ ᠤᠨ ᠦᠨᠡᠯᠡᠨ ᠵᠢᠱᠢᠭᠰᠡᠨ ᠥᠷᠲᠡᠭ ᠤᠨ | ᠬᠡᠮᠵᠢᠶ᠎ᠡ ᠪᠠᠷ ᠨᠥᠬᠦᠪᠥᠷᠢ ᠥᠭᠭᠦᠨ᠎ᠡ᠂ ᠢᠵᠢ ᠪᠦᠷᠢᠳᠦᠭᠦᠯᠬᠦ ᠨᠥᠬᠦᠪᠥᠷᠢ ᠶᠢ ᠠᠵᠢᠯ ᠬᠥᠳᠡᠯᠮᠦᠷᠢ ᠬᠢᠵᠦ | ᠳᠠᠶᠢᠴᠢᠯᠠᠬᠤ ᠨᠥᠬᠦᠪᠥᠷᠢ ᠳᠤ ᠪᠣᠳᠣᠵᠤ ᠣᠷᠣᠭᠤᠯᠬᠤ ᠥᠬᠡᠶ︶᠃ | ︵2︶ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠬᠦᠷᠴᠦ᠂ ᠰᠢᠨ᠎ᠡ ᠪᠠᠷ ᠪᠠᠢᠭᠤᠯᠤᠭᠰᠠᠨ ᠲᠠᠬᠢᠶ᠎ᠠ᠂ ᠨᠤᠭᠤᠰᠤ ᠶᠢ ᠲᠡᠵᠢᠭᠡᠨ ᠦᠷᠡᠵᠢᠭᠦᠯᠬᠦ ᠲᠠᠯᠠᠪᠠᠢ ᠪᠤᠶᠤ | ᠲᠣᠭᠤᠷᠢᠭ ᠲᠤ 5 ᠲᠦᠮᠡ ᠠᠴᠠ ᠳᠡᠭᠡᠭᠰᠢ ᠲᠡᠵᠢᠭᠡᠵᠦ᠂ ᠳᠣᠣᠷᠠᠬᠢ ᠵᠢᠭᠰᠠᠭᠠᠭᠰᠠᠨ ᠨᠥᠬᠦᠴᠡᠯ ᠤᠨ ᠨᠢᠭᠡ ᠳᠤ | ᠨᠡᠶᠢᠴᠡᠪᠡᠯ᠄ ①ᠶᠠᠳᠠᠭᠤ ᠬᠦᠴᠢᠷᠳᠡᠯᠲᠡᠶ ᠡᠷᠦᠬᠡ ᠶᠢ ᠲᠠᠶᠢᠴᠢᠯᠠᠨ ᠦᠢᠯᠡᠳᠪᠦᠷᠢᠯᠡᠯ ᠡᠵᠡᠩᠨᠡᠯᠲᠡ ᠳᠤ ᠰᠢᠭᠤᠳ | ᠣᠷᠣᠯᠴᠠᠭᠤᠯᠬᠤ ᠨᠢ ᠬᠦᠷᠢᠶᠡᠯᠡᠩᠲ᠋ᠣᠭᠤᠷᠢᠭ ᠤᠨ ᠶᠡᠷᠦᠩᠬᠡᠶ ᠦᠢᠯᠡᠳᠪᠦᠷᠢᠯᠡᠯᠡᠵᠡᠩᠨᠡᠯᠲᠡ ᠶᠢᠨ20% ᠡᠴᠠᠲ᠋ᠣᠣᠷᠠ | ᠪᠠᠶᠢᠯᠭᠠᠬᠤ ᠦᠭᠡᠢ ︔② ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ᠂ ᠲᠠᠪᠤᠨ ᠵᠢᠯ ᠳᠠᠷᠠᠭᠠᠯᠠᠨ ᠶᠠᠳᠠᠭᠤ | ᠬᠦᠴᠢᠷᠳᠡᠯ ᠲᠠᠢ ᠬᠥᠮᠥᠨ ᠠᠮᠠ ᠳᠤ ᠠᠵᠢᠯ ᠲᠣᠬᠢᠷᠠᠭᠤᠯᠵᠤ ᠬᠢᠯᠭᠡᠬᠦ ᠪᠠᠷ ᠳᠠᠮᠵᠢᠨ᠂ ᠵᠢᠯ ᠪᠦᠷᠢ ᠶᠠᠳᠠᠭᠤ | ᠬᠦᠴᠢᠷᠳᠡᠯ ᠲᠠᠢ ᠬᠥᠮᠥᠨ ᠠᠮᠠ ᠳᠤ ᠥᠭᠬᠦ ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ | ᠪᠡᠯᠡᠮᠥ᠋ᠩᠭᠦ ᠶᠢᠨ5% ᠡᠴᠠᠲ᠋ᠣᠣᠷᠠᠪᠠᠶᠢᠯᠭᠠᠬᠤ ᠦᠭᠡᠢ᠂ ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ | ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ 5000 ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ | ᠨᠥᠬᠦᠪᠥᠷᠢ ᠶᠢᠨ ᠪᠡᠯᠡ ᠮᠥᠩᠭᠦ ᠶᠢᠨ 5% / 5000 ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ | ᠳᠠᠶᠢᠴᠢᠯᠠᠬᠤ ᠬᠥᠮᠦᠨ ᠤ ᠲᠤᠭ᠎ᠠ︶᠃ ᠬᠠᠰᠢᠶ᠎ᠠ ᠰᠠᠷᠠᠪᠴᠢ ᠵᠢᠨᠲ᠋ᠡᠭᠰᠢ ᠳᠥᠷᠪᠡᠯᠵᠢᠨ ᠮᠧᠲᠷ ᠪᠦᠷᠢ ᠳᠤ 150 | ᠲᠥᠭᠦᠷᠢᠭ ᠤᠨ ᠨᠥᠬᠦᠪᠥᠷᠢ ᠥᠭᠭᠦᠨ᠎ᠡ᠃ ᠡᠭᠦᠨ ᠠᠴᠠ ᠭᠠᠳᠠᠨ᠎ᠠ᠂ ᠣᠰᠣᠨ ᠴᠠᠬᠢᠯᠭᠠᠨ ᠤ ᠬᠠᠮᠤᠭ ᠤᠨ | ᠥᠨᠳᠥᠷ ᠲᠡᠭᠡᠨ 20 ᠲᠦᠮᠡᠨ ᠲᠥᠭᠦᠷᠢᠭ ᠤᠨᠨᠥ᠋ᠬᠦᠪᠥᠷᠢ᠂ ᠪᠠᠭᠠᠰᠤᠨ ᠪᠣᠬᠢᠷᠲᠤᠯ ᠢ ᠰᠢᠳᠪᠦᠷᠢᠯᠡᠬᠦ ᠬᠠᠮᠤᠭ ᠤᠨ | ᠥᠨᠳᠥᠷ ᠲᠡᠭᠡᠨ 20 ᠲᠦᠮᠡᠨ ᠲᠥᠭᠦᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠨᠥᠬᠦᠪᠥᠷᠢ ᠥᠭᠭᠦᠨ᠎ᠡ | ︵20 ᠲᠦᠮᠡᠨ ᠲᠥᠭᠦᠷᠢᠭ ᠬᠦᠷᠬᠦ ᠥᠬᠡᠶ ᠪᠣᠯ ᠪᠣᠳᠠᠲᠠᠶ ᠢᠨᠵᠧᠨᠧᠷᠢᠩ ᠤᠨ ᠦᠨᠡᠯᠡᠨ ᠵᠢᠱᠢᠭᠰᠡᠨ ᠥᠷᠲᠡᠭ ᠤᠨ | ᠬᠡᠮᠵᠢᠶ᠎ᠡ ᠪᠠᠷ ᠨᠥᠬᠦᠪᠥᠷᠢ ᠥᠭᠭᠦᠨ᠎ᠡ᠂ ᠢᠵᠢ ᠪᠦᠷᠢᠳᠦᠭᠦᠯᠬᠦ ᠨᠥᠬᠦᠪᠥᠷᠢ ᠶᠢ ᠠᠵᠢᠯ ᠬᠥᠳᠡᠯᠮᠦᠷᠢ ᠬᠢᠵᠦ ᠳᠠᠶᠢᠴᠢᠯᠠᠬᠤ | ᠨᠥᠬᠦᠪᠥᠷᠢ ᠳᠤ ᠪᠣᠳᠣᠵᠤ ᠣᠷᠣᠭᠤᠯᠬᠤ ᠥᠬᠡᠶ︶᠃ | 4 . ᠠᠵᠤ ᠠᠬᠤᠢ ᠶᠢᠨ ᠣᠢ | ᠰᠢᠨ᠎ᠡ ᠪᠠᠷ ᠵᠠᠶᠢᠯᠠᠬᠤ ᠠᠵᠤ ᠠᠬᠤᠢ ᠶᠢᠨ ᠣᠢ ᠪᠤᠶᠤ ᠬᠠᠭᠤᠴᠢᠨ ᠵᠢᠮᠢᠰ ᠤᠨ ᠬᠦᠷᠢᠶᠡᠯᠡᠩ ᠤᠨ ᠥᠭᠡᠷᠡᠴᠢᠯᠡᠯᠲᠡ ᠶᠢᠨ | ᠲᠠᠯᠠᠪᠠᠢ ᠨᠢ ᠲᠥᠪᠯᠡᠷᠡᠨ ᠵᠠᠯᠭᠠᠯᠳᠤᠭᠰᠠᠨ ᠲᠠᠯᠠᠪᠠᠢ ᠨᠢ 200 ᠮᠤ᠋ ᠠᠴᠠ ᠳᠡᠭᠡᠭᠰᠢ ᠪᠠᠶᠢᠵᠤ᠂ ᠭᠠᠵᠠᠷ ᠰᠢᠷᠣᠶ ᠶᠢᠨ | ᠬᠡᠷᠡᠭᠯᠡᠬᠦ ᠡᠷᠬᠡ ᠢ ᠤᠯᠤᠭᠰᠠᠨ ᠪᠥᠭᠡᠳ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠦᠷᠢᠵᠢᠭᠤᠯᠵᠤ᠂ | ᠤᠰᠤᠨ ᠤ ᠡᠬᠢ ᠰᠤᠷᠪᠤᠯᠵᠢ ᠶᠢᠨ ᠤᠰᠤᠯᠠᠯᠲᠠ ᠶᠢᠨ ᠨᠥᠬᠦᠴᠡᠯ ᠢ ᠨᠠᠶᠢᠳᠠᠪᠦᠷᠢᠵᠢᠭᠤᠯᠵᠤ ᠂ᠳᠣᠣᠷᠠᠬᠢ ᠵᠢᠭᠰᠠᠭᠠᠭᠰᠠᠨ | ᠨᠥᠬᠦᠴᠡᠯ ᠤᠨ ᠨᠢᠭᠡ ᠳᠤ ᠨᠡᠶᠢᠴᠡᠪᠡᠯ᠄ ᠣᠶᠢᠵᠢᠭᠤᠯᠬᠤ ᠶᠢ ᠬᠠᠮᠢᠶᠠᠷᠤᠨ ᠬᠠᠮᠠᠭᠠᠯᠠᠬᠤ ᠶᠠᠪᠤᠴᠠ ᠳᠤ᠂ ᠲᠠᠪᠤᠨ ᠵᠢᠯ | ᠳᠠᠷᠠᠭᠠᠯᠠᠨ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠠᠵᠢᠯ ᠲᠣᠬᠢᠷᠠᠭᠤᠯᠵᠤ ᠬᠢᠯᠭᠡᠬᠦ ᠪᠠᠷ ᠳᠠᠮᠵᠢᠨ᠂ ᠵᠢᠯ | ᠪᠦᠷᠢ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠥᠭᠬᠦ ᠬᠥᠯᠥᠰᠥ ᠣᠯᠭᠤᠮᠵᠢ ᠨᠢ ᠱᠠᠩᠨᠠᠯ ᠨᠥᠬᠦᠪᠥᠷᠢ ᠶᠢᠨ | ᠪᠡᠯᠡᠮᠥ᠋ᠩᠭᠦ ᠶᠢᠨ5% ᠡᠴᠠᠲ᠋ᠣᠣᠷᠠᠪᠠᠶᠢᠯᠭᠠᠬᠤ ᠦᠭᠡᠢ᠂ ᠳᠠᠶᠢᠴᠢᠯᠠᠬᠤ᠂ᠶᠠᠳᠠᠭᠤ ᠬᠦᠴᠢᠷᠳᠡᠯ ᠲᠠᠢ ᠬᠥᠮᠥᠨ ᠠᠮᠠ | ᠶᠢᠨ ᠤᠷᠤᠯᠭ᠎ᠠ ᠶᠢᠨ ᠨᠡᠮᠡᠭᠳᠠᠯ ᠶᠢ ᠳᠤᠮᠳᠠᠴᠢ ᠪᠠᠷ 5000 ᠲᠥᠭᠦᠷᠢᠭ ᠢᠶᠠᠷ ᠲᠥᠰᠦᠭᠡᠯᠡᠨ ᠪᠤᠳᠤᠨ᠎ᠠ ︵ᠱᠠᠩᠨᠠᠯ | ᠨᠥᠬᠦᠪᠥᠷᠢ ᠶᠢᠨ ᠪᠡᠯᠡ ᠮᠥᠩᠭᠦ ᠶᠢᠨ 5% / 5000 ᠲᠥᠭᠦᠷᠢᠭ = ᠵᠢᠯ ᠤᠨ ᠠᠵᠢᠯ ᠬᠥᠳᠡᠯᠮᠦᠷᠢ ᠬᠢᠯᠭᠡᠬᠦ ᠪᠠᠷ | ᠳᠠᠶᠢᠴᠢᠯᠠᠬᠤ ᠬᠥᠮᠦᠨ ᠤ ᠲᠤᠭ᠎ᠠ ︶᠃ ᠭᠤᠷᠪᠠᠨ ᠵᠢᠯ ᠠᠴᠠ ᠳᠡᠭᠡᠭᠰᠢᠬᠢ ᠶᠡᠭᠡ ᠴᠢᠬᠢ ᠶᠢ ᠲᠠᠷᠢᠵᠤ | ᠣᠷᠭᠤᠭᠤᠯᠬᠤ ᠳᠤ ᠮᠤ᠋ ᠪᠦᠷᠢ ᠳᠤ 1500 ᠲᠥᠭᠦᠷᠢᠭ ᠤᠨ ᠨᠥᠬᠦᠪᠥᠷᠢ ᠥᠭᠭᠦᠨ᠎ᠡ︔ ᠭᠤᠷᠪᠠᠨ ᠵᠢᠯ ᠠᠴᠠ | ᠳᠣᠷᠣᠭᠰᠢᠬᠢ ᠴᠢᠬᠢ ᠮᠣᠳᠣᠨ ᠤ ᠮᠤ᠋ ᠪᠦᠷᠢ ᠳᠤ 800 ᠲᠥᠭᠦᠷᠢᠭ ᠤᠨ ᠨᠥᠬᠦᠪᠥᠷᠢ ᠥᠭᠭᠦᠨ᠎ᠡ︔ ᠰᠢᠨ᠎ᠡ ᠪᠠᠷ | ᠲᠠᠷᠢᠭᠰᠠᠨ ᠠᠭᠤᠯᠠᠨ ᠦᠵᠦᠮ ᠲᠤ ᠮᠤ᠋ ᠪᠦᠷᠢ ᠳᠤ 2000 ᠲᠥᠭᠦᠷᠢᠭ ᠨᠥᠬᠦᠪᠥᠷᠢ ᠥᠭᠭᠦᠨ᠎ᠡ᠃ ᠠᠵᠤ | ᠠᠬᠤᠢ ᠶᠢᠨ ᠣᠢ ᠰᠢᠭᠤᠶ ᠶᠢᠨ ᠰᠢᠳᠪᠦᠷᠢᠯᠡᠬᠦ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠵᠠᠮ ᠤᠨ ᠢᠵᠢ | ᠪᠦᠷᠢᠳᠦᠭᠦᠯᠬᠦ ᠲᠥᠷᠥᠯ ᠵᠦᠢᠯ︵ᠪᠣᠳᠠᠲᠠᠶ ᠢᠨᠵᠧᠨᠧᠷᠢᠩ ᠤᠨ ᠬᠡᠮᠵᠢᠶ᠎ᠡ ᠪᠠᠷ ᠦᠨᠡᠯᠡᠨ ᠵᠢᠱᠢᠵᠦ᠂ ᠬᠠᠮᠤᠭ | ᠥᠨᠳᠥᠷ ᠲᠡᠭᠡᠨ 20 ᠲᠦᠮᠡᠨ ᠲᠥᠭᠦᠷᠢᠭ ᠨᠥᠬᠦᠪᠥᠷᠢ ᠥᠭᠭᠦᠨ᠎ᠡ ᠂ ᠢᠵᠢ ᠪᠦᠷᠢᠳᠦᠭᠦᠯᠬᠦ ᠨᠥᠬᠦᠪᠥᠷᠢ ᠶᠢ ᠠᠵᠢᠯ | ᠬᠥᠳᠡᠯᠮᠦᠷᠢ ᠬᠢᠵᠦ ᠳᠠᠶᠢᠴᠢᠯᠠᠬᠤ ᠨᠥᠬᠦᠪᠥᠷᠢ ᠳᠤ ᠪᠣᠳᠣᠵᠤ ᠣᠷᠣᠭᠤᠯᠬᠤ ᠥᠬᠡᠶ︶᠃ | 5 ᠲᠠᠷᠢᠶᠠᠯᠠᠩ ᠤᠨ ᠮᠠᠰᠢᠨ ᠤ ᠬᠤᠷᠰᠢᠶ᠎ᠠ | ︵1︶ ᠬᠤᠷᠰᠢᠶᠠᠨ ᠤ ᠪᠦᠲᠦᠭᠡᠨ ᠪᠠᠶᠢᠭᠤᠯᠤᠯᠲᠠ ᠨᠢ ᠵᠢᠷᠤᠮᠵᠢᠭᠰᠠᠨ᠂ ᠳᠠᠩᠰᠠ ᠬᠠᠷ᠎ᠠ ᠨᠢ ᠪᠦᠷᠢᠨ ᠭᠦᠢᠴᠡᠳ᠂ | ᠳᠦᠷᠢᠮ ᠨᠢ ᠪᠦᠷᠢᠨ ᠲᠡᠭᠦᠯᠳᠡᠷ ᠪᠠᠶᠢᠬᠤ ᠶᠢᠨ ᠬᠠᠮᠲᠤ ᠳᠣᠤᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠪᠡᠯ᠄ ① | ᠡᠷᠭᠢᠯᠲᠡ ᠶᠢᠨ ᠭᠠᠵᠠᠷ ᠰᠢᠷᠣᠶ ᠨᠢ 300 ᠮᠦ ᠠᠴᠠ ᠳᠡᠭᠡᠭᠰᠢ︔ ②5000 ᠮᠤ᠋ ᠠᠴᠠ ᠳᠡᠭᠡᠭᠰᠢ ᠭᠠᠵᠠᠷ | ᠰᠢᠷᠣᠶ ᠶᠢ ᠨᠠᠶᠢᠳᠠᠨ ᠬᠠᠮᠢᠶᠠᠷᠠᠭᠤᠯᠵᠤ︔③ ᠶᠠᠳᠠᠭᠤ ᠬᠦᠴᠢᠷᠳᠡᠯ ᠲᠠᠢ ᠡᠷᠦᠬᠡ ᠶᠢ 20 ᠡᠷᠦᠬᠡ ᠠᠴᠠ ᠳᠡᠭᠡᠭᠰᠢ | ᠲᠡᠳᠬᠦᠨ ᠳᠠᠶᠢᠴᠢᠯᠠᠵᠤ ᠦᠢᠯᠡᠳᠪᠦᠷᠢᠯᠡᠯ ᠢ ᠨᠢ ᠬᠥᠭᠵᠢᠭᠦᠯᠦᠨ᠂ ᠶᠠᠳᠠᠭᠤ ᠬᠦᠴᠢᠷᠳᠡᠯ ᠲᠠᠢ ᠡᠷᠦᠬᠡ ᠶᠢᠨ ᠲᠠᠷᠢᠶ᠎ᠠ | ᠲᠠᠷᠢᠬᠤ ᠳᠤ ᠬᠦᠴᠢᠷᠲᠡᠶ᠂ ᠪᠡᠯᠡ ᠮᠥᠩᠭᠦ ᠨᠢ ᠬᠦᠴᠢᠷᠲᠡᠶ ᠪᠠᠶᠢᠬᠤ ᠠᠰᠠᠭᠤᠳᠠᠯ ᠢ ᠰᠢᠳᠪᠦᠷᠢᠯᠡᠵᠦ᠂ ᠶᠠᠳᠠᠭᠤ | ᠬᠦᠴᠢᠷᠳᠡᠯ ᠲᠠᠢ ᠡᠷᠦᠬᠡ ᠶᠢ ᠲᠡᠳᠬᠦᠨ ᠳᠡᠮᠵᠢᠬᠦ ᠳᠤ ᠦᠨ᠎ᠡ ᠲᠥᠯᠥᠪᠦᠷᠢ ᠦᠭᠡᠢ ᠪᠠᠷ ᠬᠤᠯᠪᠣᠭᠳᠠᠯ ᠪᠦᠬᠦᠢ | ᠦᠢᠯᠡᠳᠪᠦᠷᠢᠯᠡᠯ ᠤᠨ ᠬᠡᠷᠡᠭᠰᠡᠯ ᠢ ᠬᠠᠩᠭᠠᠵᠤ᠂ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢᠨ 15 % ᠠᠴᠠ | ᠳᠣᠣᠷ᠎ᠠ ᠪᠠᠶᠢᠯᠭᠠᠵᠤ ᠪᠣᠯᠬᠤ ᠦᠭᠡᠢ᠃ ᠬᠤᠷᠰᠢᠶ᠎ᠠ ᠳᠤ 10 ᠲᠦᠮᠡᠨ ᠲᠥᠭᠦᠷᠢᠭ ᠤᠨ ᠰᠠᠭᠤᠷᠢ ᠪᠦᠲᠦᠭᠡᠨ | ᠪᠠᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠱᠠᠩᠨᠠᠯ ᠨᠥᠬᠦᠪᠥᠷᠢ ᠣᠯᠭᠤᠨ᠎ᠠ ︵ᠲᠥᠷᠥ ᠶᠢᠨ | ᠪᠣᠳᠣᠯᠭ᠎ᠠ ᠶᠢ ᠬᠦᠷᠲᠡᠵᠦ ᠥᠩᠭᠡᠷᠡᠭᠰᠡᠨ ᠪᠣᠯ ᠳᠠᠪᠬᠤᠷ ᠬᠦᠷᠳᠡᠬᠦ ᠥᠬᠡᠶ︶᠃ | ︵2︶ ᠡᠷᠳᠡᠨᠢ ᠰᠢᠰᠢ ᠶᠢᠨ ᠡᠰᠢ ᠰᠦᠢᠷᠡᠯ ᠢ ᠪᠠᠭᠯᠠᠵᠤ ᠬᠤᠷᠢᠶᠠᠨ ᠠᠪᠴᠤ ᠠᠰᠢᠭᠯᠠᠬᠤ ᠶᠢ ᠬᠡᠷᠡᠭᠵᠢᠭᠦᠯᠵᠦ᠂ | 100 ᠮᠤ᠋ ᠠᠴᠠ ᠳᠡᠭᠡᠭᠰᠢ ᠳᠤ ᠪᠠᠶᠢᠵᠤ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ ᠶᠢᠨ ᠭᠠᠵᠠᠷ ᠰᠢᠷᠣᠶ ᠶᠢᠨ | ᠲᠠᠯᠠᠪᠠᠢ ᠨᠢ 5% ᠠᠴᠠ ᠳᠡᠭᠡᠭᠰᠢᠬᠢ ᠶᠢ ᠡᠵᠡᠯᠡᠵᠦ ᠪᠠᠶᠢᠪᠠᠯ᠂ ᠬᠤᠷᠰᠢᠶ᠎ᠠ ᠳᠤ ᠮᠤ᠋ ᠪᠦᠷᠢ ᠳᠤ 30 ᠲᠥᠭᠦᠷᠢᠭ ᠤᠨ | ᠨᠥᠬᠦᠪᠥᠷᠢ ᠥᠭᠭᠦᠨ᠎ᠡ᠃ | ︵ᠲᠠᠪᠤ︶ ᠲᠥᠷᠥᠯ ᠵᠦᠢᠯ ᠢ ᠬᠡᠷᠡᠭᠵᠢᠭᠦᠯᠬᠦ ᠲᠠᠰ ᠳᠠᠷᠠᠭᠠᠯᠠᠯ | ᠥᠮᠴᠢᠲᠡᠨ ᠮᠠᠳᠡᠭᠦᠯᠬᠦ →ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ ᠪᠠᠭ ᠪᠤᠯᠤᠨ ᠠᠵᠢᠯᠯᠠᠬᠤ ᠠᠩᠭᠢ | ᠰᠢᠳᠪᠦᠷᠢᠯᠡᠵᠤ → ᠰᠢᠶᠠᠩ ᠪᠠᠯᠭᠠᠰᠤ ᠳᠤ ᠮᠡᠳᠡᠭᠦᠯᠵᠦ ᠬᠢᠨᠠᠨ ᠬᠠᠷᠭᠤᠭᠤᠯᠤᠭᠤᠯᠵᠤ→ ᠰᠢᠶᠠᠩ ᠪᠠᠯᠭᠠᠰᠤᠨ | ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠨ᠎ᠠ→ ᠬᠤᠰᠢᠭᠤᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠤᠨ᠎ᠠ→ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠡᠷᠡᠭᠵᠢᠭᠦᠯᠬᠦ | ᠲᠥᠰᠦᠯ ᠢ ᠨᠠᠶᠢᠷᠠᠭᠤᠯᠤᠨ ᠵᠣᠬᠢᠶᠠᠨ᠎ᠠ→ ᠶᠠᠳᠠᠭᠤ ᠶᠢ ᠲᠡᠳᠬᠦᠬᠦ ᠠᠯᠪᠠᠨ ᠭᠡᠷ ᠲᠤ ᠮᠡᠳᠡᠭᠦᠯᠦᠨ ᠬᠢᠨᠠᠨ | ᠬᠠᠷᠭᠤᠭᠤᠯᠤᠭᠤᠯᠤᠨ᠎ᠠ→ᠲᠥᠷᠥᠯ ᠵᠤᠶᠢᠯ ᠢ ᠦᠨᠡᠯᠡᠨ ᠬᠢᠨᠠᠬᠤ→ ᠬᠤᠰᠢᠭᠤᠨ ᠵᠠᠰᠠᠭ ᠤᠨ ᠣᠷᠳᠣᠨ ᠳᠤ | ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ→ ᠭᠠᠴᠠᠭᠠᠨ ᠤ ᠱᠠᠲᠤᠨ ᠠᠴᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ | ᠵᠠᠷᠯᠠᠨ ᠨᠡᠢᠲᠡᠯᠡᠨ᠎ᠡ → ᠬᠤᠰᠢᠭᠤᠨ ᠳᠡᠰ ᠤᠨ ᠠᠯᠪᠠᠨ ᠵᠠᠷ ᠨᠡᠢᠲᠡᠯᠡᠨ᠎ᠡ→ ᠲᠥᠷᠥᠯ ᠵᠦᠢᠯ ᠢ ᠬᠡᠷᠡᠭᠵᠢᠭᠦᠯᠦᠨ᠎ᠡ | → ᠲᠥᠷᠥᠯ ᠵᠦᠢᠯ ᠤᠨ ᠰᠢᠯᠭᠠᠨ ᠪᠠᠶᠢᠴᠠᠭᠠᠯᠲᠠ →ᠪᠡᠯᠡ ᠮᠥᠩᠭᠦ ᠰᠠᠯᠭᠠᠨ ᠥᠭᠬᠦ᠃ | ᠳᠥᠷᠪᠡ᠂ ︽ᠪᠡᠶ᠎ᠡ ᠪᠠᠨ ᠳᠠᠭᠠᠭᠠᠵᠤ ᠬᠥᠭᠵᠢᠬᠦ︾ ᠠᠷᠭ᠎ᠠ ᠮᠠᠶ᠋ᠢᠭ | ︵ᠨᠢᠭᠡ︶ ᠬᠡᠷᠡᠭᠵᠢᠭᠦᠯᠬᠦ ᠬᠡᠪᠴᠢᠶ᠎ᠡ | 2018 ᠣᠨ ᠤ ᠰᠡᠭᠦᠯᠴᠢ ᠪᠤᠯᠲᠠᠯ᠎ᠠ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠲᠥᠷᠥᠯ ᠵᠥᠢᠯ ᠢ ᠬᠡᠷᠡᠭᠵᠢᠭᠦᠯᠵᠦ ᠥᠩᠭᠡᠷᠡᠭᠰᠡᠨ ᠥᠬᠡᠶ ᠪᠤᠶᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠲᠥᠷᠥᠯ ᠵᠦᠢᠯ ᠢ ᠪᠠᠬᠢᠵᠢᠭᠦᠯᠦᠨ ᠳᠡᠭᠡᠭᠰᠢᠯᠡᠭᠦᠯᠵᠦ ᠥᠩᠭᠡᠷᠡᠭᠰᠡᠨ ᠥᠬᠡᠶ ᠳᠠᠩᠰᠠᠯᠠᠨ ᠺᠠᠷᠲᠯᠠᠭᠰᠠᠨ ᠶᠠᠳᠠᠭᠤ | ᠬᠦᠴᠢᠷᠳᠡᠯᠲᠡᠶ ᠬᠥᠮᠥᠨ ᠠᠮᠠ ᠳᠤ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠦᠭᠰᠡᠨ ᠥᠬᠡᠶ ᠪᠣᠯ ᠬᠥᠮᠥᠨ ᠪᠦᠷᠢ ᠳᠤ ᠨᠢᠭᠡ ᠯᠠ ᠤᠳᠠᠭ᠎ᠠ | ᠳᠡᠭᠡᠷ᠎ᠡ 11000 ᠲᠥᠭᠦᠷᠢᠭ ᠤᠨ ᠠᠵᠤ ᠦᠢᠯᠡᠰ ᠤᠨ ᠨᠥᠬᠦᠪᠥᠷᠢ ᠣᠯᠭᠤᠨ᠎ᠠ︔ ︽ᠲᠣᠪᠶᠤᠭ ᠤᠨ ᠬᠡᠯᠪᠡᠷᠢ︾ | ᠶᠢᠨ ᠠᠵᠤ ᠦᠶ᠋ᠯᠡᠰ ᠢ ᠪᠠᠬᠢᠵᠢᠭᠦᠯᠦᠨ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠦᠭᠰᠡᠨ ᠥᠬᠡᠶ ᠪᠣᠯ ᠬᠥᠮᠥᠨ | ᠨᠢᠭᠡᠪᠦᠷᠢ ᠳᠤ 4000 ᠲᠥᠭᠦᠷᠢᠭ ᠤᠨ ᠠᠵᠤ ᠦᠢᠯᠡᠰ ᠤᠨ ᠨᠥᠬᠦᠪᠥᠷᠢ ︵ᠳᠡᠭᠡᠷ᠎ᠡ ᠴᠥᠮ ᠲᠠᠪᠤᠨ ᠪᠠᠲᠤᠯᠠᠭᠠᠲᠤ | ᠡᠷᠦᠬᠡ ᠪᠠ ︽ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ︾ ᠡᠷᠦᠬᠡ ᠶᠢ ᠪᠠᠭᠲᠠᠭᠠᠬᠤ ᠥᠬᠡᠶ︶ ᠣᠯᠭᠤᠨ᠎ᠠ | ᠃ | ︵ᠬᠤᠶᠠᠷ︶ ᠬᠡᠷᠡᠭᠵᠢᠭᠦᠯᠬᠦ ᠴᠠᠭ | 2019 ᠣᠨ ᠤ 1 ᠰᠠᠷ᠎ᠠ — 12 ᠰᠠᠷ᠎ᠠ | ︵ᠭᠤᠷᠪᠠ︶ ᠲᠡᠳᠬᠦᠬᠦ ᠲᠥᠷᠥ ᠶᠢᠨ ᠪᠣᠳᠣᠯᠭ᠎ᠠ | 1᠂ ᠭᠠᠭᠴᠠ ᠤᠳᠠᠭᠠᠨ ᠤ ᠴᠢᠨᠠᠷᠲᠠᠶ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ ᠶᠠᠳᠠᠭᠤ ᠶᠢ | ᠲᠡᠳᠬᠦᠬᠦ | 2018 ᠣᠨ ᠤ ᠰᠡᠭᠦᠯᠴᠢ ᠪᠤᠯᠲᠠᠯ᠎ᠠ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠲᠥᠷᠥᠯ ᠵᠥᠢᠯ ᠢ ᠬᠡᠷᠡᠭᠵᠢᠭᠦᠯᠦᠭᠰᠡᠨ ᠥᠬᠡᠶ ᠪᠠᠶᠢᠪᠠᠯ᠂ 2019 ᠣᠨ ᠳᠤ ᠬᠥᠮᠥᠨ ᠪᠦᠷᠢ ᠳᠤ ᠨᠢᠭᠡ ᠯᠠ | ᠤᠳᠠᠭ᠎ᠠ ᠶᠢᠨ ᠴᠢᠨᠠᠷᠲᠠᠶ 11000 ᠲᠥᠭᠦᠷᠢᠭ ᠤᠨ ᠠᠵᠤ ᠦᠢᠯᠡᠰ ᠤᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ | ᠣᠯᠭᠤᠵᠤ᠂ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠡᠷᠦᠬᠡ ᠪᠦᠷᠢ ᠳᠤ ᠬᠠᠮᠤᠭ ᠤᠨ ᠥᠨᠳᠥᠷ ᠲᠡᠭᠡᠨ 5 | ᠲᠦᠮᠡᠨ ᠲᠥᠭᠦᠷᠢᠭ ᠤᠨ ᠳᠡᠮ ᠬᠦᠤ ᠮᠥᠩᠭᠦ ᠥᠭᠬᠦ ᠵᠢᠭᠡᠯᠡᠯᠭᠡ ᠭᠤᠶᠤᠴᠢᠯᠠᠵᠤ ᠪᠣᠯᠤᠨ᠎ᠠ᠂ ᠡᠷᠦᠬᠡ ᠪᠦᠷᠢ ᠨᠢᠭᠡ | ᠪᠤᠶᠤ ᠬᠡᠳᠦᠨ ᠵᠦᠢᠯ ᠤᠨ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠢ ᠰᠣᠩᠭᠤᠵᠤ ᠪᠡᠶ᠎ᠡ ᠪᠠᠨ ᠳᠠᠭᠠᠭᠠᠨ | ᠬᠥᠭᠵᠢᠭᠦᠯᠵᠦ᠂ ᠲᠤᠰᠠᠭᠠᠷ ᠪᠤᠶᠤ ᠬᠠᠮᠲᠤᠷᠠᠨ ᠬᠡᠷᠡᠭᠵᠢᠭᠦᠯᠵᠦ ᠪᠣᠯᠤᠨ᠎ᠠ᠂ ᠪᠣᠳᠠᠲᠠᠶ ᠨᠥᠬᠦᠪᠥᠷᠢ ᠶᠢᠨ ᠪᠠᠷᠢᠮᠵᠢᠶ᠎ᠠ ᠨᠢ | ᠳᠣᠤᠷᠠᠬᠢ ᠮᠡᠲᠦ᠄ | — ᠲᠡᠵᠢᠭᠡᠨ ᠦᠷᠡᠵᠢᠭᠦᠯᠬᠦ ᠦᠢᠯᠡᠰ | ︵1︶ᠦᠬᠡᠷ ᠲᠡᠵᠢᠭᠡᠬᠦ᠄ 500 ᠵᠢᠩ ᠠᠴᠠ ᠳᠡᠭᠡᠭᠰᠢᠬᠢ ᠰᠠᠭᠤᠷᠢ ᠡᠬᠡ ᠮᠠᠯ ᠪᠤᠶᠤ ᠪᠣᠷᠳᠣᠵᠤ ᠲᠠᠷᠭᠤᠯᠠᠭᠤᠯᠬᠤ | ᠦᠬᠡᠷ ᠬᠤᠳᠠᠯᠳᠤᠨ ᠠᠪᠬᠤ ᠳᠤ᠂ ᠲᠣᠯᠣᠭᠠᠢ ᠪᠦᠷᠢ ᠶᠢᠨ ᠨᠥᠬᠦᠪᠥᠷᠢ 11000 ᠲᠥᠭᠦᠷᠢᠭ ᠪᠠᠶᠢᠵᠤ᠂ 11000 | ᠲᠥᠭᠦᠷᠢᠭ ᠲᠤ ᠬᠦᠷᠬᠦ ᠦᠭᠡᠢ ᠪᠠᠶᠢᠪᠠᠯ ᠪᠣᠳᠠᠲᠠᠢ ᠪᠡᠯᠡ ᠣᠷᠣᠭᠤᠯᠤᠯᠲᠠ ᠶᠢᠨ ᠨᠥᠬᠦᠪᠥᠷᠢ ᠥᠭᠴᠦ᠂ ᠪᠦᠬᠦ | ᠲᠤᠭ᠎ᠠ ᠶᠢᠨ ᠳᠠᠭᠠᠳᠬᠠᠯ ᠤᠨ ᠨᠥᠬᠦᠪᠥᠷᠢ ᠥᠭᠴᠦ᠂ ᠭᠤᠷᠪᠠᠨ ᠵᠢᠯ ᠤᠨ ᠳᠣᠲᠣᠷ᠎ᠠ ᠠᠩᠬᠠᠨ ᠤ ᠲᠤᠭ᠎ᠠ | ᠬᠡᠮᠵᠢᠶ᠎ᠡ ᠪᠠᠨ ᠪᠠᠲᠤᠯᠠᠨ᠎ᠠ᠃ | ︵2︶ ᠬᠤᠨᠢ ᠲᠡᠵᠢᠭᠡᠬᠦ᠄ 50 ᠵᠢᠩ ᠠᠴᠠ ᠳᠡᠭᠡᠭᠰᠢᠬᠢ ᠠᠯᠠᠰᠢᠨ ᠬᠤᠨᠢ ᠪᠤᠶᠤ ᠰᠠᠭᠤᠷᠢ ᠡᠮ᠎ᠡ ᠬᠤᠨᠢ ᠶᠢ | ᠬᠤᠳᠠᠯᠳᠤᠨ ᠠᠪᠬᠤ ᠳᠤ᠂ ᠲᠣᠯᠣᠭᠠᠢ ᠪᠦᠷᠢ ᠶᠢᠨ 500 ᠲᠥᠭᠦᠷᠢᠭ ᠤᠨ ᠨᠥᠬᠦᠪᠥᠷᠢ ᠥᠭᠴᠦ᠂ ᠪᠥᠬᠦ ᠲᠣᠭᠠᠨ ᠤ | ᠳᠠᠭᠠᠳᠬᠠᠯ ᠤᠨ ᠨᠥᠬᠦᠪᠥᠷᠢ ᠦᠭᠭᠦᠵᠤ᠂ ᠭᠤᠷᠪᠠᠨ ᠵᠢᠯ ᠤᠨ ᠳᠣᠲᠣᠷ᠎ᠠ ᠠᠩᠬᠠᠨ ᠤ ᠲᠤᠭ᠎ᠠ ᠬᠡᠮᠵᠢᠶ᠎ᠡ ᠪᠠᠨ | ᠪᠠᠲᠤᠯᠠᠨ᠎ᠠ᠃ | ︵3︶ ᠡᠯᠵᠢᠭᠡ ᠲᠡᠵᠢᠭᠡᠬᠦ᠄ 300 ᠵᠢᠩ ᠠᠴᠠ ᠳᠡᠭᠡᠭᠰᠢᠬᠢ ᠰᠠᠭᠤᠷᠢ ᠡᠬᠡ ᠡᠯᠵᠢᠭᠡ ᠪᠠ ᠠᠯᠠᠰᠢᠨ ᠡᠯᠵᠢᠭᠡ | ᠬᠤᠳᠠᠯᠳᠤᠨ ᠠᠪᠬᠤ ᠳᠤ᠂ ᠲᠣᠯᠣᠭᠠᠶ ᠪᠦᠷᠢ ᠳᠤ 5500 ᠲᠥᠭᠦᠷᠢᠭ ᠤᠨ ᠨᠥᠬᠦᠪᠥᠷᠢ ᠥᠭᠴᠦ᠂ ᠪᠥᠬᠦ ᠲᠣᠭᠠᠨ ᠤ | ᠳᠠᠭᠠᠳᠬᠠᠯ ᠤᠨ ᠨᠥᠬᠦᠪᠥᠷᠢ ᠦᠭᠭᠦᠵᠤ᠂ ᠭᠤᠷᠪᠠᠨ ᠵᠢᠯ ᠤᠨ ᠳᠣᠲᠣᠷ᠎ᠠ ᠠᠩᠬᠠᠨ ᠤ ᠪᠠᠶᠢᠭ᠎ᠠ ᠲᠤᠭ᠎ᠠ ᠬᠡᠮᠵᠢᠶ᠎ᠡ ᠶᠢ | ᠪᠠᠲᠤᠯᠠᠨ᠎ᠠ᠃ | ︵4︶ ᠲᠠᠬᠢᠶ᠎ᠠ ᠨᠤᠭᠤᠰᠤ ᠲᠡᠵᠢᠭᠡᠬᠦ᠄ ᠠᠯᠠᠰᠢᠨ ᠲᠠᠬᠢᠶ᠎ᠠ ︵ᠥᠨᠳᠡᠭᠡᠨ ᠲᠠᠬᠢᠶ᠎ᠠ︶ ᠶᠢᠨ ᠳᠡᠭᠳᠡᠭᠡᠬᠡᠶ ᠪᠤᠶᠤ ᠠᠯᠠᠰᠢᠨ | ᠨᠤᠭᠤᠰᠤᠨ ᠤ ᠳᠡᠭᠳᠡᠭᠡᠬᠡᠶ ᠬᠤᠳᠠᠯᠳᠤᠨ ᠠᠪᠤᠪᠠᠯ 0.5 — 1 ᠵᠢᠩ ᠳᠤ 3 ᠲᠥᠭᠦᠷᠢᠭ ᠤᠨ ᠨᠥᠬᠦᠪᠥᠷᠢ | ᠥᠭᠭᠦᠨ᠎ᠡ᠂ 1 ᠵᠢᠩ ᠠᠴᠠ ᠳᠡᠭᠡᠭᠰᠢᠬᠢ ᠳᠡᠭᠳᠡᠭᠡᠬᠡᠶ ᠪᠦᠷᠢ 10 ᠲᠥᠭᠦᠷᠢᠭ ᠤᠨ ᠨᠥᠬᠦᠪᠥᠷᠢ ᠥᠭᠭᠦᠨ᠎ᠡ᠂ | ᠡᠭᠦᠯᠳᠡᠷ ᠤᠨ ᠳᠡᠭᠳᠡᠭᠡᠬᠡᠶ ᠬᠤᠳᠠᠯᠳᠤᠨ ᠠᠪᠤᠪᠠᠯ 25 ᠲᠥᠭᠦᠷᠢᠭ ᠤᠨ ᠨᠥᠬᠦᠪᠥᠷᠢ ᠥᠭᠭᠦᠨ᠎ᠡ᠃ ᠭᠤᠷᠪᠠᠨ ᠵᠢᠯ ᠤᠨ | ᠳᠣᠲᠣᠷ᠎ᠠ ᠠᠩᠬᠠᠨ ᠤ ᠲᠤᠭ᠎ᠠ ᠬᠡᠮᠵᠢᠶ᠎ᠡ ᠪᠠᠨ ᠪᠠᠲᠤᠯᠠᠨ᠎ᠠ᠃ | —ᠲᠠᠷᠢᠮᠠᠯ ᠤᠨ ᠦᠢᠯᠡᠰ | ︵1︶ ᠨᠡᠷᠡᠨ ᠭᠡᠷᠡᠯ ᠤᠨ ᠬᠦᠯᠡᠮᠵᠢ᠄ ᠪᠠᠷᠢᠮᠵᠢᠶᠠᠲᠤ ᠨᠡᠷᠡᠨ ᠭᠡᠷᠡᠯ ᠤᠨ ᠬᠦᠯᠡᠮᠵᠢ ᠶᠢ ᠪᠦᠲᠦᠭᠡᠨ ᠪᠠᠶᠢᠭᠤᠯᠬᠤ ᠳᠤ | ᠬᠥᠮᠥᠨ ᠪᠦᠷᠢ ᠳᠤ ᠳᠡᠭᠡᠷ᠎ᠡ ᠬᠢᠵᠠᠭᠠᠷ ᠲᠤ ᠪᠠᠨ11000 ᠲᠥᠭᠦᠷᠢᠭ ᠤᠨ ᠨᠥᠬᠦᠪᠥᠷᠢ ᠥᠭᠭᠦᠨ᠎ᠡ᠃ | ︵2︶ ᠬᠦᠢᠲᠡᠨ ᠰᠠᠷᠠᠪᠴᠢ᠄ ᠪᠠᠷᠢᠮᠵᠢᠶᠠᠲᠤ ᠬᠦᠢᠲᠡᠨ ᠰᠠᠷᠠᠪᠴᠢᠨ ᠪᠦᠲᠦᠭᠡᠨ ᠪᠠᠶᠢᠭᠤᠯᠬᠤ ᠳᠤ ᠮᠤ᠋ ᠪᠦᠷᠢ ᠳᠤ | 11000 ᠲᠥᠭᠦᠷᠢᠭ ᠤᠨ ᠨᠥᠬᠦᠪᠥᠷᠢ ᠥᠭᠭᠦᠨ᠎ᠡ᠃ | ︵3︶ ᠬᠢᠲᠠᠳ ᠡᠮ ᠤᠨ ᠮᠠᠲ᠋ᠧᠷᠢᠶᠠᠯ᠄ ᠰᠢᠨ᠎ᠡ ᠪᠠᠷ ᠬᠢᠲᠠᠳ ᠡᠮ ᠤᠨ ᠮᠠᠲ᠋ᠧᠷᠢᠶᠠᠯ ᠲᠠᠷᠢᠪᠠᠯ ᠮᠦ ᠪᠦᠷᠢ ᠳᠤ | 1000 ᠲᠥᠭᠦᠷᠢᠭ ᠤᠨ ᠨᠥᠬᠦᠪᠥᠷᠢ ᠥᠭᠭᠦᠨ᠎ᠡ︔ ᠪᠠᠬᠢᠵᠢᠭᠦᠯᠦᠭᠰᠡᠨ ᠮᠤ᠋ ᠪᠦᠷᠢ ᠳᠤ 300 ᠲᠥᠭᠦᠷᠢᠭ ᠤᠨ | ᠨᠥᠬᠦᠪᠥᠷᠢ ᠥᠭᠭᠦᠨ᠎ᠡ᠃ | ︵4︶ ᠲᠥᠮᠥᠰᠥ᠄ ᠲᠥᠮᠥᠰᠥ ᠲᠠᠷᠢᠪᠠᠯ ᠮᠤ᠋ ᠪᠦᠷᠢ ᠳᠤ 500 ᠲᠥᠭᠦᠷᠢᠭ ᠤᠨ ᠨᠥᠬᠦᠪᠥᠷᠢ ᠥᠭᠭᠦᠨ᠎ᠡ᠃ | ︵5︶ ᠵᠠᠳᠠᠭᠠᠶ ᠢᠳᠡᠰᠢᠨ ᠨᠣᠭᠤᠭ᠎ᠠ᠄ ᠵᠠᠳᠠᠭᠠᠢ ᠢᠳᠡᠰᠢᠨ ᠨᠣᠭᠤᠭ᠎ᠠ ︵ᠭᠠᠳᠢᠷ᠎ᠠ ᠶᠢᠨ ᠲᠥᠷᠥᠯ᠂ ᠵᠠᠳᠠᠭᠠᠢ | ᠮᠣᠳᠣᠨ ᠳᠡᠯᠳᠡᠦ ᠪᠠᠭᠲᠠᠨ᠎ᠠ︶ ᠲᠠᠷᠢᠪᠠᠯ ᠮᠤ᠋ ᠪᠦᠷᠢ ᠳᠤ 500 ᠲᠥᠭᠦᠷᠢᠭ ᠨᠥᠬᠦᠪᠥᠷᠢᠯᠡᠨ᠎ᠡ᠃ | ᠬᠥᠳᠡᠭᠡ ᠲᠣᠰᠬᠤᠨ ᠤ ᠵᠤᠭᠠᠴᠠᠯ | ︵1︶ ᠲᠠᠷᠢᠶᠠᠴᠢᠨ ᠠᠶᠢᠯ ᠤᠨ ᠵᠤᠭᠠᠴᠠᠯ᠄ ᠲᠠᠷᠢᠶᠠᠴᠢᠨ ᠠᠶᠢᠯ ᠤᠨ ᠬᠤᠭᠤᠯᠠᠨ ᠭᠡᠷ ᠪᠤᠶᠤ ᠲᠠᠷᠢᠶᠠᠴᠢᠨ | ᠠᠶᠢᠯ ᠤᠨ ᠵᠣᠴᠢᠳ ᠤᠨ ᠪᠠᠭᠤᠳᠠᠯ ᠢ ᠪᠦᠲᠦᠭᠡᠨ ᠪᠠᠶᠢᠭᠤᠯᠤᠯᠪᠠᠯ ᠭᠡᠷ ᠪᠠᠢᠰᠢᠩ ᠢ ᠵᠠᠰᠠᠵᠤ ᠴᠢᠮᠡᠭᠯᠡᠬᠦ ᠪᠠ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠨᠥᠬᠦᠪᠥᠷᠢ ᠣᠯᠭᠤᠵᠤ᠂ ᠬᠥᠮᠥᠨ ᠪᠦᠷᠢ ᠳᠤ ᠳᠡᠭᠡᠷ᠎ᠠ ᠬᠢᠵᠠᠭᠠᠷ ᠲᠤ ᠪᠠᠨ | 11000 ᠲᠥᠭᠦᠷᠢᠭ ᠤᠨ ᠨᠥᠬᠦᠪᠥᠷᠢ ᠥᠭᠴᠦ᠂ ᠬᠥᠮᠥᠨ ᠪᠦᠷᠢ ᠳᠤ 11000 ᠲᠥᠭᠦᠷᠢᠭ ᠬᠦᠷᠬᠦ ᠦᠭᠡᠢ ᠪᠤᠯ | ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠨᠦᠬᠦᠪᠦᠷᠢ ᠦᠭᠭᠦᠨ᠎ᠠ ᠃ | ︵2︶ ᠲᠤᠷᠰᠢᠯᠲᠠ ᠳᠤ ᠣᠷᠣᠯᠴᠠᠬᠤ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ᠄ ᠲᠥᠷᠥᠯ ᠵᠦᠢᠯ | ᠨᠢᠭᠡᠪᠦᠷᠢ ᠳᠤ ᠳᠡᠭᠡᠷ᠎ᠠ ᠬᠢᠵᠠᠭᠠᠷ ᠲᠤ ᠪᠠᠨ ᠬᠥᠮᠥᠨ ᠪᠦᠷᠢ ᠶᠢᠨ 11000 ᠲᠥᠭᠦᠷᠢᠭ ᠢᠶᠠᠷ ᠬᠡᠷᠡᠭᠵᠢᠭᠦᠯᠵᠦ᠂ | ᠬᠥᠮᠥᠨ ᠪᠦᠷᠢ ᠳᠤ 11000 ᠲᠥᠭᠦᠷᠢᠭ ᠬᠦᠷᠬᠦ ᠦᠭᠡᠢ ᠪᠤᠯ ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ | ᠨᠦᠬᠦᠪᠦᠷᠢ ᠦᠭᠭᠦᠨ᠎ᠠ ᠃ | —ᠬᠤᠳᠠᠯᠳᠤᠭᠠᠨ ᠤ ᠦᠢᠯᠡᠰ | ︵1︶ ᠬᠡᠲᠦ ᠳᠡᠯᠭᠡᠭᠦᠷ᠄ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠬᠡᠲᠦ ᠳᠡᠯᠭᠡᠭᠦᠷ ᠢ ᠡᠷᠬᠢᠯᠡᠵᠦ᠂ ᠭᠡᠷ | ᠪᠠᠶᠢᠰᠢᠩ ᠨᠢ 30 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠪᠠᠯ᠂ ᠭᠡᠷ ᠪᠠᠶᠢᠰᠢᠩ ᠢ ᠵᠠᠰᠠᠵᠤ ᠴᠢᠮᠡᠭᠯᠡᠬᠦ᠂ | ᠲᠥᠬᠦᠭᠡᠷᠦᠮᠵᠢ ᠬᠤᠳᠠᠯᠳᠤᠨ ᠠᠪᠬᠤ ᠨᠥᠬᠦᠪᠥᠷᠢ ᠣᠯᠭᠤᠵᠤ᠂ ᠬᠥᠮᠥᠨ ᠪᠦᠷᠢ ᠳᠤ ᠳᠡᠭᠡᠷ᠎ᠠ ᠬᠢᠵᠠᠭᠠᠷ ᠲᠤ ᠪᠠᠨ | 11000 ᠲᠥᠭᠦᠷᠢᠭ ᠤᠨ ᠨᠥᠬᠦᠪᠥᠷᠢ ᠥᠭᠴᠦ᠂ ᠬᠥᠮᠥᠨ ᠪᠦᠷᠢ ᠳᠤ 11000 ᠲᠥᠭᠦᠷᠢᠭ ᠬᠦᠷᠬᠦ ᠦᠭᠡᠢ ᠪᠤᠯ | ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠪᠣᠯᠭᠠᠨ᠎ᠠ᠃ | ︵2︶ ᠨᠤᠲᠤᠭ ᠤᠨ ᠣᠨᠴᠠ ᠭᠠᠷᠤᠯᠲᠠ᠂ ᠭᠠᠷ ᠤᠷᠠᠯᠠᠯ ᠤᠨ ᠪᠦᠲᠦᠭᠡᠭᠳᠡᠬᠦᠨ ᠢ ᠡᠳ᠋ᠰᠢᠭᠦᠯᠬᠦ᠄ ᠨᠤᠲᠤᠭ ᠤᠨ | ᠣᠨᠴᠠ ᠭᠠᠷᠤᠯᠲᠠ᠂ ᠭᠠᠷ ᠤᠷᠠᠯᠠᠯ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠭᠠᠵᠠᠷ᠂ ᠪᠣᠷᠣᠯᠠᠭᠤᠯᠬᠤ ᠴᠡᠭ ᠢ | ᠪᠠᠶᠢᠭᠤᠯᠤᠯᠪᠠᠯ᠂ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠶᠢᠨ ᠨᠥᠬᠦᠪᠥᠷᠢ ᠣᠯᠭᠤᠵᠤ᠂ | ᠬᠥᠮᠥᠨ ᠪᠦᠷᠢ ᠳᠤ ᠳᠡᠭᠡᠷ᠎ᠠ ᠬᠢᠵᠠᠭᠠᠷ ᠲᠤ ᠪᠠᠨ11000 ᠲᠥᠭᠦᠷᠢᠭ ᠤᠨ ᠨᠥᠬᠦᠪᠥᠷᠢ ᠥᠭᠴᠦ᠂ ᠬᠥᠮᠥᠨ | ᠪᠦᠷᠢ ᠳᠤ 11000 ᠲᠥᠭᠦᠷᠢᠭ ᠬᠦᠷᠬᠦ ᠦᠭᠡᠢ ᠪᠤᠯ ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ | ᠨᠦᠬᠦᠪᠦᠷᠢ ᠦᠭᠭᠦᠨ᠎ᠠ ᠃ | —ᠭᠡᠷᠡᠯ ᠸᠣᠯᠲ | ᠡᠷᠦᠬᠡ ᠳᠤ ᠬᠡᠷᠡᠭᠯᠡᠬᠦ ᠲᠠᠷᠬᠠᠮᠠᠯ ᠮᠠᠶ᠋ᠢᠭ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ | ᠬᠡᠷᠡᠭᠵᠢᠭᠦᠯᠵᠤ᠂ ᠬᠥᠮᠥᠨ ᠪᠦᠷᠢ ᠳᠤᠮᠳᠠᠴᠢ ᠪᠠᠷ 2 ᠺᠢᠯᠣᠸᠠᠲ ᠠᠴᠠ ᠳᠡᠭᠡᠭᠰᠢ ᠤᠭᠰᠠᠷᠠᠪᠠᠯ᠂ ᠬᠥᠮᠥᠨ ᠪᠦᠷᠢ ᠳᠤ | 11000 ᠲᠥᠭᠦᠷᠢᠭ ᠤᠨ ᠨᠥᠬᠦᠪᠥᠷᠢ ᠣᠯᠭᠤᠨ᠎ᠠ᠃ | —ᠲᠠᠷᠢᠶᠠᠯᠠᠩ ᠤᠨ ᠮᠠᠰᠢᠨ ᠪᠠᠭᠠᠵᠢ | ᠲᠠᠷᠢᠶᠠᠯᠠᠩ ᠤᠨ ᠮᠠᠰᠢᠨ ᠪᠠᠭᠠᠵᠢ ᠶᠢ ᠬᠤᠳᠠᠯᠳᠤᠨ ᠠᠪᠬᠤ ᠳᠠᠭᠠᠨ ᠲᠠᠷᠢᠶᠠᠯᠠᠩ ᠤᠨ ᠮᠧᠬᠠᠨᠢᠭ ᠤᠨ ᠨᠥᠬᠦᠪᠥᠷᠢ ᠶᠢ | ᠬᠠᠰᠤᠭᠰᠠᠨ ᠤ ᠳᠠᠷᠠᠭᠠᠬᠢ ᠥᠪᠡᠷ ᠢᠶᠠᠨ ᠴᠤᠭᠯᠠᠭᠤᠯᠤᠭᠰᠠᠨ ᠬᠡᠰᠡᠭ ᠲᠤ ᠬᠥᠮᠥᠨ ᠪᠦᠷᠢ ᠳᠤ ᠳᠡᠭᠡᠷ᠎ᠠ ᠬᠢᠵᠠᠭᠠᠷ ᠲᠤ | ᠪᠠᠨ 11000 ᠲᠥᠭᠦᠷᠢᠭ ᠤᠨ ᠨᠥᠬᠦᠪᠥᠷᠢ ᠥᠭᠴᠦ᠂ ᠬᠥᠮᠥᠨ ᠪᠦᠷᠢ ᠳᠤ 11000 ᠲᠥᠭᠦᠷᠢᠭ ᠬᠦᠷᠬᠦ ᠦᠭᠡᠢ | ᠪᠤᠯ ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠪᠣᠯᠭᠠᠨ᠎ᠠ᠃ | 2 ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠠᠬᠢᠵᠢᠭᠦᠯᠦᠨ | ᠳᠡᠭᠡᠭᠰᠢᠯᠡᠭᠦᠯᠬᠦ | 2018 ᠣᠨ ᠤ ᠵᠢᠯ ᠤᠨ ᠰᠡᠭᠦᠯᠴᠢ ᠪᠤᠯᠲᠠᠯ᠎ᠠ ︽ᠲᠣᠪᠶᠤᠭ ᠤᠨ ᠬᠡᠯᠪᠡᠷᠢ︾ ᠶᠢᠨ ᠠᠵᠤ ᠦᠶ᠋ᠯᠡᠰ ᠢ | ᠪᠠᠬᠢᠵᠢᠭᠦᠯᠦᠨ ᠳᠡᠭᠡᠭᠰᠢᠯᠡᠭᠦᠯᠬᠦ ᠶᠠᠳᠠᠭᠤ ᠶᠢ ᠲᠡᠳᠬᠦᠬᠦ ᠲᠥᠷᠥᠯ ᠵᠦᠢᠯ ᠢ ᠬᠦᠷᠲᠡᠵᠦ ᠥᠩᠭᠡᠷᠡᠭᠰᠡᠨ ᠥᠬᠡᠶ ᠪᠣᠯ᠂ | 2019 ᠣᠨ ᠳᠤ ᠬᠥᠮᠥᠨ ᠨᠢᠭᠡᠪᠦᠷᠢ ᠳᠤ 4000 ᠲᠥᠭᠦᠷᠢᠭ ᠤᠨ ᠠᠵᠤ ᠦᠢᠯᠡᠰ ᠤᠨ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠣᠯᠭᠤᠵᠤ᠂ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠡᠷᠦᠬᠡ ᠪᠦᠷᠢ ᠬᠠᠮᠤᠭ ᠤᠨ | ᠥᠨᠳᠥᠷ ᠲᠤ ᠪᠠᠨ 5 ᠲᠦᠮᠡᠨ ᠲᠥᠭᠦᠷᠢᠭ ᠤᠨ ᠳᠡᠮ ᠬᠦᠤ ᠥᠭᠬᠦ ᠵᠢᠭᠡᠯᠡᠯᠭᠡ ᠭᠤᠶᠤᠴᠢᠯᠠᠵᠤ ᠪᠣᠯᠤᠨ᠎ᠠ᠂ ᠡᠷᠦᠬᠡ | ᠪᠦᠷᠢ ᠨᠢᠭᠡ ᠪᠤᠶᠤ ᠬᠡᠳᠦᠨ ᠵᠦᠢᠯ ᠤᠨ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠢ ᠰᠣᠩᠭᠤᠵᠤ ᠪᠡᠶ᠎ᠡ ᠪᠠᠨ | ᠳᠠᠭᠠᠭᠠᠨ ᠬᠥᠭᠵᠢᠭᠦᠯᠵᠦ᠂ ᠲᠤᠰᠠᠭᠠᠷ ᠪᠤᠶᠤ ᠬᠠᠮᠲᠤᠷᠠᠨ ᠬᠡᠷᠡᠭᠵᠢᠭᠦᠯᠵᠦ ᠪᠣᠯᠤᠨ᠎ᠠ᠃ ᠪᠣᠳᠠᠲᠠᠶ ᠨᠥᠬᠦᠪᠥᠷᠢ ᠥᠭᠬᠦ | ᠪᠠᠷᠢᠮᠵᠢᠶ᠎ᠠ ᠨᠢ ᠳᠣᠣᠷᠠᠬᠢ ᠮᠡᠲᠦ᠄ | —ᠲᠡᠵᠢᠭᠡᠨ ᠦᠷᠡᠵᠢᠭᠦᠯᠬᠦ ᠦᠢᠯᠡᠰ | ᠦᠬᠡᠷ ᠲᠡᠵᠢᠭᠡᠬᠦ᠄ 300 ᠵᠢᠩ ᠠᠴᠠ ᠳᠡᠭᠡᠭᠰᠢᠬᠢ ᠰᠠᠭᠤᠷᠢ ᠡᠬᠡ ᠮᠠᠯ ᠪᠤᠶᠤ ᠪᠣᠷᠳᠣᠵᠤ ᠲᠠᠷᠭᠤᠯᠠᠭᠤᠯᠬᠤ ᠦᠬᠡᠷ | ᠬᠤᠳᠠᠯᠳᠤᠨ ᠠᠪᠬᠤ ᠳᠤ᠂ ᠲᠣᠯᠣᠭᠠᠢ ᠪᠦᠷᠢ ᠳᠤ 4000 ᠲᠥᠭᠦᠷᠢᠭ ᠤᠨ ᠡᠷᠭᠢᠯᠲᠡ ᠶᠢᠨ ᠮᠥᠩᠭᠦ ᠨᠥᠬᠦᠪᠥᠷᠢᠯᠡᠵᠦ | ᠂ ᠪᠦᠬᠦ ᠲᠤᠭ᠎ᠠ ᠶᠢᠨ ᠳᠠᠭᠠᠳᠬᠠᠯ ᠤᠨ ᠨᠥᠬᠦᠪᠥᠷᠢ ᠦᠭᠭᠦᠨ᠎ᠡ ᠂ ᠭᠤᠷᠪᠠᠨ ᠵᠢᠯ ᠤᠨ ᠳᠣᠲᠣᠷ᠎ᠠ ᠠᠩᠬᠠᠨ ᠤ ᠲᠤᠭ᠎ᠠ | ᠬᠡᠮᠵᠢᠶ᠎ᠡ ᠪᠠᠨ ᠪᠠᠳᠤᠯᠠᠬᠤ ᠬᠡᠷᠡᠭᠲᠠᠢ ᠃ | ︵2︶ ᠬᠤᠨᠢ ᠲᠡᠵᠢᠭᠡᠬᠦ᠄ 50 ᠵᠢᠩ ᠠᠴᠠ ᠳᠡᠭᠡᠭᠰᠢᠬᠢ ᠠᠯᠠᠰᠢᠨ ᠬᠤᠨᠢ ᠪᠤᠶᠤ ᠰᠠᠭᠤᠷᠢ ᠡᠮ᠎ᠡ ᠬᠤᠨᠢ ᠶᠢ | ᠬᠤᠳᠠᠯᠳᠤᠨ ᠠᠪᠬᠤ ᠳᠤ᠂ ᠲᠣᠯᠣᠭᠠᠢ ᠪᠦᠷᠢ ᠶᠢᠨ 500 ᠲᠥᠭᠦᠷᠢᠭ ᠤᠨ ᠨᠥᠬᠦᠪᠥᠷᠢ ᠥᠭᠴᠦ᠂ ᠪᠥᠬᠦ ᠲᠣᠭᠠᠨ ᠤ | ᠳᠠᠭᠠᠳᠬᠠᠯ ᠤᠨ ᠨᠥᠬᠦᠪᠥᠷᠢ ᠦᠭᠭᠦᠨ᠎ᠡ ᠂ ᠭᠤᠷᠪᠠᠨ ᠵᠢᠯ ᠤᠨ ᠳᠣᠲᠣᠷ᠎ᠠ ᠠᠩᠬᠠᠨ ᠤ ᠲᠤᠭ᠎ᠠ ᠬᠡᠮᠵᠢᠶ᠎ᠡ ᠪᠠᠨ | ᠪᠠᠳᠤᠯᠠᠬᠤ ᠬᠡᠷᠡᠭᠲᠠᠢ ᠃ | ︵3︶ ᠡᠯᠵᠢᠭᠡ ᠲᠡᠵᠢᠭᠡᠬᠦ᠄ 250 ᠵᠢᠩ ᠠᠴᠠ ᠳᠡᠭᠡᠭᠰᠢᠬᠢ ᠰᠠᠭᠤᠷᠢ ᠡᠬᠡ ᠡᠯᠵᠢᠭᠡ ᠪᠠ ᠠᠯᠠᠰᠢᠨ ᠡᠯᠵᠢᠭᠡ | ᠬᠤᠳᠠᠯᠳᠤᠨ ᠠᠪᠬᠤ ᠳᠤ᠂ ᠲᠣᠯᠣᠭᠠᠶ ᠪᠦᠷᠢ ᠳᠤ 4000 ᠲᠥᠭᠦᠷᠢᠭ ᠤᠨ ᠨᠥᠬᠦᠪᠥᠷᠢ ᠥᠭᠴᠦ᠂ ᠪᠥᠬᠦ ᠲᠣᠭᠠᠨ ᠤ | ᠳᠠᠭᠠᠳᠬᠠᠯ ᠤᠨ ᠨᠥᠬᠦᠪᠥᠷᠢ ᠦᠭᠭᠦᠨ᠎ᠡ᠂ ᠭᠤᠷᠪᠠᠨ ᠵᠢᠯ ᠤᠨ ᠳᠣᠲᠣᠷ᠎ᠠ ᠠᠩᠬᠠᠨ ᠤ ᠲᠤᠭ᠎ᠠ ᠬᠡᠮᠵᠢᠶ᠎ᠡ ᠪᠠᠨ | ᠪᠠᠳᠤᠯᠠᠬᠤ ᠬᠡᠷᠡᠭᠲᠠᠢ ᠃ | ︵4︶ ᠲᠠᠬᠢᠶ᠎ᠠ ᠨᠤᠭᠤᠰᠤ ᠲᠡᠵᠢᠭᠡᠬᠦ᠄ ᠠᠯᠠᠰᠢᠨ ᠲᠠᠬᠢᠶ᠎ᠠ ︵ᠥᠨᠳᠡᠭᠡᠨ ᠲᠠᠬᠢᠶ᠎ᠠ︶ ᠶᠢᠨ ᠳᠡᠭᠳᠡᠭᠡᠬᠡᠶ ᠪᠤᠶᠤ ᠠᠯᠠᠰᠢᠨ | ᠨᠤᠭᠤᠰᠤᠨ ᠤ ᠳᠡᠭᠳᠡᠭᠡᠬᠡᠶ ᠬᠤᠳᠠᠯᠳᠤᠨ ᠠᠪᠤᠪᠠᠯ 0.5 — 1 ᠵᠢᠩ ᠳᠤ 3 ᠲᠥᠭᠦᠷᠢᠭ ᠤᠨ ᠨᠥᠬᠦᠪᠥᠷᠢ | ᠥᠭᠭᠦᠨ᠎ᠡ᠂ 1 ᠵᠢᠩ ᠠᠴᠠ ᠳᠡᠭᠡᠭᠰᠢᠬᠢ ᠳᠡᠭᠳᠡᠭᠡᠬᠡᠶ ᠪᠦᠷᠢ 10 ᠲᠥᠭᠦᠷᠢᠭ ᠤᠨ ᠨᠥᠬᠦᠪᠥᠷᠢ ᠥᠭᠭᠦᠨ᠎ᠡ᠂ | ᠡᠭᠦᠯᠳᠡᠷ ᠤᠨ ᠳᠡᠭᠳᠡᠭᠡᠬᠡᠶ ᠬᠤᠳᠠᠯᠳᠤᠨ ᠠᠪᠤᠪᠠᠯ 25 ᠲᠥᠭᠦᠷᠢᠭ ᠤᠨ ᠨᠥᠬᠦᠪᠥᠷᠢ ᠥᠭᠭᠦᠨ᠎ᠡ᠃ | —ᠲᠠᠷᠢᠮᠠᠯ ᠤᠨ ᠦᠢᠯᠡᠰ | ︵1︶ ᠨᠡᠷᠡᠨ ᠭᠡᠷᠡᠯ ᠤᠨ ᠬᠦᠯᠡᠮᠵᠢ᠄ ᠪᠠᠷᠢᠮᠵᠢᠶᠠᠲᠤ ᠨᠡᠷᠡᠨ ᠭᠡᠷᠡᠯ ᠤᠨ ᠬᠦᠯᠡᠮᠵᠢ ᠶᠢ ᠪᠦᠲᠦᠭᠡᠨ ᠪᠠᠶᠢᠭᠤᠯᠬᠤ ᠳᠤ | ᠬᠥᠮᠥᠨ ᠪᠦᠷᠢ ᠳᠤ ᠳᠡᠭᠡᠷ᠎ᠡ ᠬᠢᠵᠠᠭᠠᠷ ᠲᠤ ᠪᠠᠨ4000 ᠲᠥᠭᠦᠷᠢᠭ ᠤᠨ ᠨᠥᠬᠦᠪᠥᠷᠢ ᠥᠭᠭᠦᠨ᠎ᠡ᠃ | ︵2︶ ᠬᠦᠢᠲᠡᠨ ᠰᠠᠷᠠᠪᠴᠢ᠄ ᠪᠠᠷᠢᠮᠵᠢᠶᠠᠲᠤ ᠬᠦᠢᠲᠡᠨ ᠰᠠᠷᠠᠪᠴᠢᠨ ᠪᠦᠲᠦᠭᠡᠨ ᠪᠠᠶᠢᠭᠤᠯᠬᠤ ᠳᠤ ᠮᠤ᠋ ᠪᠦᠷᠢ ᠳᠤ | 4000ᠲᠥᠭᠦᠷᠢᠭ ᠤᠨ ᠨᠥᠬᠦᠪᠥᠷᠢ ᠥᠭᠭᠦᠨ᠎ᠡ᠃ | ︵3︶ ᠬᠢᠲᠠᠳ ᠡᠮ ᠤᠨ ᠮᠠᠲ᠋ᠧᠷᠢᠶᠠᠯ᠄ ᠰᠢᠨ᠎ᠡ ᠪᠠᠷ ᠬᠢᠲᠠᠳ ᠡᠮ ᠤᠨ ᠮᠠᠲ᠋ᠧᠷᠢᠶᠠᠯ ᠲᠠᠷᠢᠪᠠᠯ ᠮᠦ ᠪᠦᠷᠢ ᠳᠤ | 1000 ᠲᠥᠭᠦᠷᠢᠭ ᠤᠨ ᠨᠥᠬᠦᠪᠥᠷᠢ ᠥᠭᠭᠦᠨ᠎ᠡ︔ ︵ᠪᠠᠬᠢᠵᠢᠭᠦᠯᠦᠭᠰᠡᠨ ᠮᠤ᠋ ᠪᠦᠷᠢ ᠳᠤ 300 ᠲᠥᠭᠦᠷᠢᠭ ᠤᠨ | ᠨᠥᠬᠦᠪᠥᠷᠢ ᠥᠭᠭᠦᠨ᠎ᠡ︶᠃ | ︵4︶ ᠲᠥᠮᠥᠰᠥ᠄ ᠲᠥᠮᠥᠰᠥ ᠲᠠᠷᠢᠪᠠᠯ ᠮᠤ᠋ ᠪᠦᠷᠢ ᠳᠤ 500 ᠲᠥᠭᠦᠷᠢᠭ ᠤᠨ ᠨᠥᠬᠦᠪᠥᠷᠢ ᠥᠭᠭᠦᠨ᠎ᠡ᠃ | ︵5︶ ᠵᠠᠳᠠᠭᠠᠶ ᠢᠳᠡᠰᠢᠨ ᠨᠣᠭᠤᠭ᠎ᠠ᠄ ᠵᠠᠳᠠᠭᠠᠢ ᠢᠳᠡᠰᠢᠨ ᠨᠣᠭᠤᠭ᠎ᠠ ︵ᠭᠠᠳᠢᠷ᠎ᠠ ᠶᠢᠨ ᠲᠥᠷᠥᠯ᠂ ᠵᠠᠳᠠᠭᠠᠢ | ᠮᠣᠳᠣᠨ ᠳᠡᠯᠳᠡᠦ ᠪᠠᠭᠲᠠᠨ᠎ᠠ︶ ᠲᠠᠷᠢᠪᠠᠯ ᠮᠤ᠋ ᠪᠦᠷᠢ ᠳᠤ 500 ᠲᠥᠭᠦᠷᠢᠭ ᠨᠥᠬᠦᠪᠥᠷᠢᠯᠡᠨ᠎ᠡ᠃ | ᠬᠥᠳᠡᠭᠡ ᠲᠣᠰᠬᠤᠨ ᠤ ᠵᠤᠭᠠᠴᠠᠯ᠄ | ︵1︶ ᠲᠠᠷᠢᠶᠠᠴᠢᠨ ᠠᠶᠢᠯ ᠤᠨ ᠵᠤᠭᠠᠴᠠᠯ᠄ ᠲᠠᠷᠢᠶᠠᠴᠢᠨ ᠠᠶᠢᠯ ᠤᠨ ᠬᠤᠭᠤᠯᠠᠨ ᠭᠡᠷ ᠪᠤᠶᠤ ᠲᠠᠷᠢᠶᠠᠴᠢᠨ | ᠠᠶᠢᠯ ᠤᠨ ᠵᠣᠴᠢᠳ ᠤᠨ ᠪᠠᠭᠤᠳᠠᠯ ᠢ ᠪᠦᠲᠦᠭᠡᠨ ᠪᠠᠶᠢᠭᠤᠯᠤᠯᠪᠠᠯ ᠭᠡᠷ ᠪᠠᠢᠰᠢᠩ ᠢ ᠵᠠᠰᠠᠵᠤ ᠴᠢᠮᠡᠭᠯᠡᠬᠦ ᠪᠠ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠨᠥᠬᠦᠪᠥᠷᠢ ᠣᠯᠭᠤᠵᠤ᠂ ᠬᠥᠮᠥᠨ ᠪᠦᠷᠢ ᠳᠤ ᠳᠡᠭᠡᠷ᠎ᠠ ᠬᠢᠵᠠᠭᠠᠷ ᠲᠤ ᠪᠠᠨ | 4000 ᠲᠥᠭᠦᠷᠢᠭ ᠤᠨ ᠨᠥᠬᠦᠪᠥᠷᠢ ᠥᠭᠴᠦ᠂ ᠬᠥᠮᠥᠨ ᠪᠦᠷᠢ ᠳᠤ 4000 ᠲᠥᠭᠦᠷᠢᠭ ᠬᠦᠷᠬᠦ ᠦᠭᠡᠢ ᠪᠤᠯ | ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠨᠦᠬᠦᠪᠦᠷᠢ ᠦᠭᠭᠦᠨ᠎ᠠ ᠃ | ︵2︶ ᠲᠤᠷᠰᠢᠯᠲᠠ ᠳᠤ ᠣᠷᠣᠯᠴᠠᠬᠤ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ᠄ ᠲᠥᠷᠥᠯ ᠵᠦᠢᠯ | ᠨᠢᠭᠡᠪᠦᠷᠢ ᠳᠤ ᠳᠡᠭᠡᠷ᠎ᠠ ᠬᠢᠵᠠᠭᠠᠷ ᠲᠤ ᠪᠠᠨ ᠬᠥᠮᠥᠨ ᠪᠦᠷᠢ 4000 ᠲᠥᠭᠦᠷᠢᠭ ᠤᠨ ᠨᠥᠬᠦᠪᠥᠷᠢ ᠥᠭᠴᠦ᠂ | ᠬᠥᠮᠥᠨ ᠪᠦᠷᠢ ᠳᠤ 4000 ᠲᠥᠭᠦᠷᠢᠭ ᠬᠦᠷᠬᠦ ᠦᠭᠡᠢ ᠪᠤᠯ ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ | ᠨᠦᠬᠦᠪᠦᠷᠢ ᠦᠭᠭᠦᠨ᠎ᠠ ᠃ | —ᠬᠤᠳᠠᠯᠳᠤᠭᠠᠨ ᠤ ᠦᠢᠯᠡᠰ | ︵1︶ ᠬᠡᠲᠦ ᠳᠡᠯᠭᠡᠭᠦᠷ᠄ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠬᠡᠲᠦ ᠳᠡᠯᠭᠡᠭᠦᠷ ᠢ ᠡᠷᠬᠢᠯᠡᠵᠦ᠂ ᠭᠡᠷ | ᠪᠠᠶᠢᠰᠢᠩ ᠨᠢ 30 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠪᠠᠯ᠂ ᠭᠡᠷ ᠪᠠᠶᠢᠰᠢᠩ ᠢ ᠵᠠᠰᠠᠵᠤ ᠴᠢᠮᠡᠭᠯᠡᠬᠦ᠂ | ᠲᠥᠬᠦᠭᠡᠷᠦᠮᠵᠢ ᠬᠤᠳᠠᠯᠳᠤᠨ ᠠᠪᠬᠤ ᠨᠥᠬᠦᠪᠥᠷᠢ ᠣᠯᠭᠤᠵᠤ᠂ ᠬᠥᠮᠥᠨ ᠪᠦᠷᠢ ᠳᠤ ᠳᠡᠭᠡᠷ᠎ᠠ ᠬᠢᠵᠠᠭᠠᠷ ᠲᠤ ᠪᠠᠨ | 4000 ᠲᠥᠭᠦᠷᠢᠭ ᠤᠨ ᠨᠥᠬᠦᠪᠥᠷᠢ ᠥᠭᠴᠦ᠂ ᠬᠥᠮᠥᠨ ᠪᠦᠷᠢ ᠳᠤ 4000 ᠲᠥᠭᠦᠷᠢᠭ ᠬᠦᠷᠬᠦ ᠦᠭᠡᠢ ᠪᠤᠯ | ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠨᠦᠬᠦᠪᠦᠷᠢ ᠦᠭᠭᠦᠨ᠎ᠠ ᠃ | ︵2︶ ᠨᠤᠲᠤᠭ ᠤᠨ ᠣᠨᠴᠠ ᠭᠠᠷᠤᠯᠲᠠ᠂ ᠭᠠᠷ ᠤᠷᠠᠯᠠᠯ ᠤᠨ ᠪᠦᠲᠦᠭᠡᠭᠳᠡᠬᠦᠨ ᠢ ᠡᠳ᠋ᠰᠢᠭᠦᠯᠬᠦ᠄ ᠨᠤᠲᠤᠭ ᠤᠨ | ᠣᠨᠴᠠ ᠭᠠᠷᠤᠯᠲᠠ᠂ ᠭᠠᠷ ᠤᠷᠠᠯᠠᠯ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠭᠠᠵᠠᠷ᠂ ᠪᠣᠷᠣᠯᠠᠭᠤᠯᠬᠤ ᠴᠡᠭ ᠢ | ᠪᠠᠶᠢᠭᠤᠯᠤᠯᠪᠠᠯ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠶᠢᠨ ᠨᠥᠬᠦᠪᠥᠷᠢ ᠣᠯᠭᠤᠵᠤ᠂ | ᠬᠥᠮᠥᠨ ᠪᠦᠷᠢ ᠳᠤ ᠳᠡᠭᠡᠷ᠎ᠠ ᠬᠢᠵᠠᠭᠠᠷ ᠲᠤ ᠪᠠᠨ4000 ᠲᠥᠭᠦᠷᠢᠭ ᠤᠨ ᠨᠥᠬᠦᠪᠥᠷᠢ ᠥᠭᠴᠦ᠂ ᠬᠥᠮᠥᠨ ᠪᠦᠷᠢ ᠳᠤ | 4000 ᠲᠥᠭᠦᠷᠢᠭ ᠬᠦᠷᠬᠦ ᠦᠭᠡᠢ ᠪᠤᠯ ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠨᠦᠬᠦᠪᠦᠷᠢ ᠦᠭᠭᠦᠨ᠎ᠠ | ᠃ | —ᠭᠡᠷᠡᠯ ᠸᠣᠯᠲ | ᠡᠷᠦᠬᠡ ᠳᠤ ᠬᠡᠷᠡᠭᠯᠡᠬᠦ ᠲᠠᠷᠬᠠᠮᠠᠯ ᠮᠠᠶ᠋ᠢᠭ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ | ᠬᠡᠷᠡᠭᠵᠢᠭᠦᠯᠵᠤ᠂ ᠬᠥᠮᠥᠨ ᠪᠦᠷᠢ ᠳᠤᠮᠳᠠᠴᠢ ᠪᠠᠷ 1 ᠺᠢᠯᠣᠸᠠᠲ ᠠᠴᠠ ᠳᠡᠭᠡᠭᠰᠢ ᠤᠭᠰᠠᠷᠠᠪᠠᠯ᠂ ᠬᠥᠮᠥᠨ ᠪᠦᠷᠢ ᠳᠤ | 4000 ᠲᠥᠭᠦᠷᠢᠭ ᠤᠨ ᠨᠥᠬᠦᠪᠥᠷᠢ ᠣᠯᠭᠤᠨ᠎ᠠ᠃ | —ᠲᠠᠷᠢᠶᠠᠯᠠᠩ ᠤᠨ ᠮᠠᠰᠢᠨ ᠪᠠᠭᠠᠵᠢ | ᠲᠠᠷᠢᠶᠠᠯᠠᠩ ᠤᠨ ᠮᠠᠰᠢᠨ ᠪᠠᠭᠠᠵᠢ ᠶᠢ ᠬᠤᠳᠠᠯᠳᠤᠨ ᠠᠪᠬᠤ ᠳᠠᠭᠠᠨ ᠲᠠᠷᠢᠶᠠᠯᠠᠩ ᠤᠨ ᠮᠧᠬᠠᠨᠢᠭ ᠤᠨ ᠨᠥᠬᠦᠪᠥᠷᠢ ᠶᠢ | ᠬᠠᠰᠤᠭᠰᠠᠨ ᠤ ᠳᠠᠷᠠᠭᠠᠬᠢ ᠥᠪᠡᠷ ᠢᠶᠠᠨ ᠴᠤᠭᠯᠠᠭᠤᠯᠤᠭᠰᠠᠨ ᠬᠡᠰᠡᠭ ᠲᠤ ᠬᠥᠮᠥᠨ ᠪᠦᠷᠢ ᠳᠤ ᠳᠡᠭᠡᠷ᠎ᠠ ᠬᠢᠵᠠᠭᠠᠷ ᠲᠤ | ᠪᠠᠨ 4000 ᠲᠥᠭᠦᠷᠢᠭ ᠤᠨ ᠨᠥᠬᠦᠪᠥᠷᠢ ᠥᠭᠴᠦ᠂ ᠬᠥᠮᠥᠨ ᠪᠦᠷᠢ ᠳᠤ 4000 ᠲᠥᠭᠦᠷᠢᠭ ᠬᠦᠷᠬᠦ ᠦᠭᠡᠢ ᠪᠤᠯ | ᠪᠣᠳᠠᠲᠠᠶ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠨᠦᠬᠦᠪᠦᠷᠢ ᠦᠭᠭᠦᠨ᠎ᠠ ᠃ | ︵ᠳᠥᠷᠪᠡ︶ ᠲᠥᠷᠥᠯ ᠵᠦᠶ᠋ᠯ ᠢ ᠬᠡᠷᠡᠭᠵᠢᠭᠦᠯᠬᠦ ᠳᠡᠰ ᠳᠠᠷᠠᠭᠠᠯᠠᠯ᠃ | ᠶᠠᠳᠠᠭᠤ ᠬᠦᠴᠢᠷᠳᠡᠯᠲᠡᠶ ᠡᠷᠦᠬᠡ ᠭᠤᠶᠤᠴᠢᠯᠠᠨ ᠮᠡᠳᠡᠭᠦᠯᠦᠨ᠎ᠡ →ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ | ᠪᠠᠭ ᠪᠤᠯᠤᠨ ᠠᠵᠢᠯᠯᠠᠬᠤ ᠠᠩᠭᠢ ᠰᠢᠳᠪᠦᠷᠢᠯᠡᠵᠤ →ᠭᠠᠴᠠᠭᠠᠨ ᠳᠤ ᠵᠠᠷᠯᠠᠨ ᠨᠡᠢᠲᠡᠯᠡᠨ᠎ᠡ→ ᠰᠢᠶᠠᠩ ᠪᠠᠯᠭᠠᠰᠤ ᠳᠤ | ᠮᠡᠳᠡᠭᠦᠯᠵᠦ ᠬᠢᠨᠠᠨ ᠬᠠᠷᠭᠤᠭᠤᠯᠤᠭᠤᠯᠵᠤ→ ᠰᠢᠶᠠᠩ ᠪᠠᠯᠭᠠᠰᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ | ᠵᠣᠬᠢᠶᠠᠨ᠎ᠠ→ ᠬᠤᠰᠢᠭᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠤᠰᠢᠭᠤᠨ ᠶᠠᠳᠠᠭᠤ ᠶᠢ ᠲᠡᠳᠬᠦᠬᠦ | ᠠᠯᠪᠠᠨ ᠭᠡᠷ ᠲᠤ ᠮᠡᠳᠡᠭᠦᠯᠦᠨ ᠬᠢᠨᠠᠨ ᠬᠠᠷᠭᠤᠭᠤᠯᠤᠭᠤᠯᠤᠨ᠎ᠠ → ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠨ᠎ᠠ→ᠬᠤᠰᠢᠭᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ | ᠵᠥᠪᠰᠢᠶᠡᠷᠡᠭᠦᠯᠦᠨ᠎ᠡ→ ᠭᠠᠴᠠᠭᠠᠨ ᠤ ᠱᠠᠲᠤᠨ ᠠᠴᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠵᠠᠷᠯᠠᠨ ᠨᠡᠢᠲᠡᠯᠡᠨ᠎ᠡ | → ᠬᠤᠰᠢᠭᠤᠨ ᠳᠡᠰ ᠤᠨ ᠠᠯᠪᠠᠨ ᠵᠠᠷ ᠨᠡᠢᠲᠡᠯᠡᠨ᠎ᠡ→ ᠲᠥᠷᠥᠯ ᠵᠦᠢᠯ ᠢ ᠬᠡᠷᠡᠭᠵᠢᠭᠦᠯᠦᠨ᠎ᠡ → ᠲᠥᠷᠥᠯ ᠵᠦᠢᠯ | ᠤᠨ ᠰᠢᠯᠭᠠᠨ ᠪᠠᠶᠢᠴᠠᠭᠠᠯᠲᠠ →ᠪᠡᠯᠡ ᠮᠥᠩᠭᠦ ᠰᠠᠯᠭᠠᠨ ᠥᠭᠬᠦ᠃ | ᠲᠠᠪᠤ᠂ ᠵᠢᠭᠡᠯᠡᠯᠭᠡ ᠶᠢᠨ ᠳᠡᠮᠵᠢᠯᠭᠡ | ᠪᠡᠶ᠎ᠡ ᠪᠠᠨ ᠳᠠᠭᠠᠭᠠᠵᠤ ᠠᠵᠤ ᠦᠢᠯᠡᠰ ᠪᠤᠰᠬᠠᠬᠤ ᠳᠤ ᠲᠥᠷᠥᠯ ᠵᠦᠢᠯ ᠤᠨ ᠪᠡᠯᠡ ᠮᠥᠩᠭᠦ ᠨᠢ ᠬᠦᠷᠦᠯᠴᠡᠬᠦ ᠥᠬᠡᠶ | ᠶᠠᠳᠠᠭᠤ ᠬᠦᠴᠢᠷᠳᠡᠯᠲᠡᠢ ᠡᠷᠦᠬᠡ ᠨᠢᠭᠡᠪᠦᠷᠢ ᠬᠠᠮᠤᠭ ᠤᠨ ᠥᠨᠳᠥᠷ ᠲᠤ ᠪᠠᠨ 5 ᠲᠦᠮᠡᠨ ᠲᠥᠭᠦᠷᠢᠭ ᠤᠨ ᠳᠡᠮ | ᠬᠦᠦ ᠲᠠᠢ ᠵᠢᠭᠡᠯᠡᠯᠭᠡ ᠭᠤᠶᠤᠴᠢᠯᠠᠵᠤ ᠪᠣᠯᠤᠨ᠎ᠠ᠂ ᠬᠦᠦ ᠮᠥᠩᠭᠦ ᠶᠢ ᠤᠯᠠᠷᠢᠯ ᠪᠦᠷᠢ ᠡᠳ᠋ ᠤᠨ ᠵᠠᠰᠠᠭ ᠤᠨ ᠪᠡᠯᠡ | ᠮᠥᠩᠭᠦ ᠪᠠᠷ ᠰᠢᠭᠤᠳ ᠲᠣᠭᠠᠴᠠᠭᠠᠨ ᠪᠣᠳᠣᠵᠤ᠂ ᠶᠠᠳᠠᠭᠤ ᠬᠦᠴᠢᠷᠳᠡᠯᠲᠡᠢ ᠡᠷᠦᠬᠡ ᠤᠯᠠᠷᠢᠯ ᠢᠶᠠᠷ ᠬᠦᠦ ᠪᠣᠳᠣᠬᠤ | ᠴᠢᠬᠤᠯᠠ ᠥᠬᠡᠶ᠃ ᠵᠢᠭᠡᠯᠡᠯᠭᠡ ᠶᠢᠨ ᠬᠡᠷᠡᠭᠴᠡᠭᠡ ᠶᠢ ᠡᠷᠬᠡᠪᠰᠢ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ | ᠬᠥᠭᠵᠢᠯᠲᠡ ᠳᠤ ᠬᠡᠷᠡᠭᠯᠡᠬᠦ ᠬᠡᠷᠡᠭᠲᠡᠢ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠡᠭᠦᠷᠭᠡᠯᠡᠭᠴᠢ ᠡᠷᠦᠬᠡ ᠶᠢ | ᠬᠠᠪᠰᠤᠷᠤᠨ ᠲᠥᠷᠥᠯ ᠵᠦᠢᠯ ᠢ ᠲᠦᠯᠦᠪᠯᠡᠭᠦᠯᠵᠦ᠂ ᠪᠡᠯᠡ ᠮᠥᠩᠭᠦ ᠶᠢ ᠬᠡᠮᠵᠢᠨ ᠪᠣᠳᠣᠬᠤ ᠢ ᠰᠠᠶᠢᠲᠤᠷ ᠬᠢᠵᠦ᠂ | ᠵᠢᠭᠡᠯᠡᠯᠭᠡ ᠶᠢᠨ ᠬᠡᠮᠵᠢᠶ᠎ᠡ ᠶᠢ ᠠᠵᠤ ᠦᠢᠯᠡᠰ ᠤᠨ ᠲᠥᠷᠥᠯ ᠵᠦᠢᠯ ᠤᠨ ᠪᠣᠳᠠᠳᠠᠢ ᠪᠡᠯᠡ ᠮᠥᠩᠭᠦ ᠶᠢᠨ ᠲᠤᠭᠤᠯᠳᠠᠯ ᠢ | ᠦᠨᠳᠦᠰᠦᠯᠡᠨ ᠭᠤᠶᠤᠴᠢᠯᠠᠨ᠎ᠠ ᠂ ︽ᠪᠤᠰᠤᠳ ᠲᠤ ᠨᠡᠭᠦᠯᠭᠡᠨ ᠬᠡᠷᠡᠭᠯᠡᠬᠦ᠂ ᠪᠤᠰᠤᠳ ᠲᠤ ᠰᠢᠯᠵᠢᠭᠦᠯᠦᠨ ᠵᠢᠭᠡᠯᠡᠭᠦᠯᠬᠦ᠂ | ᠢᠯᠡᠭᠦᠦ ᠵᠢᠭᠡᠯᠡᠭᠦᠯᠵᠦ ᠪᠠᠭ᠎ᠠ ᠬᠡᠷᠡᠭᠯᠡᠬᠦ᠂ᠵᠢᠭᠡᠯᠡᠭᠦᠯᠦᠭᠡᠳ ᠬᠡᠷᠡᠭᠯᠡᠬᠦ ᠦᠭᠡᠢ︾ ᠦᠵᠡᠭᠳᠡᠯ ᠭᠠᠷᠬᠤ ᠶᠢ ᠰᠡᠷᠭᠡᠶᠢᠯᠡᠬᠦ | ᠬᠡᠷᠡᠭᠲᠡᠢ᠃ ᠭᠤᠶᠤᠴᠢᠯᠠᠯ ᠨᠢ ᠶᠠᠳᠠᠭᠤ ᠬᠦᠴᠢᠷᠳᠡᠯᠲᠡᠶ ᠡᠷᠦᠬᠡ ᠶᠢᠨ ᠭᠤᠶᠤᠴᠢᠯᠠᠯ᠂ ᠬᠠᠪᠰᠤᠷᠤᠨ ᠲᠤᠰᠠᠯᠠᠭᠴᠢ ᠶᠢᠨ | ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠬᠤ᠂ ᠭᠠᠴᠠᠭᠠᠨ ᠤ ᠠᠷᠠᠳ ᠤᠨ ᠵᠥᠪᠯᠡᠯ ᠤᠨ ᠠᠵᠢᠯᠯᠠᠬᠤ | ᠠᠩᠭᠢ ᠶᠢᠨ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠬᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠬᠢᠨᠠᠨ ᠬᠠᠷᠭᠤᠭᠤᠯᠬᠤ᠂ ᠬᠤᠰᠢᠭᠤᠨᠤ ᠶᠠᠳᠠᠭᠤ ᠶᠢ ᠲᠡᠳᠬᠦᠬᠦ ᠠᠯᠪᠠᠨ ᠭᠡᠷ ᠬᠢᠨᠠᠨ ᠬᠠᠷᠭᠤᠭᠤᠯᠬᠤ᠂ | ᠮᠥᠩᠭᠦᠨᠭᠦ᠋ᠢᠯᠭᠡᠭᠡᠨ ᠤ ᠰᠠᠯᠠᠭ᠎ᠠ ᠮᠥᠴᠢᠷ ᠠᠴᠠ ᠢᠲᠡᠭᠡᠮᠵᠢ ᠣᠯᠭᠤᠵᠤ ᠵᠢᠭᠡᠯᠡᠯᠭᠡ ᠲᠠᠯᠪᠢᠬᠤ ᠳᠡᠰ ᠳᠠᠷᠠᠭᠠᠯᠠᠯ | ᠶᠣᠰᠣᠭᠠᠷ ᠶᠠᠪᠤᠭᠳᠠᠨ᠎ᠠ ᠃᠃᠃﹀ | ᠵᠢᠷᠭᠤᠭ᠎ᠠ᠂ ᠡᠳ᠋ ᠬᠥᠷᠥᠩᠭᠡ ᠶᠢᠨ ᠠᠰᠢᠭ ᠣᠷᠣᠯᠭ᠎ᠠ | ᠬᠥᠳᠡᠯᠮᠦᠷᠢ ᠬᠦᠴᠦ ᠥᠬᠡᠶ ᠪᠤᠶᠤ ᠪᠠᠭᠤᠷᠠᠶ ᠬᠥᠳᠡᠯᠮᠦᠷᠢ ᠬᠦᠴᠦᠨ ᠤ ᠶᠠᠳᠠᠭᠤ ᠬᠦᠴᠢᠷᠳᠡᠯᠲᠡᠶ ᠬᠥᠮᠥᠨ ᠠᠮᠠ ᠨᠢ ︽ | ᠲᠣᠪᠶᠤᠭ ᠤᠨ ᠬᠡᠯᠪᠡᠷᠢ︾ ᠶᠢᠨ ᠲᠥᠷᠥᠯ ᠵᠦᠶ᠋ᠯ ᠢ ᠰᠣᠩᠭᠤᠬᠤ ᠪᠠᠷ ᠳᠠᠮᠵᠢᠨ ᠣᠷᠣᠯᠭ᠎ᠠ ᠪᠠᠨ ᠨᠡᠮᠡᠭᠳᠡᠭᠦᠯᠵᠦ ᠳᠡᠶᠢᠯᠬᠦ | ᠥᠬᠡᠶ ᠪᠠᠶᠢᠪᠠᠯ ᠂ 2018 ᠣᠨ ᠤ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠮᠥᠩᠭᠦ ᠶᠢ ᠠᠰᠢᠭᠯᠠᠨ᠂ | ᠭᠤᠷᠪᠠᠨ ᠵᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠪᠠᠷ ᠲᠡᠳᠬᠦᠬᠦ ᠲᠥᠷᠥ ᠶᠢᠨ ᠪᠣᠳᠣᠯᠭ᠎ᠠ ᠣᠯᠭᠤᠵᠤ᠂ | ᠬᠥᠮᠥᠨ ᠪᠦᠷᠢ ᠶᠢᠨ ᠬᠦᠷᠲᠡᠬᠦ ᠶᠣᠰᠣᠲᠠᠶ ᠠᠵᠤ ᠦᠢᠯᠡᠰ ᠤᠨ ᠨᠥᠬᠦᠪᠥᠷᠢ ᠶᠢᠨ ᠪᠠᠯᠠ ᠮᠥᠩᠭᠦ ᠶᠢᠨ 10 % ᠶᠢᠨ | ᠠᠰᠢᠭ ᠣᠯᠵᠠᠪᠤᠷᠢ ᠶᠢ ᠬᠦᠷᠲᠡᠭᠡᠨ᠎ᠡ᠃ | ᠲᠤᠯᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠠᠵᠢᠯ ᠢ ᠬᠤᠰᠢᠭᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠢᠯᠣᠭᠤᠳᠬᠤ | ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ ᠥᠷᠨᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠲᠤᠰᠬᠠᠶ ᠠᠬᠢᠭᠤᠯᠬᠤ ᠳᠤᠭᠤᠶᠢᠯᠠᠩ ᠠᠴᠠ ᠪᠣᠳᠠᠲᠠᠶ ᠬᠠᠷᠢᠭᠤᠴᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠲᠥᠷᠥᠯ ᠵᠦᠢᠯ ᠢ | ᠲᠥᠷᠥᠯ ᠵᠦᠢᠯ ᠢᠶᠠᠷ ᠬᠢᠨᠠᠨ ᠲᠣᠭᠲᠠᠭᠠᠵᠤ᠂ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ | ᠪᠠᠲᠤᠯᠠᠵᠤ᠂ ᠬᠤᠰᠢᠭᠤᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠵᠦ ᠬᠡᠷᠡᠭᠵᠢᠭᠦᠯᠦᠨ᠎ᠡ᠃ ᠡᠯ᠎ᠡ ᠰᠠᠯᠠᠭ᠎ᠠ | ᠮᠥᠴᠢᠷ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠠᠵᠤ | ᠦᠢᠯᠡᠰ ᠢ ᠵᠣᠬᠢᠶᠠᠨ ᠪᠠᠶᠢᠭᠤᠯᠵᠤ ᠤᠳᠤᠷᠢᠳᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ | ᠬᠦᠴᠦᠨ ᠢ ᠰᠢᠯᠵᠢᠭᠦᠯᠦᠨ ᠨᠢᠭᠡᠳᠦᠯᠲᠡᠢ ᠳᠤ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ | ᠠᠵᠢᠯ ᠤᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ | ᠵᠦᠢᠯ ᠤᠨ ᠡᠭᠦᠷᠭᠡ ᠶᠢ ᠦᠨᠡᠨᠬᠦ ᠪᠣᠳᠠᠲᠠᠢ ᠳᠤ ᠨᠠᠢᠳᠠᠪᠤᠷᠢᠵᠢᠭᠤᠯᠬᠤ ᠬᠡᠷᠡᠭᠲᠡᠢ᠃ ᠨᠢᠭᠡ ᠪᠦᠯᠦᠭ ᠠᠵᠤ ᠦᠢᠯᠡᠰ ᠤᠨ | ᠬᠥᠭᠵᠢᠯᠲᠡ ᠶᠢᠨ ᠲᠥᠷᠥᠯ ᠵᠦᠢᠯ ᠢ ᠰᠤᠳᠤᠯᠤᠨ ᠲᠥᠰᠦᠪᠯᠡᠵᠦ᠂ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠨ ᠠᠮᠢᠳᠤᠯᠢᠭ ᠢᠶᠠᠷ ᠬᠡᠷᠡᠭᠯᠡᠵᠦ᠂ ᠠᠵᠤ ᠦᠢᠯᠡᠰ ᠤᠨ ᠬᠥᠭᠵᠢᠯᠲᠡ ᠶᠢᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠬᠥᠮᠥᠨ ᠠᠮᠠ ᠶᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠶᠠᠳᠠᠭᠤ ᠠᠴᠠ ᠠᠩᠭᠢᠵᠢᠷᠠᠭᠤᠯᠤᠨ᠎ᠠ᠃ | ︵ᠬᠤᠶᠠᠷ︶ ᠰᠠᠯᠠᠭ᠎ᠠ ᠮᠥᠴᠢᠷ ᠪᠠ ᠠᠵᠢᠯᠯᠠᠬᠤ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ | ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤᠰ ᠠᠵᠢᠯ ᠲᠥᠷᠥᠯ ᠤᠨ ᠲᠥᠷᠥᠯ ᠵᠦᠢᠯ ᠤᠨ ᠲᠦᠯᠦᠪᠯᠡᠯᠭᠡ᠂ | ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ᠂ ᠬᠢᠨᠠᠨ ᠬᠠᠮᠢᠶᠠᠷᠬᠤ᠂ ᠰᠢᠯᠭᠠᠨ ᠠᠪᠬᠤ᠂ ᠪᠡᠯᠡ ᠮᠥᠩᠭᠦ | ᠰᠠᠯᠭᠠᠨ ᠥᠭᠬᠦ ᠵᠡᠷᠭᠡ ᠠᠵᠢᠯ ᠢ ᠰᠠᠶᠢᠲᠤᠷ ᠬᠢᠵᠦ᠂ ᠪᠣᠳᠠᠲᠠᠢ ᠠᠵᠢᠯ ᠤᠨ ᠬᠤᠪᠢᠶᠠᠷᠢᠯᠠᠯ ᠨᠢ᠄ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠭᠡᠷᠡᠯ ᠸᠣᠯᠲ ᠤᠨ ᠲᠥᠷᠥᠯ ᠵᠦᠢᠯ ᠢ ᠬᠠᠷᠢᠭᠤᠴᠠᠨ᠎ᠠ︔ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠷᠢᠶᠠᠯᠠᠩ ᠶᠢᠨ ᠲᠥᠬᠦᠭᠡᠷᠦᠮᠵᠢ᠂ ᠬᠦᠢᠲᠡᠨ | ᠬᠠᠳᠠᠭᠠᠯᠠᠬᠤ ᠵᠣᠭᠤᠷᠢ᠂ ᠰᠢᠨ᠎ᠡ ᠰᠣᠷᠭᠤᠭ ᠬᠠᠳᠠᠭᠠᠯᠠᠬᠤ ᠬᠥᠮᠥᠷᠭᠡ ᠪᠠ ᠲᠡᠵᠢᠭᠡᠨ ᠦᠷᠡᠵᠢᠭᠦᠯᠬᠦ ᠦᠢᠯᠡᠰ ᠤᠨ | ᠲᠥᠷᠥᠯ ᠵᠦᠢᠯ ᠢ ᠬᠠᠷᠢᠭᠤᠴᠠᠨ᠎ᠠ︔ ᠬᠤᠰᠢᠭᠤᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠵᠤ | ᠠᠬᠤᠢ ᠶᠢᠨ ᠣᠢ ᠶᠢᠨ ᠲᠥᠷᠥᠯ ᠵᠦᠢᠯ ᠢ ᠬᠠᠷᠢᠭᠤᠴᠠᠨ᠎ᠠ︔ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠬᠤᠳᠠᠯᠳᠤᠭᠠᠨ ᠤ ᠦᠢᠯᠡᠰ ᠤᠨ ᠲᠥᠷᠥᠯ ᠵᠦᠢᠯ ᠢ ᠬᠠᠷᠢᠭᠤᠴᠠᠨ᠎ᠠ︔ ᠬᠤᠰᠢᠭᠤᠨ | ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠲᠣᠪᠴᠢᠶ᠎ᠠ ᠵᠢᠭᠤᠯᠴᠢᠯᠠᠯ ᠤᠨ ᠲᠥᠷᠥᠯ ᠵᠦᠢᠯ ᠢ ᠬᠠᠷᠢᠭᠤᠴᠠᠨ᠎ᠠ︔ | ᠬᠤᠰᠢᠭᠤᠨ ᠲᠠᠷᠢᠶᠠᠯᠠᠩ ᠤᠨ ᠮᠠᠰᠢᠨ ᠤ ᠲᠥᠪ ᠨᠢ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ᠂ | ᠲᠠᠷᠢᠶᠠᠯᠠᠩ ᠤᠨ ᠮᠠᠰᠢᠨ ᠤ ᠬᠤᠷᠰᠢᠶ᠎ᠠ᠂ ᠡᠷᠳᠡᠨᠢ ᠰᠢᠰᠢ ᠶᠢᠨ ᠡᠰᠢ ᠰᠦᠢᠷᠡᠯ ᠢ ᠪᠣᠭᠤᠵᠢᠯᠠᠵᠤ ᠬᠤᠷᠢᠶᠠᠨ ᠠᠪᠴᠤ | ᠠᠰᠢᠭᠯᠠᠬᠤ ᠲᠥᠷᠥᠯ ᠵᠦᠢᠯ ᠢ ᠬᠠᠷᠢᠭᠤᠴᠠᠨ᠎ᠠ︔ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠨᠢ | ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠵᠠᠮ ᠤᠨ ᠢᠵᠢ ᠪᠦᠷᠢᠳᠦᠭᠦᠯᠬᠦ ᠲᠥᠷᠥᠯ ᠵᠦᠢᠯ ᠢ ᠬᠠᠷᠢᠭᠤᠴᠠᠨ᠎ᠠ ︵ | ᠣᠰᠣᠨ ᠠᠰᠢᠭᠯᠠᠯᠲᠠ᠂ ᠴᠠᠬᠢᠯᠭᠠᠨ ᠬᠠᠩᠭᠠᠬᠤ᠂ ᠵᠠᠮ ᠬᠠᠷᠢᠯᠴᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠰᠢᠯᠭᠠᠨ ᠪᠠᠶᠢᠴᠠᠭᠠᠨ᠎ᠠ︶︔ ᠡᠯ᠎ᠡ ᠠᠵᠢᠯᠯᠠᠬᠤ ᠠᠩᠭᠢ ᠶᠢᠨ ᠬᠢᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠤᠰ | ᠭᠠᠴᠠᠭᠠᠨ ᠤ ᠪᠠᠨ ᠠᠵᠤ ᠦᠢᠯᠡᠰ ᠤᠨ ᠲᠥᠷᠥᠯ ᠵᠦᠢᠯ ᠪᠠ ᠡᠷᠦᠬᠡ ᠳᠤ ᠬᠤᠯᠪᠣᠭᠳᠠᠬᠤ ᠲᠥᠷᠥᠯ ᠵᠦᠢᠯ ᠢ | ᠢᠳᠡᠪᠬᠢᠲᠡᠶ ᠤᠬᠠᠭᠤᠯᠵᠤ ᠂ ᠲᠥᠷᠥᠯ ᠵᠦᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ | ᠣᠯᠬᠤ ᠶᠢ ᠱᠠᠭᠠᠷᠲᠠᠬᠤ ᠶᠢᠨ ᠬᠠᠮᠲᠤ ᠡᠳᠦᠷ ᠲᠣᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ | ᠬᠡᠷᠡᠭᠲᠡᠶ᠃ | ︵ᠭᠤᠷᠪᠠ︶ ᠮᠡᠷᠭᠡᠵᠢᠯ ᠤᠨ ᠪᠣᠯᠪᠠᠰᠤᠷᠠᠭᠤᠯᠤᠯ ᠬᠢᠭᠡᠳ ᠦᠢᠯᠡᠴᠢᠯᠡᠭᠡᠨ ᠥᠷᠨᠢᠭᠦᠯᠬᠦ | ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠲᠠᠷᠢᠶᠠᠴᠢᠳ ᠲᠤ ᠲᠣᠬᠢᠷᠠᠬᠤ ᠮᠡᠷᠭᠡᠵᠢᠯ ᠤᠨ | ᠪᠣᠯᠪᠠᠰᠤᠷᠠᠭᠤᠯᠤᠯ ᠤᠨ ᠡᠷᠴᠢᠮ ᠢᠶᠠᠨ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠪᠰᠤᠷᠴᠤ | ᠵᠣᠬᠢᠬᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠢ ᠡᠵᠡᠮᠰᠢᠭᠦᠯᠬᠦ ᠬᠡᠷᠡᠭᠲᠡᠢ᠃ | ᠮᠡᠷᠭᠡᠵᠢᠯᠲᠡᠨᠢ ᠵᠣᠬᠢᠶᠠᠨ ᠪᠠᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠵᠢᠯᠣᠭᠤᠳᠤᠨ | ᠦᠢᠯᠡᠴᠢᠯᠡᠵᠦ᠂ ᠠᠵᠤ ᠦᠢᠯᠡᠰ ᠢ ᠬᠥᠭᠵᠢᠭᠦᠯᠬᠦ ᠮᠡᠷᠭᠡᠵᠢᠯ ᠤᠨ ᠬᠦᠴᠢᠷ ᠠᠰᠠᠭᠤᠳᠠᠯ ᠢ ᠴᠠᠭ ᠲᠤᠬᠠᠢ ᠲᠤᠨᠢ | ᠰᠢᠢᠳᠪᠦᠷᠢᠯᠡᠬᠦ ᠶᠢᠨ ᠬᠠᠮᠲᠤ ᠵᠠᠬ᠎ᠠ ᠳᠡᠯᠭᠡᠭᠦᠷ ᠤᠨ ᠬᠤᠪᠢᠷᠠᠯᠲᠠ ᠶᠢ ᠰᠠᠨᠠᠭᠠᠴᠢᠯᠠᠭ᠎ᠠ ᠠᠴᠠ ᠪᠠᠨ ᠠᠩᠬᠠᠷᠴᠤ᠂ | ᠦᠢᠯᠡᠳᠪᠦᠷᠢᠯᠡᠬᠦ ᠶᠢᠨ ᠡᠮᠦᠨᠡᠬᠢ᠂ ᠦᠢᠯᠡᠳᠪᠦᠷᠢᠯᠡᠬᠦ ᠶᠢᠨ ᠳᠤᠮᠳᠠᠬᠢ ᠪᠠ ᠦᠢᠯᠡᠳᠪᠦᠷᠢᠯᠡᠬᠦ ᠶᠢᠨ ᠳᠠᠷᠠᠭᠠᠬᠢ | ᠵᠣᠯᠭᠠᠭᠤᠯᠬᠤ ᠦᠢᠯᠡᠴᠢᠯᠡᠭᠡᠨ ᠤ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ | ︵ᠳᠥᠷᠪᠡ︶ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ | ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠲᠥᠷᠥᠯ ᠵᠦᠢᠯᠢ ᠬᠡᠷᠡᠭᠵᠢᠭᠦᠯᠬᠦ ᠲᠠᠰ | ᠳᠠᠷᠠᠭᠠᠯᠠᠯ ᠢ ᠴᠢᠩᠭ᠎ᠠ ᠵᠢᠷᠤᠮᠯᠠᠨ ᠲᠥᠷᠥᠯ ᠵᠦᠢᠯ ᠢ ᠮᠡᠳᠡᠭᠦᠯᠬᠦ᠂ ᠬᠠᠮᠢᠶᠠᠷᠬᠤ᠂ ᠰᠢᠯᠭᠠᠨ ᠠᠪᠴᠤ ᠂ ᠲᠥᠷᠥᠯ | ᠵᠦᠢᠯ ᠬᠢᠭᠡᠳ ᠪᠡᠯᠡ ᠮᠥᠩᠭᠦ ᠶᠢᠨ ᠠᠵᠢᠯᠯᠠᠭᠠᠨ ᠢ ᠢᠯᠠ ᠲᠣᠳᠣ ᠪᠠᠶᠢᠯᠭᠠᠬᠤ ᠶᠢ ᠦᠨᠡᠨᠬᠦ ᠪᠠᠲᠤᠯᠠᠵᠤ᠂ ᠡᠳ᠋ ᠤᠨ | ᠵᠠᠰᠠᠭ᠂ ᠬᠢᠨᠠᠨ ᠪᠣᠳᠣᠬᠤ ᠰᠠᠯᠠᠭ᠎ᠠ ᠮᠥᠴᠢᠷ ᠮᠥᠷᠳᠡᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠲᠥᠷᠥᠯ | ᠵᠦᠢᠯ ᠢ ᠡᠷᠲᠡᠬᠡᠨ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢᠨ ᠲᠥᠯᠥᠭᠡ᠂ ᠡᠯ᠎ᠡ ᠰᠢᠶᠠᠩ ᠪᠠᠯᠭᠠᠰᠤ᠂ | ᠵᠡᠭᠡᠯᠢ ᠭᠤᠳᠤᠮᠵᠢ ᠶᠢᠨ ᠬᠢᠨ 3 ᠰᠠᠷ᠎ᠠ ᠶᠢᠨ 20 ᠤ ᠡᠳᠦᠷ ᠠᠴᠠ ᠡᠮᠦᠨ᠎ᠡ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠲᠤ ᠭᠤᠶᠤᠴᠢᠯᠠᠨ ᠮᠡᠳᠡᠭᠦᠯᠵᠦ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ 3 ᠰᠠᠷ᠎ᠠ ᠶᠢᠨ 31 ᠤ | ᠡᠳᠦᠷ ᠠᠴᠠ ᠡᠮᠦᠨ᠎ᠡ ᠬᠤᠰᠢᠭᠤᠨ ᠶᠠᠳᠠᠭᠤ ᠶᠢ ᠲᠡᠳᠬᠦᠬᠦ ᠠᠯᠪᠠᠨ ᠭᠡᠷ ᠲᠤ ᠮᠡᠳᠡᠭᠦᠯᠦᠨ ᠬᠢᠨᠠᠨ ᠬᠠᠷᠭᠤᠭᠤᠯᠤᠨ᠎ᠠ᠃ | ᠳᠠᠭᠠᠯᠳᠤᠭᠤᠯᠤᠯ ᠨᠢᠭᠡ᠂ ᠴᠢᠨᠡᠭᠡᠯᠢᠭ ᠢ ᠲᠤᠰᠠᠯᠠᠵᠤ ᠶᠠᠳᠠᠭᠤ ᠶᠢ ᠳᠠᠶᠢᠴᠢᠯᠠᠬᠤ ᠲᠥᠷᠥᠯ ᠵᠦᠢᠯ ᠤᠨ ᠬᠢᠨᠠᠨ | ᠲᠣᠭᠲᠠᠭᠠᠬᠤ ᠳᠤᠭᠤᠢᠯᠠᠩ ᠤᠨ ᠨᠡᠷᠡᠰ | ᠳᠠᠭᠠᠯᠳᠤᠭᠤᠯᠤᠯ ᠬᠤᠶᠠᠷ᠂ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ︽ᠴᠢᠨᠡᠭᠡᠯᠢᠭ ᠢ ᠲᠤᠰᠠᠯᠠᠵᠤ | ᠶᠠᠳᠠᠭᠤ ᠶᠢ ᠳᠠᠶᠢᠴᠢᠯᠠᠬᠤ︾ ᠠᠵᠢᠯ ᠬᠢᠬᠦ ᠵᠥᠪᠯᠡᠯᠴᠡᠭᠡᠷ | ᠳᠠᠭᠠᠯᠳᠤᠭᠤᠯᠤᠯ ᠭᠤᠷᠪᠠ᠂ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠤᠨ ᠶᠠᠳᠠᠭᠤ ᠶᠢ ᠲᠡᠳᠬᠦᠬᠦ | ᠳᠠᠭᠠᠯᠳᠤᠭᠤᠯᠤᠯ ᠬᠦᠰᠦᠨᠦᠭᠲᠦ᠃ | 1.1᠂ ᠭᠠᠭᠴᠠ ᠤᠳᠠᠭᠠᠨ ᠤ ᠴᠢᠨᠠᠷᠲᠠᠶ ︽ᠲᠣᠪᠶᠤᠭ ᠤᠨ ᠬᠡᠯᠪᠡᠷᠢ︾ ᠶᠢᠨ ᠠᠵᠤ ᠦᠶ᠋ᠯᠡᠰ ᠢᠶᠠᠷ ᠶᠠᠳᠠᠭᠤ ᠶᠢ | ᠲᠡᠳᠬᠦᠬᠦ ᠲᠥᠷᠥᠯᠵᠦ᠋ᠢᠯ ᠢ ᠰᠣᠩᠭᠤᠬᠤ ᠬᠦᠰᠦᠨᠦᠭ | 1.2᠂ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠠᠬᠢᠵᠢᠭᠦᠯᠦᠨ | ᠳᠡᠭᠡᠭᠰᠢᠯᠡᠭᠦᠯᠬᠦ ᠲᠥᠷᠥᠯ ᠵᠦᠢᠯ ᠢ ᠰᠣᠩᠭᠤᠬᠤ ᠬᠦᠰᠦᠨᠦᠭ | 2᠂ ᠲᠣᠰᠬᠤᠨ ᠤ 2019 ᠣᠨ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ︵ᠪᠠᠬᠢᠵᠢᠭᠦᠯᠦᠨ ᠳᠡᠭᠡᠭᠰᠢᠯᠡᠭᠦᠯᠬᠦ︶ ᠲᠥᠷᠥᠯ ᠵᠦᠢᠯ ᠤᠨ ᠬᠤᠷᠢᠶᠠᠩᠭᠤᠶ ᠬᠦᠰᠦᠨᠦᠭᠲᠦ᠃ | 3.1᠂ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢᠨ ︽ᠲᠣᠪᠶᠤᠭ ᠤᠨ ᠬᠡᠯᠪᠡᠷᠢ︾ ᠶᠢᠨ ᠠᠵᠤ ᠦᠶ᠋ᠯᠡᠰ ᠢᠶᠠᠷ | ᠶᠠᠳᠠᠭᠤ ᠶᠢ ᠲᠡᠳᠬᠦᠬᠦ ᠲᠥᠷᠥᠯᠵᠦ᠋ᠢᠯ ᠢ ᠰᠣᠩᠭᠤᠭᠰᠠᠨ ᠪᠠᠶᠢᠳᠠᠯ ᠢ ᠵᠠᠷᠯᠠᠨ ᠨᠡᠢᠲᠡᠯᠡᠨ᠎ᠡ᠃ | 3.2᠂ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢᠨ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠶᠢ ᠪᠠᠬᠢᠵᠢᠭᠦᠯᠦᠨ ᠳᠡᠭᠡᠭᠰᠢᠯᠡᠭᠦᠯᠬᠦ ᠲᠥᠷᠥᠯᠵᠦ᠋ᠢᠯ ᠤᠨ ᠰᠣᠩᠭᠤᠯᠲᠠ ᠶᠢᠨ ᠪᠠᠶᠢᠳᠠᠯ ᠢ ᠵᠠᠷᠯᠠᠨ | ᠨᠡᠢᠲᠡᠯᠡᠨ᠎ᠡ᠃ | 4᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ 2019 ᠣᠨ ᠤ ︽ᠲᠣᠪᠶᠤᠭ ᠤᠨ ᠬᠡᠯᠪᠡᠷᠢ︾ ᠶᠢᠨ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ︵ᠪᠠᠬᠢᠵᠢᠭᠦᠯᠦᠨ ᠳᠡᠭᠡᠭᠰᠢᠯᠡᠭᠦᠯᠬᠦ︶ ᠲᠥᠷᠥᠯ ᠵᠦᠢᠯ ᠤᠨ ᠬᠤᠷᠢᠶᠠᠩᠭᠤᠶ | ᠬᠦᠰᠦᠨᠦᠭᠲᠦ | 5᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ︽ᠲᠣᠪᠶᠤᠭ ᠤᠨ ᠬᠡᠯᠪᠡᠷᠢ︾ ᠶᠢᠨ ᠶᠠᠳᠠᠭᠤ ᠶᠢ | ᠲᠡᠳᠬᠦᠬᠦ ᠲᠥᠷᠥᠯ ᠵᠦᠢᠯ ᠤᠨ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠬᠦᠰᠦᠨᠦᠭᠲᠦ | 6᠂ ᠬᠤᠰᠢᠭᠤᠨ ᠵᠠᠰᠠᠭ ᠤᠨ ᠣᠷᠳᠣᠨ ᠤ ︽ᠲᠣᠪᠶᠤᠭ ᠤᠨ ᠬᠡᠯᠪᠡᠷᠢ︾ ᠶᠢᠨ ᠶᠠᠳᠠᠭᠤ ᠶᠢ ᠲᠡᠳᠬᠦᠬᠦ ᠲᠥᠷᠥᠯ | ᠵᠦᠢᠯ ᠢ ᠬᠢᠨᠠᠨ ᠵᠥᠪᠰᠢᠶᠡᠷᠡᠬᠦ ᠬᠦᠰᠦᠨᠦᠭ᠃ | 7᠂ ᠲᠣᠰᠬᠤᠨ ᠤ ︽ᠲᠣᠪᠶᠤᠭ ᠤᠨ ᠬᠡᠯᠪᠡᠷᠢ︾ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠢ ᠴᠣᠬᠤᠯᠠᠪᠤᠷᠢᠯᠠᠨ | ᠵᠠᠷᠯᠠᠬᠤ ᠃ | ᠳᠠᠭᠠᠯᠳᠤᠭᠤᠯᠤᠯ ᠨᠢᠭᠡ᠃ ᠬᠠᠷᠠᠴᠢᠨ ᠬᠤᠰᠢᠭᠤᠨ ᠤ ︽ᠴᠢᠨᠡᠭᠡᠯᠢᠭ ᠢ ᠲᠤᠰᠠᠯᠠᠵᠤ ᠶᠠᠳᠠᠭᠤ ᠶᠢ ᠳᠠᠶᠢᠴᠢᠯᠠᠬᠤ︾ | ᠲᠥᠷᠥᠯ ᠵᠦᠢᠯ ᠤᠨ ᠬᠢᠨᠠᠨ ᠲᠣᠭᠲᠠᠭᠠᠬᠤ ᠳᠤᠭᠤᠢᠯᠠᠩ ᠤᠨ ᠨᠡᠷᠡᠰ | ᠳᠤᠭᠤᠢᠯᠠᠩ ᠤᠨ ᠳᠠᠷᠤᠭ᠎ᠠ᠄ ᠮᠠ ᠰᠢᠶᠣᠤ ᠵᠢᠶᠦ᠋ᠨ ︵ᠬᠤᠰᠢᠭᠤᠨ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ︶᠃ | ᠳᠤᠭᠤᠢᠯᠠᠩ ᠤᠨ ᠳᠡᠳ᠋ ᠳᠠᠷᠤᠭ᠎ᠠ᠄ ᠪᠢᠴᠢᠭᠡᠳᠦ ︵ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ︶᠃ | ᠰᠢᠤᠢ ᠰᠢᠶᠣᠤ ᠳ᠋ᠦᠩ ︵ᠬᠤᠰᠢᠭᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠤᠨ ᠡᠷᠬᠢᠯᠡᠭᠴᠢ︶ | ᠃ | ᠭᠡᠰᠢᠭᠦᠨ ᠄ | ᠴᠧᠨ ᠺᠦᠢ ︵ᠬᠤᠰᠢᠭᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ︶᠃ | ᠰᠢᠩ ᠢᠦᠶ ᠰᠢᠶᠠ ︵ᠬᠤᠰᠢᠭᠤᠨ ᠬᠢᠨᠠᠨ ᠪᠣᠳᠣᠬᠤ ᠲᠣᠪᠴᠢᠶᠠᠨ ᠤ ᠳᠡᠳ᠋ ᠳᠠᠷᠤᠭ᠎ᠠ︶᠃ | ᠭᠦᠸᠧ ᠢᠦᠶ ᠴᠦᠨ ︵ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ︶᠃ | ᠴᠧᠨ ᠬᠠᠢ ᠳ᠋ᠦᠩ ︵ᠬᠤᠰᠢᠭᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ︶᠃ | ᠸᠠᠩ ᠪᠦᠦ ᠬᠤᠸᠠ ︵ᠬᠤᠰᠢᠭᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ︶᠃ | ᠴᠢᠶᠣᠤ ᠢᠦᠶ ᠵᠢᠶᠧ ︵ᠬᠤᠰᠢᠭᠤᠨ ᠣᠰᠣᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ︶᠃ | ᠸᠠᠩ ᠶᠢᠨ ︵ᠬᠤᠰᠢᠭᠤᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ︶᠃ | ᠢᠦᠢ ᠴᠦᠨ ᠷᠠᠨ ︵ᠬᠤᠰᠢᠭᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ︶᠃ | ᠵᠠᠩ ᠰᠢᠶᠠᠩ ︵ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠡᠳ᠋ ᠳᠠᠷᠤᠭ᠎ᠠ︶᠃ | ᠯᠢᠶᠠᠩ ᠸᠠᠨ ᠷᠦᠢ ︵ᠬᠤᠰᠢᠭᠤᠨ ᠮᠠᠯ ᠠᠵᠤ ᠠᠬᠤᠢ ᠶᠢᠨ ᠲᠥᠪ ᠤᠨ ᠳᠡᠳ᠋ ᠡᠷᠬᠢᠯᠡᠭᠴᠢ︶᠃ | ᠵᠤᠤ ᠳ᠋ᠦᠩ ᠰᠦᠩ ︵ᠬᠤᠰᠢᠭᠤᠨ ᠲᠠᠷᠢᠶᠠᠯᠠᠩ ᠤᠨ ᠴᠠᠬᠢᠯᠭᠠᠨ ᠤ ᠲᠣᠪᠴᠢᠶᠠᠨ ᠤ ᠳᠡᠳ᠋ ᠳᠠᠷᠤᠭ᠎ᠠ︶᠃ | ᠴᠧᠨ ᠯᠢ ᠵᠢᠶᠦ᠋ᠨ ︵ᠬᠤᠰᠢᠭᠤᠨ ᠲᠠᠷᠢᠶᠠᠯᠠᠩ ᠤᠨ ᠮᠠᠰᠢᠨ ᠤ ᠲᠥᠪ ᠤᠨ ᠠᠯᠪᠠᠨ ᠭᠡᠷ ᠤᠨ ᠡᠷᠬᠢᠯᠡᠭᠴᠢ︶᠃ | ᠹᠠᠩ ᠰᠢᠶᠣᠤ ᠰᠢᠤᠢ ︵ᠬᠤᠰᠢᠭᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠲᠥᠷᠥᠯ ᠵᠦᠢᠯ ᠤᠨ ᠲᠠᠰᠤᠭ ᠤᠨ | ᠳᠠᠷᠤᠭ᠎ᠠ︶᠃ | ᠵᠠᠩ ᠸᠤᠨ ᠵᠢᠤᠢ ︵ᠬᠤᠰᠢᠭᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠲᠥᠷᠥᠯ ᠵᠦᠢᠯ ᠤᠨ ᠳᠡᠳ᠋ ᠲᠠᠰᠤᠭ ᠤᠨ | ᠳᠠᠷᠤᠭ᠎ᠠ︶᠃ | ᠬᠢᠨᠠᠨ ᠲᠣᠭᠲᠠᠭᠠᠬᠤ ᠳᠤᠭᠤᠢᠯᠠᠩ ᠤᠨ ᠳᠣᠣᠷ᠎ᠠ ᠨᠢ ᠠᠯᠪᠠᠨ ᠭᠡᠷ ᠪᠠᠶᠢᠭᠤᠯᠵᠤ ᠂ ᠡᠷᠬᠢᠯᠡᠭᠴᠢ ᠶᠢ ᠨᠢ ᠰᠢᠤᠢ ᠰᠢᠶᠣᠤ | ᠳ᠋ᠦᠩ ᠬᠠᠪᠰᠤᠷᠭᠠᠨ ᠬᠠᠷᠢᠭᠤᠴᠠᠪᠠ᠃ ᠬᠢᠨᠠᠨ ᠲᠣᠭᠲᠠᠭᠠᠬᠤ ᠳᠤᠭᠤᠢᠯᠠᠩ ᠤᠨ ᠭᠤᠤᠯ ᠲᠤᠰᠢᠶᠠᠯ ᠬᠠᠷᠢᠭᠤᠴᠠᠯᠭ᠎ᠠ ᠨᠢ | ᠄ ① ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠳᠡᠭᠡᠭᠰᠢ ᠮᠡᠳᠡᠭᠦᠯᠦᠭᠰᠡᠨ ︽ᠴᠢᠨᠡᠭᠡᠯᠢᠭ ᠢ ᠲᠤᠰᠠᠯᠠᠵᠤ | ᠶᠠᠳᠠᠭᠤ ᠶᠢ ᠳᠠᠶᠢᠴᠢᠯᠠᠬᠤ︾ ᠲᠥᠷᠥᠯ ᠵᠦᠢᠯ ᠳᠤ ᠶᠡᠷᠦᠩᠬᠡᠶᠢᠯᠡᠭᠰᠡᠨ ᠦᠨᠡᠯᠡᠯᠲᠡ ᠬᠢᠨ᠎ᠡ︔ ② ᠬᠢᠨᠠᠨ | ᠲᠣᠭᠲᠠᠭᠠᠬᠤ ᠲᠥᠷᠥᠯ ᠵᠦᠢᠯ ᠤᠨ ᠪᠣᠯᠤᠮᠵᠢᠲᠤ ᠴᠢᠨᠠᠷ᠃ ③ᠲᠥᠷᠥᠯᠵᠦ᠋ᠢᠯ ᠤᠨ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ᠂ ᠠᠬᠢᠴᠠ᠂ ᠪᠠᠷᠢᠮᠵᠢᠶ᠎ᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠳᠤᠷᠠᠳᠤᠨ᠎ᠠ᠃ ④ ᠲᠦᠷᠦᠯ ᠵᠦᠢᠯ ᠢ | ᠵᠦᠢ ᠵᠣᠬᠢᠰᠲᠠᠶ ᠪᠦᠲᠦᠭᠡᠨ ᠪᠠᠢᠭᠤᠯᠬᠤ ᠠᠷᠭ᠎ᠠ ᠮᠠᠶ᠋ᠢᠭ ᠢ ᠳᠤᠷᠠᠳᠤᠨ ᠭᠠᠷᠭᠠᠨ᠎ᠠ᠃ | ᠳᠠᠭᠠᠯᠳᠤᠭᠤᠯᠤᠯ ᠬᠤᠶᠠᠷ | ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ︽ᠴᠢᠨᠡᠭᠡᠯᠢᠭ ᠢ ᠲᠤᠰᠠᠯᠠᠵᠤ ᠶᠠᠳᠠᠭᠤ ᠶᠢ ᠳᠠᠶᠢᠴᠢᠯᠠᠬᠤ︾ | ᠠᠵᠢᠯ ᠬᠢᠬᠦ ᠵᠥᠪᠯᠡᠯᠴᠡᠭᠡᠷ᠃ | ᠬᠥᠬᠡ ᠲᠠᠯ᠎ᠠ᠄ ᠠᠵᠤ ᠠᠬᠤᠢᠯᠠᠯ ᠤᠨ ᠬᠤᠷᠰᠢᠶ᠎ᠠ | ᠬᠥᠬᠡᠭᠴᠢᠨ ᠲᠠᠯ᠎ᠠ᠄ ᠶᠠᠳᠠᠭᠤ ᠬᠦᠴᠢᠷᠲᠡᠶ ᠡᠷᠦᠬᠡ | ᠤᠯᠠᠭᠠᠨ ᠲᠠᠯ᠎ᠠ᠄ ᠭᠠᠴᠠᠭᠠᠨ ᠤ ᠠᠷᠠᠳ ᠤᠨ ᠵᠥᠪᠯᠡᠯ | ︽ᠬᠠᠷᠠᠴᠢᠨ ᠬᠤᠰᠢᠭᠤᠨ ᠤ 2019 ᠣᠨ ᠤ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ᠱᠠᠩᠨᠠᠨ | ᠨᠥᠬᠦᠪᠥᠷᠢᠯᠡᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ | ᠲᠡᠳᠬᠦᠭᠰᠡᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠶᠠᠳᠠᠭᠤ ᠬᠦᠴᠢᠷᠳᠡᠯᠲᠡᠶ | ᠣᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠬᠦᠴᠢᠷᠳᠡᠯᠲᠡᠶ ᠬᠥᠮᠥᠨ | ᠠᠮᠠ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠠᠪᠤᠴᠠ ᠳᠠᠬᠢ ᠣᠷᠣᠯᠭ᠎ᠠ ᠶᠢ ᠨᠡᠮᠡᠭᠳᠡᠭᠦᠯᠬᠦ ᠠᠷᠭ᠎ᠠ | ᠵᠠᠮ ᠢ ᠥᠷᠭᠡᠳᠬᠡᠵᠦ᠂ ᠶᠠᠳᠠᠭᠤ ᠬᠦᠴᠢᠷᠳᠡᠯᠲᠡᠶ ᠬᠥᠮᠥᠨ ᠠᠮᠠ ᠶᠢ ᠠᠵᠤ ᠦᠢᠯᠡᠰ ᠤᠨ ᠬᠥᠭᠵᠢᠯᠲᠡ ᠶᠢᠨ ᠳᠤᠮᠳᠠ | ᠬᠦᠴᠦ ᠬᠥᠳᠡᠯᠮᠦᠷᠢ ᠬᠢᠯᠭᠡᠵᠦ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢᠨ ᠬᠠᠮᠲᠤ ᠶᠠᠳᠠᠭᠤ ᠠᠴᠠ | ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠵᠤ ᠦᠢᠯᠡᠰ ᠤᠨ ᠬᠥᠭᠵᠢᠯᠲᠡ ᠶᠢᠨ ᠪᠣᠳᠠᠲᠤ | ᠪᠠᠢᠳᠠᠯ ᠲᠠᠢ ᠤᠶᠠᠯᠳᠤᠭᠤᠯᠤᠨ᠂ ᠬᠥᠬᠡ᠂ ᠬᠥᠬᠡᠭᠴᠢᠨ᠂ ᠤᠯᠠᠭᠠᠨ ᠭᠤᠷᠪᠠᠨ ᠲᠠᠯ᠎ᠠ ᠪᠠᠷ ᠢᠶᠠᠨ ᠬᠠᠮᠲᠤᠪᠠᠷ | ᠵᠥᠪᠳᠡᠯᠴᠡᠵᠦ ᠪᠠᠶᠢᠭᠠᠳ ᠲᠤᠰ ᠬᠡᠯᠡᠯᠴᠡᠭᠡᠷ ᠢ ᠲᠣᠭᠲᠠᠭᠠᠪᠠ᠃ | ᠨᠢᠭᠡ᠂ ᠬᠥᠬᠡ ᠲᠠᠯ᠎ᠠ ᠶᠢᠨ ᠡᠷᠬᠡ ᠡᠭᠦᠷᠭᠡ | 1 .ᠬᠥᠬᠡ ᠲᠠᠯ᠎ᠠ ᠶᠢᠨ ᠬᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠤ ᠨᠡᠢᠭᠡᠮ ᠤᠨ ᠬᠠᠷᠢᠭᠤᠴᠠᠯᠭᠠᠲᠤ | ᠰᠡᠳᠬᠢᠯᠭᠡ ᠪᠠᠷ ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ | ᠵᠣᠯᠭᠠᠭᠤᠯᠵᠤ᠂ ᠬᠥᠬᠡᠭᠴᠢᠨ ᠲᠠᠯ᠎ᠠ ᠶᠢᠨ ᠬᠢᠨ ᠳᠤ ᠠᠵᠢᠯ ᠣᠯᠬᠤ ᠲᠣᠬᠢᠶᠠᠯ ᠪᠣᠯᠤᠨ ᠠᠵᠢᠯ ᠬᠢᠬᠦ ᠠᠵᠢᠯ ᠤᠨ ᠪᠠᠶᠢᠷᠢ | ᠬᠠᠩᠭᠠᠵᠤ᠂ ᠬᠥᠬᠡᠭᠴᠢᠨ ᠲᠠᠯ᠎ᠠ ᠶᠢᠨ ᠬᠢᠨ ᠢ ᠬᠥᠯᠥᠰᠥᠯᠡᠨ ᠦᠢᠯᠡᠳᠪᠦᠷᠢᠯᠡᠯ ᠬᠥᠳᠡᠯᠮᠦᠷᠢ ᠳᠤ ᠣᠷᠣᠯᠴᠠᠭᠤᠯᠬᠤ | ᠬᠡᠷᠡᠭᠲᠡᠶ᠃ ᠦᠢᠯᠡᠳᠪᠦᠷᠢᠯᠡᠯ ᠤᠨ ᠤᠷ᠎ᠠ ᠴᠢᠳᠠᠪᠤᠷᠢ ᠦᠭᠡᠢ ᠪᠤᠶᠤ ᠵᠥᠪᠬᠡᠨ ᠪᠠᠭᠤᠷᠠᠶ ᠬᠥᠳᠡᠯᠮᠦᠷᠢ ᠶᠢᠨ | ᠴᠢᠳᠠᠪᠤᠷᠢ ᠲᠠᠢ ᠶᠠᠳᠠᠭᠤ ᠬᠦᠴᠢᠷᠳᠡᠯ ᠲᠠᠢ ᠬᠥᠮᠥᠨ ᠠᠮᠠ ᠳᠤ ᠴᠢᠳᠠᠯ ᠤᠨ ᠬᠢᠷᠢ ᠪᠠᠷ ᠢᠶᠠᠨ ᠬᠥᠳᠡᠯᠮᠦᠷᠢ | ᠦᠢᠯᠡᠴᠢᠯᠡᠭᠡ ᠶᠢᠨ ᠠᠵᠢᠯᠯᠠᠭ᠎ᠠ ᠬᠠᠩᠭᠠᠵᠤ᠂ ᠬᠥᠬᠡᠭᠴᠢᠨ ᠲᠠᠯ᠎ᠠ ᠶᠢᠨ ᠬᠢᠨ ᠤ ᠥᠪᠡᠷ ᠤᠨ ᠰᠢᠷᠭᠠᠭᠤ | ᠬᠥᠳᠡᠯᠮᠦᠷᠢ ᠪᠠᠷ ᠢᠶᠠᠨ ᠬᠥᠳᠡᠯᠮᠦᠷᠢ ᠦᠢᠯᠡᠴᠢᠯᠡᠭᠡ ᠶᠢᠨ ᠬᠥᠯᠥᠰᠥ ᠣᠯᠭᠤᠮᠵᠢ ᠣᠯᠵᠤ᠂ ᠲᠣᠭᠲᠠᠭᠤᠨ ᠠᠰᠢᠭ | ᠣᠯᠵᠠᠪᠤᠷᠢ ᠶᠢ ᠪᠡᠶᠡᠯᠡᠭᠦᠯᠦᠨ᠎ᠡ᠃ | 2 . ᠬᠦᠬᠡ ᠲᠠᠯ᠎ᠠ ᠶᠢᠨ ᠬᠢᠨ ᠬᠦᠬᠡᠭᠴᠢᠨ ᠲᠠᠯ᠎ᠠ ᠶᠢᠨ ᠬᠢᠨ ᠦᠢᠯᠡᠳᠪᠦᠷᠢᠯᠡᠯ ᠬᠢᠵᠦ ᠠᠵᠢᠯ ᠬᠢᠬᠦ ᠶᠠᠪᠤᠴᠠ ᠳᠤ | ᠠᠯᠢ ᠴᠢᠳᠠᠬᠤ ᠪᠠᠷ ᠬᠦᠬᠡᠭᠴᠢᠨ ᠲᠠᠯ᠎ᠠ ᠢ ᠰᠤᠷᠭᠠᠨ ᠵᠢᠯᠣᠭᠤᠳᠴᠤ ᠪᠠᠢᠭᠠᠳ ᠵᠣᠬᠢᠬᠤ ᠦᠢᠯᠡᠳᠪᠦᠷᠢᠯᠡᠯ ᠤᠨ | ᠮᠡᠷᠭᠡᠵᠢᠯ ᠪᠠ ᠬᠡᠷᠡᠭᠯᠡᠭᠡᠨ ᠤ ᠮᠡᠷᠭᠡᠵᠢᠯ ᠢ ᠡᠵᠡᠮᠰᠢᠭᠦᠯᠬᠦ ᠬᠡᠷᠡᠭᠲᠡᠶ᠃ | 3 . ᠬᠥᠬᠡ ᠲᠠᠯ᠎ᠠ ᠨᠢ ᠬᠥᠬᠡᠭᠴᠢᠨ ᠲᠠᠯ᠎ᠠ ᠳᠤ ᠴᠢᠬᠤᠯᠠ ᠪᠦᠬᠦᠢ ᠬᠥᠳᠡᠯᠮᠦᠷᠢ ᠶᠢᠨ ᠨᠥᠬᠦᠴᠡᠯ ᠪᠠ ᠬᠥᠳᠡᠯᠮᠦᠷᠢ ᠶᠢᠨ | ᠪᠠᠭᠠᠵᠢ ᠶᠢ ᠬᠠᠩᠭᠠᠵᠤ᠂ ᠦᠢᠯᠡᠳᠪᠦᠷᠢᠯᠡᠯ ᠤᠨ ᠤᠷᠠᠨ ᠮᠡᠷᠭᠡᠰᠢᠯ ᠤᠨ ᠶᠠᠪᠤᠴᠠ᠂ ᠠᠵᠢᠯ ᠤᠨ ᠵᠢᠷᠤᠮᠵᠢᠯ ᠪᠠ | ᠬᠥᠳᠡᠯᠮᠦᠷᠢ ᠶᠢᠨ ᠠᠶᠤᠯᠭᠦᠶ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | 4 . ᠬᠥᠬᠡ ᠲᠠᠯ᠎ᠠ ᠨᠢ ᠬᠥᠬᠡᠭᠴᠢᠨ ᠲᠠᠯ᠎ᠠ ᠶᠢᠨ ᠬᠢᠭᠰᠡᠨ ᠬᠥᠳᠡᠯᠮᠦᠷᠢ ᠶᠢᠨ ᠲᠥᠷᠥᠯ ᠵᠦᠢᠯ ᠪᠠ ᠵᠠᠬ᠎ᠠ ᠳᠡᠯᠭᠡᠭᠦᠷ ᠤᠨ | ᠪᠠᠶᠢᠳᠠᠯ ᠢ ᠦᠨᠳᠦᠰᠦᠯᠡᠨ᠂ ᠬᠥᠬᠡᠭᠴᠢᠨ ᠲᠠᠯ᠎ᠠ ᠶᠢᠨ ᠰᠠᠷ᠎ᠠ ︵ᠡᠳᠦᠷ︶ ᠶᠢᠨ ᠬᠥᠳᠡᠯᠮᠦᠷᠢ ᠦᠢᠯᠡᠴᠢᠯᠡᠭᠡ ᠶᠢᠨ | ᠬᠥᠯᠥᠰᠥ ᠣᠯᠭᠤᠮᠵᠢ᠂ ᠠᠷᠠᠳ ᠤᠨ ᠵᠣᠭᠤᠰ ᠲᠦᠭᠦᠷᠢᠭ ᠂ ᠡᠳᠦᠷ ᠪᠦᠷᠢ ᠳᠤ ᠨᠢᠭᠡ ᠥᠭᠭᠦᠨ᠎ᠡ᠃ | 5 . ᠬᠥᠬᠡ ᠲᠠᠯ᠎ᠠ ᠶᠢᠨ ᠬᠢᠨ ᠬᠥᠬᠡᠭᠴᠢᠨ ᠲᠠᠯ᠎ᠠ ᠶᠢᠨ ᠬᠥᠳᠡᠯᠮᠦᠷᠢ ᠦᠶ᠋ᠯᠡᠴᠢᠯᠡᠭᠡᠨ ᠤ ᠬᠠᠷᠠᠮᠵᠢ ᠶᠢ ᠥᠭᠭᠦᠭᠰᠡᠨ ᠤ | ᠳᠠᠷᠠᠭ᠎ᠠ᠂ ᠤᠯᠠᠭᠠᠨ ᠲᠠᠯ᠎ᠠ ᠶᠢᠨ ᠬᠢᠨ ᠳᠤ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠬᠦᠴᠦ ᠶᠠᠪᠤᠬᠤ ᠴᠠᠯᠢᠩ ᠤᠨ | ᠲᠣᠳᠣᠷᠬᠠᠶ ᠬᠠᠭᠤᠳᠠᠰᠤ ᠶᠢ ᠬᠠᠮᠲᠤ ᠳᠤᠨᠢ ᠬᠠᠩᠭᠠᠵᠤ᠂ ᠲᠣᠳᠣᠷᠬᠠᠶ ᠬᠠᠭᠤᠳᠠᠰᠤᠨ ᠳᠡᠭᠡᠷ᠎ᠡ ᠬᠥᠬᠡ᠂ ᠬᠥᠬᠡᠭᠴᠢᠨ | ᠬᠤᠶᠠᠷ ᠲᠠᠯ᠎ᠠ ᠪᠠᠷ ᠢᠶᠠᠨ ᠬᠠᠮᠲᠤ ᠳᠤᠨᠢ ᠭᠠᠷ ᠤᠨ ᠥᠰᠥᠭ ᠵᠢᠷᠤᠬᠤ ᠬᠡᠷᠡᠭᠲᠡᠶ᠃ | 6 . ᠬᠡᠷᠪᠡ ᠬᠥᠬᠡ ᠲᠠᠯ᠎ᠠ ᠶᠢᠨ ᠴᠠᠯᠢᠩ ᠤᠨ ᠳᠦᠷᠢᠮ ᠪᠤᠶᠤ ᠦᠢᠯᠡᠳᠪᠦᠷᠢᠯᠡᠯ ᠤᠨ ᠪᠠᠶᠢᠳᠠᠯ ᠳᠤ ᠬᠤᠪᠢᠷᠠᠯᠲᠠ | ᠭᠠᠷᠤᠭᠰᠠᠨ ᠠᠴᠠ ᠪᠣᠯᠵᠤ᠂ ᠬᠥᠬᠡᠭᠴᠢᠨ ᠲᠠᠯ᠎ᠠ ᠶᠢᠨ ᠠᠵᠢᠯ ᠤᠨ ᠠᠭᠤᠯᠭ᠎ᠠ ᠶᠢ ᠬᠤᠪᠢᠷᠠᠭᠤᠯᠪᠠᠯ ᠬᠥᠬᠡ ᠬᠥᠬᠡᠭᠴᠢᠨ | ᠤᠯᠠᠭᠠᠨ ᠭᠤᠷᠪᠠᠨ ᠲᠠᠯ᠎ᠠ ᠪᠠᠷ ᠢᠶᠠᠨ ᠵᠥᠪᠳᠡᠯᠴᠡᠨ ᠲᠣᠭᠲᠠᠭᠠᠨ᠎ᠠ᠃ | 7 . ᠬᠥᠬᠡᠭᠴᠢᠨ ᠲᠠᠯ᠎ᠠ ᠶᠢᠨ ᠬᠢᠨ ᠬᠥᠳᠡᠯᠮᠦᠷᠢ ᠦᠢᠯᠡᠴᠢᠯᠡᠭᠡ ᠶᠢ ᠬᠡᠪ ᠤᠨ ᠶᠣᠰᠣᠭᠠᠷ ᠬᠢᠵᠦ ᠴᠢᠳᠠᠬᠤ ᠪᠠᠢᠳᠠᠯ | ᠳᠣᠣᠷ᠎ᠠ᠂ ᠬᠥᠬᠡ ᠲᠠᠯ᠎ᠠ ᠶᠢᠨ ᠬᠢᠨ ᠶᠠᠳᠠᠭᠤ ᠬᠦᠴᠢᠷᠳᠡᠯ ᠲᠠᠢ ᠬᠥᠮᠥᠨ ᠠᠮᠠ ᠶᠢᠨ ᠠᠵᠢᠯ ᠬᠢᠬᠦ ᠦᠷᠭᠦᠯᠵᠢᠯᠡᠬᠦ ᠴᠢᠨᠠᠷ | ᠢ ᠠᠯᠢ ᠴᠢᠳᠠᠬᠤ ᠪᠠᠷ ᠪᠠᠲᠤᠯᠠᠬᠤ ᠬᠡᠷᠡᠭᠲᠡᠶ᠃ | ᠬᠤᠶᠠᠷ᠂ ᠬᠥᠬᠡᠭᠴᠢᠨ ᠲᠠᠯ᠎ᠠ ᠶᠢᠨ ᠡᠷᠬᠡ ᠡᠭᠦᠷᠭᠡ᠃ | 1 . ᠬᠥᠬᠡᠭᠴᠢᠨ ᠲᠠᠯ᠎ᠠ ᠶᠢᠨ ᠬᠢᠨᠬᠦ᠋ᠬᠡ ᠲᠠᠯ᠎ᠠ ᠶᠢᠨ ᠲᠣᠭᠲᠠᠭᠠᠭᠰᠠᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ | ᠂ ᠬᠦᠬᠡ ᠲᠠᠯ᠎ᠠ ᠶᠢᠨ ᠱᠠᠭᠠᠷᠳᠠᠯᠭ᠎ᠠ ᠶᠣᠰᠣᠭᠠᠷ ᠬᠦᠬᠡ ᠲᠠᠯ᠎ᠠ ᠶᠢᠨ ᠲᠣᠭᠲᠠᠭᠠᠭᠰᠠᠨ ᠠᠵᠢᠯ ᠤᠨ ᠲᠤᠭ᠎ᠠ ᠬᠡᠮᠵᠢᠶ᠎ᠡ ᠶᠢ | ᠪᠡᠶᠡᠯᠡᠭᠦᠯᠵᠦ᠂ ᠲᠣᠭᠲᠠᠭᠠᠭᠰᠠᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠭᠡᠬᠦ ᠬᠡᠷᠡᠭᠲᠡᠶ᠃ | 2 .ᠬᠥᠬᠡᠭᠴᠢᠨ ᠲᠠᠯ᠎ᠠ ᠶᠢᠨ ᠬᠢᠨ ᠤᠬᠠᠮᠰᠠᠷ ᠠᠴᠠ ᠪᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨᠲ᠋ᠡᠭᠡᠭᠰᠢᠯᠡᠭᠦᠯᠵᠦ | ᠂ ᠬᠥᠬᠡ ᠲᠠᠯ᠎ᠠ ᠶᠢᠨ ᠬᠥᠳᠡᠯᠮᠦᠷᠢ ᠶᠢᠨ ᠠᠮᠤᠷ ᠲᠦᠪᠰᠢᠨ ᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ | 3 .ᠬᠥᠬᠡᠭᠴᠢᠨ ᠲᠠᠯ᠎ᠠ ᠶᠢᠨ ᠬᠢᠨ ᠶᠠᠮᠠᠷ ᠴᠤ ᠰᠢᠯᠲᠠᠭᠠᠨ ᠦᠭᠡᠢ ᠪᠠᠷ ᠳᠤᠮᠳᠠ ᠠᠴᠠ ᠨᠢ ᠠᠵᠢᠯ ᠤᠨ ᠪᠠᠶᠢᠷᠢ ᠠᠴᠠ | ᠪᠠᠭᠤᠵᠤ ᠪᠣᠯᠬᠤ ᠦᠭᠡᠢ᠂ ᠬᠡᠷᠪᠡ ᠦᠨᠡᠬᠡᠷ ᠠᠵᠢᠯ ᠤᠨ ᠪᠠᠶᠢᠷᠢ ᠠᠴᠠ ᠪᠠᠭᠤᠬᠤ ᠴᠢᠬᠤᠯᠠ ᠲᠠᠢ ᠪᠣᠯ ᠬᠥᠬᠡᠭᠴᠢᠨ | ᠲᠠᠯ᠎ᠠ ᠶᠢᠨ ᠬᠢᠨ 15 ᠡᠳᠦᠷ ᠤᠨ ᠡᠮᠦᠨ᠎ᠡ ᠬᠥᠬᠡ ᠲᠠᠯ᠎ᠠ ᠶᠢᠨ ᠬᠢᠨ ᠳᠤ ᠮᠡᠳᠡᠭᠳᠡᠬᠦ ᠬᠡᠷᠡᠭᠲᠡᠶ᠃ | ᠭᠤᠷᠪᠠ᠂ ᠤᠯᠠᠭᠠᠨ ᠲᠠᠯ᠎ᠠ ᠶᠢᠨ ᠡᠷᠬᠡ ᠡᠭᠦᠷᠭᠡ | 1 .ᠤᠯᠠᠭᠠᠨ ᠲᠠᠯ᠎ᠠ ᠶᠢᠨ ᠬᠢᠨ ᠬᠥᠬᠡ ᠬᠥᠬᠡᠭᠴᠢᠨ ᠬᠤᠶᠠᠷ ᠲᠠᠯ᠎ᠠ ᠶᠢᠨ ᠠᠵᠢᠯ ᠣᠯᠵᠤ ᠠᠵᠢᠯ ᠬᠥᠳᠡᠯᠮᠦᠷᠢ ᠬᠢᠵᠦ | ᠪᠠᠶᠢᠭ᠎ᠠ ᠪᠠᠶᠢᠳᠠᠯ ᠢ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠰᠠᠨᠠᠭᠠᠴᠢᠯᠠᠭ᠎ᠠ ᠠᠴᠠ ᠪᠠᠨ ᠬᠥᠬᠡ ᠲᠠᠯ᠎ᠠ ᠶᠢᠨ ᠬᠢᠨ ᠳᠤ ᠶᠠᠳᠠᠭᠤ ᠬᠦᠴᠢᠷᠳᠡᠯᠲᠡᠶ ᠠᠵᠢᠯ ᠬᠥᠳᠡᠯᠮᠦᠷᠢ ᠬᠢᠵᠦ ᠪᠠᠶᠢᠭ᠎ᠠ | ᠬᠥᠮᠦᠰ ᠢ ᠲᠠᠨᠢᠯᠴᠠᠭᠤᠯᠵᠤ ᠥᠭᠬᠦ ᠶᠢᠨ ᠬᠠᠮᠲᠤ ᠬᠥᠬᠡ ᠲᠠᠯ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ | ᠪᠤᠰᠤᠳᠴᠢ ᠪᠥᠭᠡᠳ ᠪᠣᠳᠠᠲᠠᠶ ᠪᠠᠷ ᠬᠥᠬᠡᠭᠴᠢᠨ ᠲᠠᠯ᠎ᠠ ᠳᠤ ᠲᠣᠳᠣᠷᠬᠠᠶᠢᠯᠠᠨ᠎ᠠ᠃ | 2 .ᠤᠯᠠᠭᠠᠨ ᠲᠠᠯ᠎ᠠ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ︽ᠴᠢᠨᠡᠭᠡᠯᠢᠭ ᠢ ᠲᠤᠰᠠᠯᠠᠵᠤ | ᠶᠠᠳᠠᠭᠤ ᠶᠢ ᠳᠠᠶᠢᠴᠢᠯᠠᠬᠤ︾ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠠᠵᠢᠯ ᠬᠥᠳᠡᠯᠮᠦᠷᠢ ᠬᠢᠵᠦ ᠪᠠᠶᠢᠭ᠎ᠠ | ᠳᠠᠩᠰᠠ ᠡᠪᠬᠡᠮᠡᠯ ᠢ ᠪᠠᠶᠢᠭᠤᠯᠵᠤ᠂ ᠠᠵᠢᠯ ᠣᠯᠵᠤ ᠠᠵᠢᠯ ᠬᠢᠬᠦ ᠶᠠᠪᠤᠴᠠ ᠳᠤ ᠬᠥᠬᠡ ᠬᠥᠬᠡᠭᠴᠢᠨ ᠬᠤᠶᠠᠷ ᠲᠠᠯ᠎ᠠ ᠳᠤ | ᠭᠠᠷᠤᠭᠰᠠᠨ ᠵᠢᠭᠤᠷᠠᠯᠳᠤᠭᠠᠨ ᠢ ᠴᠠᠭ ᠲᠤᠬᠠᠶ ᠳᠤᠨᠢ ᠡᠵᠡᠮᠰᠢᠨ ᠡᠶᠡᠳᠡᠭᠦᠯᠬᠦ ᠬᠡᠷᠡᠭᠲᠡᠶ᠃ | ᠳᠥᠷᠪᠡ᠂ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ | 1 .ᠬᠡᠷᠪᠡ ᠬᠥᠬᠡ ᠲᠠᠯ᠎ᠠ ᠶᠢᠨ ᠬᠢᠨ ᠶᠠᠮᠠᠷ ᠴᠤ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠥᠬᠡᠭᠴᠢᠨ ᠢ | ᠠᠵᠢᠯ ᠠᠴᠠ ᠨᠢ ᠵᠣᠭᠰᠣᠭᠠᠭᠰᠠᠨ ᠪᠠᠶᠢᠪᠠᠯ ᠂ ᠬᠥᠬᠡ ᠲᠠᠯ᠎ᠠ ᠶᠢᠨ ᠬᠢᠨ ᠬᠥᠬᠡᠭᠴᠢᠨ ᠳᠤ 1 ᠰᠠᠷ᠎ᠠ ᠶᠢᠨ ᠴᠠᠯᠢᠩ | ᠥᠭᠴᠦ ᠪᠣᠯᠵᠤᠭ᠎ᠠ ᠶᠢ ᠵᠥᠷᠢᠴᠡᠭᠰᠡᠨ ᠮᠥᠩᠭᠦ ᠪᠣᠯᠭᠠᠬᠤ ᠬᠡᠷᠡᠭᠲᠡᠶ᠃ | 2 .ᠬᠡᠷᠪᠡ ᠬᠥᠬᠡᠭᠴᠢᠨ ᠲᠠᠯ᠎ᠠ ᠶᠢᠨ ᠬᠢᠨ ᠶᠠᠮᠠᠷ ᠴᠤ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠵᠢᠯ ᠤᠨ | ᠪᠠᠶᠢᠷᠢ ᠠᠴᠠ ᠪᠠᠭᠤᠭᠰᠠᠨᠪᠠᠶᠢᠪᠠᠯ᠂ ᠬᠥᠬᠡ ᠲᠠᠯ᠎ᠠ ᠶᠢᠨ ᠬᠢᠨ ᠲᠤᠰ ᠰᠠᠷ᠎ᠠ ᠳᠤ ᠥᠭᠭᠦᠭᠰᠡᠨ ᠦᠭᠡᠢ ᠴᠠᠯᠢᠩ ᠢ | ᠰᠠᠭᠤᠯᠭᠠᠨ ᠠᠪᠴᠤ ᠪᠣᠯᠵᠤᠭ᠎ᠠ ᠵᠥᠷᠢᠴᠡᠭᠰᠡᠨ ᠮᠥᠩᠭᠦ ᠪᠣᠯᠭᠠᠬᠤ ᠡᠷᠬᠡ ᠲᠠᠢ᠃ | ᠲᠠᠪᠤ᠂ ᠲᠤᠰ ᠵᠥᠪᠯᠡᠯᠴᠡᠭᠡᠷ ᠨᠢ ᠲᠣᠭᠲᠠᠭᠠᠭᠰᠠᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠃ | ᠵᠢᠷᠭᠤᠭ᠎ᠠ᠂ ᠲᠤᠰ ᠬᠡᠯᠡᠯᠴᠡᠭᠡᠷ ᠨᠢ ᠠᠳᠠᠯᠢᠬᠠᠨ ᠭᠤᠷᠪᠠᠨ ᠬᠤᠪᠢ᠂ ᠬᠥᠬᠡ ᠬᠥᠬᠡᠭᠴᠢᠨ ᠤᠯᠠᠭᠠᠨ ᠭᠤᠷᠪᠠᠨ | ᠲᠠᠯ᠎ᠠ ᠶᠢᠨ ᠲᠣᠰᠪᠣᠷᠢ ᠨᠢᠭᠡ ᠬᠤᠪᠢ᠃ | | ᠬᠦᠬᠡ ᠲᠠᠯ᠎ᠠ᠄ ︵ᠭᠠᠷ ᠤᠨ ᠦᠰᠦᠭ᠂ ᠲᠠᠮᠠᠭ ︶ | ᠬᠥᠬᠡᠭᠴᠢᠨ ᠲᠠᠯ᠎ᠠ᠄ ︵ᠭᠠᠷ ᠤᠨ ᠦᠰᠦᠭ᠂ ᠭᠠᠷ ᠤᠨ ᠤᠷᠤᠮ︶ | 2019ᠤᠨ ᠤ ᠰᠠᠷ᠎ᠠ ᠶᠢᠨ ᠤ ᠡᠳᠦᠷ |