ᠬᠠᠷᠠᠴᠢᠨ ᠵᠠᠰᠠᠭ ᠠᠯᠪᠠᠨ ᠦᠰᠦᠭ〔2019〕29 ᠳ᠋ᠦ᠋ᠭᠡᠷ ᠲᠤᠭᠠᠲᠤ | ᠾᠧᠨᠠᠨ᠂ ᠾᠧᠪᠧᠢ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠬᠤᠰᠢᠭᠤᠨ ᠤ ᠡᠯ᠎ᠡ ᠰᠢᠭᠤᠳ | ᠬᠠᠷᠢᠶ᠎ᠠ ᠵᠥᠪᠯᠡᠯ ᠤᠨᠠᠯᠪᠠᠨ ᠲᠣᠪᠴᠢᠶ᠎ᠠ᠂ ᠬᠤᠰᠢᠭᠤᠨ ᠤ ᠳᠤᠮᠳᠠᠳᠤ ᠣᠷᠣᠨ ᠳᠤ ᠪᠠᠶᠢᠭ᠎ᠠ ᠡᠯ᠎ᠡ ᠰᠢᠭᠤᠳ ᠬᠠᠷᠢᠶ᠎ᠠ | ᠪᠠᠶᠢᠭᠤᠯᠭ᠎ᠠ ᠨᠢᠭᠡᠴᠡ᠂ ᠡᠯ᠎ᠡ ᠠᠷᠠᠳ ᠤᠨ ᠪᠦᠯᠬᠦᠮ ᠳᠤ᠄ | ︽︿ᠡᠷᠡᠭᠦᠯ ᠡᠩᠬᠡ ᠳᠤᠮᠳᠠᠳᠤ ᠤᠯᠤᠰ﹀ ᠤᠨ 2030 ᠣᠨ ᠤ ᠲᠥᠯᠥᠪᠵᠢᠭᠦᠯᠭᠡ ᠶᠢᠨ ᠬᠥᠲᠥᠯᠪᠦᠷᠢ︾᠂ ︽︿ | ᠠᠷᠪᠠᠨ ᠭᠤᠷᠪᠠᠳᠤᠭᠠᠷ ᠲᠠᠪᠤᠨ ᠵᠢᠯ﹀ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠲᠦᠯᠦᠪᠵᠢᠭᠦᠯᠭᠡ︾ | ᠪᠣᠯᠤᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2016 — 2020︶︾ ᠶᠢ | ᠭᠦᠨᠵᠡᠭᠡᠢ ᠲᠤᠭᠤᠰᠢᠯᠡᠭᠤᠯᠬᠤ ᠶᠢᠨ ᠲᠦᠯᠦᠭᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ | ︽ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ︾ ᠪᠣᠯᠤᠨ ︽ᠤᠯᠤᠰ ᠠᠴᠠ ᠤᠳᠠᠭᠠᠨ | ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠡᠷᠡᠭᠦᠯ ᠰᠠᠷᠠᠭᠤᠯ | ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠭᠤᠯᠬᠤ ᠶᠢᠨ ᠲᠦᠯᠦᠭᠡ᠂ ᠤᠳᠠᠭᠠᠨ ᠴᠢᠨᠠᠷᠲᠠᠢ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠦᠯᠦᠭᠡ᠂ ᠪᠥᠬᠦ ᠤᠯᠤᠰ ᠤᠨ ᠳᠥᠷᠪᠡᠳᠦᠭᠡᠷ | ᠬᠤᠭᠤᠴᠠᠭᠠᠨ ᠤ ︽ᠲᠦᠮᠡᠨ ᠠᠯᠬᠤᠮ ᠤᠨ ᠪᠣᠯᠵᠤᠭ᠎ᠠ︾ ᠠᠵᠢᠯ ᠮᠡᠷᠭᠡᠵᠢᠯ ᠤᠨ ᠬᠥᠮᠦᠰ ᠤᠨ ᠢᠳᠡᠷᠡᠭᠦᠨ | ᠶᠠᠪᠤᠯᠲᠠ ᠶᠢ ᠵᠣᠷᠢᠭᠵᠢᠭᠤᠯᠤᠨ ᠤᠷᠮᠠᠰᠢᠭᠤᠯᠬᠤ ᠤᠷᠤᠯᠳᠤᠭᠠᠨ ᠳᠤ ᠣᠷᠣᠯᠴᠠᠬᠤ ᠪᠠᠷ ᠲᠣᠭᠲᠠᠵᠤ᠂ | ᠪᠠᠶᠢᠭᠤᠯᠤᠯᠭ᠎ᠠ ᠶᠢᠨ ᠠᠵᠤ ᠠᠬᠤᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠠᠵᠢᠯᠴᠢᠳ | ᠲᠦᠷᠦᠭᠦᠯᠡᠨ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠪᠥᠬᠦ ᠠᠷᠠᠳ ᠢ ᠬᠥᠲᠥᠯᠥᠨ ᠵᠢᠯᠣᠭᠤᠳᠴᠤ ᠪᠠᠶᠢᠭᠠᠳ | ᠪᠡᠶ᠎ᠡ ᠢ ᠨᠢ ᠴᠢᠭᠢᠷᠠᠭᠵᠢᠭᠤᠯᠤᠨ᠂ ᠡᠷᠡᠭᠦᠯ ᠴᠢᠭᠢᠷᠠᠭ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ | ᠂ ᠪᠥᠬᠦ ᠬᠥᠮᠦᠰ ᠤᠨ ᠤᠳᠠᠭᠠᠨ ᠴᠢᠨᠠᠷᠲᠠᠢ ᠡᠪᠡᠳᠴᠢᠨ ᠡᠭᠦᠰᠬᠦ ᠨᠤᠷᠮ᠎ᠠ ᠶᠢ ᠪᠦᠲᠦᠮᠵᠢᠲᠡᠢ ᠪᠠᠭᠤᠷᠠᠭᠤᠯᠤᠨ᠎ᠠ᠃ | ᠤᠷᠤᠯᠳᠤᠭᠠᠨ ᠳᠤ ᠣᠷᠣᠯᠴᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠰᠢᠭᠤᠨ ᠵᠠᠰᠠᠭ | ᠤᠨ ᠣᠷᠳᠣᠨ ︽ᠲᠦᠮᠡᠨ ᠠᠯᠬᠤᠮ ᠤᠨ ᠪᠣᠯᠵᠤᠭ᠎ᠠ ︾ ᠠᠵᠢᠯ ᠮᠡᠷᠭᠡᠵᠢᠯ ᠤᠨ ᠬᠥᠮᠦᠰ ᠤᠨ ᠢᠳᠡᠷᠡᠭᠦᠨ ᠶᠠᠪᠤᠯᠲᠠ ᠶᠢ | ᠵᠣᠷᠢᠭᠵᠢᠭᠤᠯᠤᠨ ᠤᠷᠮᠠᠰᠢᠭᠤᠯᠬᠤ ᠤᠷᠤᠯᠳᠤᠭᠠᠨ ᠤ ᠵᠣᠬᠢᠶᠠᠨ ᠪᠠᠢᠭᠤᠯᠬᠤ ᠺᠣᠮᠢᠰ ᠢ ᠪᠠᠢᠭᠤᠯᠵᠤ᠂ | ᠤᠷᠤᠯᠳᠤᠭᠠᠨ ᠳᠤ ᠣᠷᠣᠯᠴᠠᠬᠤ ᠤᠳᠤᠷᠢᠳᠬᠤ ᠠᠵᠢᠯ ᠢ ᠬᠠᠷᠢᠭᠤᠴᠠᠭᠤᠯᠤᠨ᠂ ᠤᠳᠤᠷᠢᠳᠬᠤ ᠳᠤᠭᠤᠢᠯᠠᠩ ᠤᠨ | ᠳᠣᠤᠷ᠎ᠠ ᠠᠯᠪᠠᠨ ᠭᠡᠷ ᠪᠠᠢᠭᠤᠯᠵᠤ᠂ ᠤᠷᠤᠯᠳᠤᠭᠠᠨ ᠤ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠠᠮᠢᠶᠠᠷᠬᠤ᠂ | ᠬᠥᠨᠳᠡᠯᠡᠨ ᠠᠴᠠ ᠲᠠᠰᠤᠯᠬᠤ ᠵᠡᠷᠭᠡ ᠠᠵᠢᠯ ᠢ ᠬᠠᠷᠢᠭᠤᠴᠠᠭᠤᠯᠪᠠ ︵ᠳᠠᠭᠠᠯᠳᠤᠭᠤᠯᠤᠯ 1︶᠃ ᠪᠥᠬᠦ ᠬᠤᠰᠢᠭᠤᠨ ᠤ | ᠡᠯ᠎ᠡ ᠨᠢᠭᠡᠴᠡ᠂ ᠡᠯ᠎ᠡ ᠰᠢᠰᠲ᠋ᠧᠮ᠂ ᠬᠤᠰᠢᠭᠤᠨ ᠤ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠢᠯᠠᠩ ᠤᠨ ᠡᠯ᠎ᠡ | ᠪᠦᠷᠢᠯᠳᠦᠬᠦᠨ ᠨᠢᠭᠡᠴᠡ ︵ᠳᠠᠭᠠᠯᠳᠤᠭᠤᠯᠤᠯ 3︶ ᠨᠢ ᠪᠡᠶ᠎ᠡ ᠴᠢᠭᠢᠷᠠᠭᠵᠢᠭᠤᠯᠬᠤ ᠵᠣᠷᠢᠭ ᠰᠠᠨᠠᠭ᠎ᠠ ᠲᠠᠢ ᠠᠵᠢᠯᠲᠠᠨ | ᠠᠵᠢᠯᠲᠠᠨ ᠢ ᠢᠳᠡᠪᠬᠢᠲᠡᠶ ᠳᠠᠶᠢᠴᠢᠯᠠᠨ ᠡᠨᠡ ᠬᠦ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ᠡᠷᠡᠭᠦᠯ ᠮᠡᠨᠳᠦ ᠶᠢᠨ | ᠵᠢᠱᠢᠶ᠎ᠡ ᠦᠵᠡᠭᠦᠯᠬᠦ ᠨᠢᠭᠡᠴᠡ ︵ᠡᠷᠡᠭᠦᠯ ᠮᠡᠨᠳᠦ ᠶᠢᠨ ᠨᠡᠢᠭᠡᠮ ᠲᠣᠭᠤᠷᠢᠭ᠂ ᠡᠷᠡᠭᠦᠯ ᠮᠡᠨᠳᠦ ᠶᠢᠨ ᠨᠢᠭᠡᠴᠡ᠂ ᠡᠷᠡᠭᠦᠯ | ᠮᠡᠨᠳᠦ ᠶᠢᠨ ᠰᠤᠷᠭᠠᠭᠤᠯᠢ᠂ ᠡᠷᠡᠭᠦᠯ ᠮᠡᠨᠳᠦ ᠶᠢᠨ ᠪᠠᠭᠤᠳᠠᠯ᠂ ᠡᠷᠡᠭᠦᠯ ᠮᠡᠨᠳᠦ ᠶᠢᠨ ᠬᠤᠭᠤᠯᠠᠨ ᠭᠡᠷ ᠵᠡᠷᠭᠡ︶᠂ | ᠨᠡᠢᠭᠡᠮ ᠨᠡᠶᠢᠲᠡ ᠶᠢᠨ ᠰᠠᠢᠨ ᠳᠤᠷ᠎ᠠ ᠠᠴᠠ ᠪᠠᠨ ᠪᠦᠯᠬᠦᠮ ᠵᠣᠬᠢᠶᠠᠨ ᠪᠠᠢᠭᠤᠯᠤᠨ ᠤᠷᠤᠯᠳᠤᠭᠤᠨ ᠳᠤ ᠣᠷᠣᠯᠴᠠᠬᠤ ᠶᠢ | ᠵᠣᠷᠢᠭᠵᠢᠭᠤᠯᠤᠨ᠎ᠠ᠃ ᠡᠯ᠎ᠡ ᠨᠢᠭᠡᠴᠡ᠂ ᠡᠯ᠎ᠡ ᠰᠢᠰᠲ᠋ᠧᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠠᠵᠢᠯᠲᠠᠨ ᠲᠤᠰ ᠠᠵᠢᠯ ᠢ ᠲᠤᠰᠬᠠᠢᠯᠠᠨ | ᠬᠠᠷᠢᠭᠤᠴᠠᠬᠤ ᠶᠢᠨ ᠬᠠᠮᠲᠤ᠂ ᠨᠡᠷ᠎ᠡ ᠮᠡᠳᠡᠭᠦᠯᠵᠦ ᠤᠷᠤᠯᠳᠤᠭᠤᠨ ᠳᠤ ᠣᠷᠣᠯᠴᠠᠬᠤ ᠶᠢ ᠬᠢᠨᠠᠮᠠᠭᠠᠶ ᠵᠣᠬᠢᠶᠠᠨ | ᠪᠠᠢᠭᠤᠯᠬᠤ ᠬᠡᠷᠡᠭᠲᠡᠶ᠃ | ᠨᠡᠷ᠎ᠡ ᠮᠡᠳᠡᠭᠦᠯᠬᠦ ᠴᠠᠭ᠄ 2019 ᠣᠨ ᠤ 4 ᠰᠠᠷ᠎ᠠ ᠶᠢᠨ 12 ᠤ ᠡᠳᠦᠷ ᠠᠴᠠ ᠡᠮᠦᠨ᠎ᠡ | ᠨᠡᠷ᠎ᠡ ᠮᠡᠳᠡᠭᠦᠯᠬᠦ ᠭᠠᠵᠠᠷ᠄ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠳᠠᠭᠠᠨ ᠴᠢᠨᠠᠷᠲᠠᠢ | ᠡᠪᠡᠳᠴᠢᠨ ᠤ ᠰᠠᠯᠠᠭ᠎ᠠ | ᠬᠠᠷᠢᠯᠴᠠᠬᠤ ᠬᠥᠮᠥᠨ᠄ ᠲᠢᠶᠠᠨ ᠶᠧ | ᠬᠠᠷᠢᠯᠴᠠᠬᠤ ᠤᠲᠠᠰᠤ᠄ 5822219᠂ 13789563891 | ᠢᠮᠧᠯ᠄ kqcdcdbk @ 126.com | ᠳᠠᠭᠠᠯᠳᠤᠭᠤᠯᠤᠯ᠄ | 1 . ᠬᠠᠷᠠᠴᠢᠨ ᠬᠤᠰᠢᠭᠤᠨ ᠤ ︽ᠲᠦᠮᠡᠨ ᠠᠯᠬᠤᠮ ᠤᠨ ᠪᠣᠯᠵᠤᠭ᠎ᠠ ︾ ᠠᠵᠢᠯ ᠮᠡᠷᠭᠡᠵᠢᠯ ᠤᠨ ᠬᠥᠮᠦᠰ ᠤᠨ | ᠢᠳᠡᠷᠡᠭᠦᠨ ᠶᠠᠪᠤᠯᠲᠠ ᠶᠢ ᠵᠣᠷᠢᠭᠵᠢᠭᠤᠯᠤᠨ ᠤᠷᠮᠠᠰᠢᠭᠤᠯᠬᠤ ᠤᠷᠤᠯᠳᠤᠭᠠᠨ ᠤ ᠵᠣᠬᠢᠶᠠᠨ ᠪᠠᠢᠭᠤᠯᠬᠤ ᠺᠣᠮᠢᠰ ᠤᠨ | ᠪᠦᠷᠢᠯᠳᠦᠬᠦᠨ ᠤ ᠨᠡᠷᠡᠰ | 2᠂ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠠᠴᠠ ︽ᠲᠦᠮᠡᠨ ᠠᠯᠬᠤᠮ ᠤᠨ ᠪᠣᠯᠵᠤᠭ᠎ᠠ ︾ ᠠᠵᠢᠯ | ᠮᠡᠷᠭᠡᠵᠢᠯ ᠤᠨ ᠬᠥᠮᠦᠰ ᠤᠨ ᠢᠳᠡᠷᠡᠭᠦᠨ ᠶᠠᠪᠤᠯᠲᠠ ᠶᠢ ᠵᠣᠷᠢᠭᠵᠢᠭᠤᠯᠤᠨ ᠤᠷᠮᠠᠰᠢᠭᠤᠯᠬᠤ ᠤᠷᠤᠯᠳᠤᠭᠠᠨ ᠤ ᠬᠠᠮᠢᠶ᠎ᠠ | ᠪᠦᠬᠦᠢ ᠱᠠᠭᠠᠷᠳᠠᠯᠭ᠎ᠠ | 3᠂ ᠬᠠᠷᠠᠴᠢᠨ ᠬᠤᠰᠢᠭᠤᠨ ᠤ ᠤᠯᠤᠰ ᠠᠴᠠ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠠᠵᠢᠯ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠤ ᠨᠡᠷᠡᠰ | 4᠂ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠠᠴᠠ ︽ᠲᠦᠮᠡᠨ ᠠᠯᠬᠤᠮ ᠤᠨ ᠪᠣᠯᠵᠤᠭ᠎ᠠ ︾ ᠠᠵᠢᠯ | ᠮᠡᠷᠭᠡᠵᠢᠯ ᠤᠨ ᠬᠥᠮᠦᠰ ᠤᠨ ᠢᠳᠡᠷᠡᠭᠦᠨ ᠶᠠᠪᠤᠯᠲᠠ ᠶᠢ ᠵᠣᠷᠢᠭᠵᠢᠭᠤᠯᠤᠨ ᠤᠷᠮᠠᠰᠢᠭᠤᠯᠬᠤ ᠤᠷᠤᠯᠳᠤᠭᠠᠨ ᠳᠤ ᠨᠡᠷ᠎ᠡ | ᠮᠡᠳᠡᠭᠦᠯᠬᠦ ᠬᠦᠰᠦᠨᠦᠭ | 2019 ᠣᠨ ᠤ 4 ᠰᠠᠷ᠎ᠠ ᠶᠢᠨ 9 ᠤ ᠡᠳᠦᠷ | ᠳᠠᠭᠠᠯᠳᠤᠭᠤᠯᠤᠯ 1᠄ | ᠬᠠᠷᠠᠴᠢᠨ ᠬᠤᠰᠢᠭᠤᠨ ᠤ ︽ᠲᠦᠮᠡᠨ ᠠᠯᠬᠤᠮ ᠤᠨ ᠪᠣᠯᠵᠤᠭ᠎ᠠ ︾ ᠠᠵᠢᠯ ᠮᠡᠷᠭᠡᠵᠢᠯ ᠤᠨ ᠬᠥᠮᠦᠰ ᠤᠨ ᠢᠳᠡᠷᠡᠭᠦᠨ | ᠶᠠᠪᠤᠯᠲᠠ ᠶᠢ ᠵᠣᠷᠢᠭᠵᠢᠭᠤᠯᠤᠨ ᠤᠷᠮᠠᠰᠢᠭᠤᠯᠬᠤ ᠤᠷᠤᠯᠳᠤᠭᠠᠨ ᠤ ᠵᠣᠬᠢᠶᠠᠨ ᠪᠠᠢᠭᠤᠯᠬᠤ ᠺᠣᠮᠢᠰ ᠤᠨ | ᠪᠦᠷᠢᠯᠳᠦᠬᠦᠨ ᠤ ᠨᠡᠷᠡᠰ | ᠡᠷᠬᠢᠯᠡᠭᠴᠢ ᠭᠡᠰᠢᠭᠦᠨ᠄ | ᠤᠤᠢ ᠶᠠ ᠯᠢᠩ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠃ | ᠳᠡᠳ᠋ ᠡᠷᠬᠢᠯᠡᠭᠴᠢ ᠭᠡᠰᠢᠭᠦᠨ᠄ | ᠯᠢ ᠰᠢᠤᠸᠠᠢ ᠵᠢᠶᠦ᠋ᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ᠃ | ᠯᠠᠨ ᠬᠦ᠋ᠤᠤ ᠹᠦ᠋ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ᠃ | ᠯᠢᠦ ᠯᠠᠶ ᠯᠢ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ᠃ | ᠰᠧ ᠠᠶ ᠬᠤᠸᠠ ᠬᠤᠰᠢᠭᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ᠃ | ᠪᠦᠷᠢᠯᠳᠦᠬᠦᠨ᠄ | ᠰᠦᠨ ᠯᠢ ᠶᠠᠨ ᠬᠤᠰᠢᠭᠤ ᠡᠮᠡᠭᠲᠡᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠃ | ᠵᠤᠸᠠᠩ ᠶᠦᠨ ᠳ᠋ᠢ ᠬᠤᠷᠢᠶᠠᠨ ᠤ ᠬᠤᠰᠢᠭᠤᠨ ᠤ ᠨᠠᠮ ᠤᠨ ᠬᠤᠷᠢᠶᠠᠨ ᠤ ᠱᠦᠵᠢ᠃ | ᠮᠠ ᠶᠠᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ᠃ | ᠯᠢᠦ ᠬᠠᠢ ᠰᠢᠩ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ᠃ | ᠯᠢᠦ ᠹᠧᠩ ᠬᠤᠸᠠ ᠬᠤᠰᠢᠭᠤᠨ ᠠᠵᠤ ᠦᠶ᠋ᠯᠡᠳᠪᠦᠷᠢ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ᠃ | ᠷᠦᠩ ᠰᠢ ᠹᠧᠩ ᠬᠤᠰᠢᠭᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ᠃ | ᠵᠣᠣ ᠵᠢᠩ ᠴᠤᠸᠠᠨ ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠠᠷᠤᠭ᠎ᠠ᠃ | ᠽᠧᠤ ᠵᠢᠶ ᠴᠧᠩ ᠬᠤᠰᠢᠭᠤᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ᠃ | | ᠳ᠋ᠧᠦ ᠰᠢᠶᠣᠤ ᠱᠠᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ᠃ | ᠱᠠᠩ ᠰᠢ ᠸᠧᠶ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ᠃ | ᠵᠠᠩ ᠵᠦᠩ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ᠃ | | ᠵᠤᠤ ᠯᠢᠶᠠᠨ ᠺᠦᠢ ᠬᠤᠰᠢᠭᠤᠨ ᠤ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ | ᠵᠠᠩ ᠯᠧᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠃ | ᠯᠢᠦᠶ ᠫᠢᠩ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ᠃ | ᠰᠢᠶᠤ ᡁᠢ ᠴᠢᠶᠠᠩ ᠬᠤᠰᠢᠭᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ᠃ | ᠼᠤᠤ ᡁᠢ ᠸᠤᠨ ᠬᠤᠰᠢᠭᠤᠨ ᠪᠠᠶᠢᠭᠤᠯᠭ᠎ᠠ ᠶᠢᠨ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ᠃ | ᠭᠤᠤ ᠰᠢ ᠴᠤᠸᠠᠨ ᠬᠤᠰᠢᠭᠤ ᠷᠠᠳᠢᠣ᠋ ᠲᠧᠯᠸᠢᠰ ᠦᠢᠯᠡᠯᠴᠢᠯᠡᠭᠡᠨ ᠤ ᠲᠥᠪ ᠤᠨ ᠡᠷᠬᠢᠯᠡᠭᠴᠢ᠃ | ᠸᠠᠩ ᠭᠦᠸᠧ ᠴᠤᠤ ᠬᠤᠰᠢᠭᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ | ᠲᠠᠯᠪᠢᠬᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ᠃ | ᠵᠤᠤ ᠢ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ | ᠵᠢᠶ ᠸᠤᠨ ᠰᠢᠨ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠃ | ᠭᠧᠩ ᠸᠧᠶ ᠳ᠋ᠦᠩ ᠡᠾᠧᠨᠠᠨ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠃ | ᠵᠠᠩ ᠵᠢᠶᠠᠨ ᠬᠤᠸᠠ ᠾᠧᠪᠧᠢ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠃ | ᠵᠣᠬᠢᠶᠠᠨ ᠪᠠᠢᠭᠤᠯᠬᠤ ᠺᠣᠮᠢᠰ ᠤᠨ ᠳᠣᠣᠷ᠎ᠠ ᠨᠢ ᠠᠯᠪᠠᠨ ᠭᠡᠷ ᠪᠠᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠯᠢ ᠰᠢᠤᠸᠠᠢ ᠵᠢᠶᠦ᠋ᠨ ᠬᠠᠪᠰᠤᠷᠭᠠᠨ ᠡᠭᠦᠷᠭᠡᠯᠡᠵᠦ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ | ᠲᠤᠰᠢᠶᠠᠯ ᠢ ᠵᠢᠶ ᠸᠤᠨ ᠰᠢᠨ᠂ ᠵᠤᠤ ᠢᠦᠢ ᠬᠠᠪᠰᠤᠷᠭᠠᠨ ] ᠬᠠᠷᠢᠭᠤᠴᠠᠨ᠎ᠠ᠃ | ᠳᠠᠭᠠᠯᠳᠤᠭᠤᠯᠤᠯ 2᠄ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠠᠴᠠ ︽ᠲᠦᠮᠡᠨ ᠠᠯᠬᠤᠮ ᠤᠨ | ᠪᠣᠯᠵᠤᠭ᠎ᠠ ᠲᠠᠢ︾ ᠠᠵᠢᠯ ᠮᠡᠷᠭᠡᠵᠢᠯ ᠤᠨ ᠬᠥᠮᠦᠰ ᠢ ᠡᠷᠡᠭᠦᠯ ᠢᠶᠠᠷ ᠶᠠᠪᠤᠬᠤ ᠶᠢ ᠵᠣᠷᠢᠭᠵᠢᠭᠤᠯᠤᠨ ᠤᠷᠮᠠᠰᠢᠭᠤᠯᠬᠤ | ᠤᠷᠤᠯᠳᠤᠭᠠᠨ ᠤ ᠬᠠᠮᠢᠶ᠎ᠠ ᠪᠦᠬᠦᠢ ᠱᠠᠭᠠᠷᠳᠠᠯᠭ᠎ᠠ | ᠪᠦᠬᠦ ᠤᠯᠤᠰ ᠤᠨ ︽ᠲᠦᠮᠡᠨ ᠠᠯᠬᠤᠮ ᠤᠨ ᠪᠣᠯᠵᠤᠭ᠎ᠠ ︾ ᠠᠵᠢᠯ ᠮᠡᠷᠭᠡᠵᠢᠯ ᠤᠨ ᠬᠥᠮᠦᠰ ᠤᠨ ᠢᠳᠡᠷᠡᠭᠦᠨ | ᠶᠠᠪᠤᠯᠲᠠ ᠶᠢ ᠵᠣᠷᠢᠭᠵᠢᠭᠤᠯᠤᠨ ᠤᠷᠮᠠᠰᠢᠭᠤᠯᠬᠤ ᠤᠷᠤᠯᠳᠤᠭᠠᠨ ᠪᠣᠯ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠠᠴᠠ ᠲᠣᠭᠲᠠᠭᠠᠭᠰᠠᠨ ︽ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ︾ ᠶᠢ | ᠨᠠᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠂ ᠣᠳᠣ ᠪᠣᠯᠲᠠᠯ᠎ᠠ ᠪᠦᠬᠦ ᠤᠯᠤᠰ ᠠᠴᠠ ᠡᠯ᠎ᠡ ᠭᠠᠵᠠᠷ ᠲᠤ | ᠭᠤᠷᠪᠠᠨ ᠬᠤᠭᠤᠴᠠᠭ᠎ᠠ ᠶᠠᠪᠤᠭᠳᠠᠵᠤ᠂ 2019 ᠣᠨ ᠳᠤ ᠳᠥᠷᠪᠡᠳᠦᠭᠡᠷ ᠬᠤᠭᠤᠴᠠᠭᠠᠨ ᠤ ᠠᠵᠢᠯᠯᠠᠭ᠎ᠠ | ᠥᠷᠨᠢᠭᠦᠯᠵᠦ᠂ ᠤᠯᠤᠰ ᠤᠨ ᠲᠡᠰ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ | ᠬᠢᠵᠠᠭᠠᠷᠯᠠᠬᠤ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠬᠤᠰᠢᠭᠤᠨ ᠵᠠᠰᠠᠭ ᠤᠨ ᠣᠷᠳᠣᠨ ᠲᠤᠰ | ᠤᠳᠠᠭᠠᠨ ᠤ ᠠᠵᠢᠯᠯᠠᠭ᠎ᠠ ᠳᠤ ᠣᠷᠣᠯᠴᠠᠵᠤ᠂ ᠪᠦᠬᠦ ᠬᠤᠰᠢᠭᠤᠨ ᠤ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ᠠᠵᠢᠯ ᠢ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ ᠡᠳᠦᠭᠡ ᠬᠤᠯᠪᠣᠭᠳᠠᠯ | ᠪᠦᠬᠦᠢ ᠤᠴᠢᠷ ᠢ ᠳᠣᠣᠷᠠᠬᠢ ᠮᠡᠲᠦ ᠲᠣᠬᠢᠷᠠᠭᠤᠯᠪᠠ᠄ | ᠨᠢᠭᠡ᠂ ᠤᠷᠤᠯᠳᠤᠭᠠᠨ ᠤ ᠠᠭᠤᠯᠭ᠎ᠠ | ︵ᠨᠢᠭᠡ︶ ᠤᠷᠤᠯᠳᠤᠭᠤᠨ ᠤ ᠠᠷᠭ᠎ᠠ ᠬᠡᠯᠪᠡᠷᠢ᠃ ᠤᠷᠤᠯᠳᠤᠭᠤᠨ ᠳᠤ ᠣᠷᠣᠯᠴᠠᠬᠤ ᠠᠩᠭᠢ ᠶᠢᠨ ᠭᠡᠰᠢᠭᠦᠨ | ᠡᠳᠦᠷ ᠪᠦᠷᠢ ᠨᠢᠭᠡ ᠲᠦᠮᠡᠨ ᠠᠯᠬᠤᠮ ᠠᠴᠠ ᠳᠡᠭᠡᠭᠰᠢ ᠠᠯᠬᠤᠵᠤ᠂ ᠤᠷᠤᠯᠳᠤᠭᠠᠨ ᠤ ᠲᠤᠰᠬᠠᠢ ᠬᠡᠷᠡᠭᠯᠡᠬᠦ | ᠬᠥᠳᠡᠯᠭᠡᠭᠡᠨ ᠤ ᠵᠣᠷ ᠤᠨ ᠠᠯᠬᠤᠮ ᠲᠣᠭᠠᠯᠠᠭᠤᠷ ᠵᠡᠭᠦᠵᠦ᠂ ᠡᠳᠦᠷ ᠪᠦᠷᠢ ᠶᠢᠨ ᠢᠳᠡᠷᠡᠭᠦᠨ ᠶᠠᠪᠤᠯᠲᠠ ᠶᠢᠨ ᠲᠤᠭ᠎ᠠ | ᠪᠠᠷᠢᠮᠲᠠ ᠶᠢ ᠲᠡᠮᠳᠡᠭᠯᠡᠵᠦ᠂ ᠲᠤᠭ᠎ᠠ ᠪᠠᠷᠢᠮᠲᠠ ᠶᠢ ᠤᠷᠤᠯᠳᠤᠭᠠᠨ ᠤ ᠰᠦᠯᠵᠢᠶᠡᠨ ᠤ ᠰᠢᠰᠲ᠋ᠧᠮ ᠳᠤ ᠳᠠᠮᠵᠢᠭᠤᠯᠵᠤ᠂ | ᠢᠳᠡᠷᠡᠭᠦᠨ ᠶᠠᠪᠤᠯᠲᠠ ᠶᠢᠨ ᠠᠯᠬᠤᠮ ᠤᠨ ᠲᠤᠭ᠎ᠠ ᠪᠣᠯᠤᠨ ᠢᠳᠡᠷᠡᠭᠦᠨ ᠶᠠᠪᠤᠯᠲᠠ ᠶᠢᠨ ᠬᠦᠴᠦᠯᠡᠴᠡ ᠶᠢ ᠨᠡᠢᠯᠡᠭᠦᠯᠦᠨ | ᠬᠤᠪᠢ ᠲᠡᠮᠳᠡᠭᠯᠡᠵᠦ᠂ ᠪᠦᠬᠦ ᠤᠯᠤᠰ ᠠᠴᠠ ᠡᠯ᠎ᠡ ᠵᠢᠱᠢᠶ᠎ᠡ ᠦᠵᠡᠭᠦᠯᠬᠦ ᠲᠣᠭᠤᠷᠢᠭ ᠤᠨ ᠬᠤᠭᠤᠷᠣᠨᠳᠣ᠂ ᠡᠯ᠎ᠡ | ᠮᠣᠵᠢ ︵ᠥᠪᠡᠷᠲᠡᠭᠡᠨ ᠵᠠᠰᠠᠬᠤ ᠣᠷᠣᠨ︶ ᠶᠢᠨ ᠬᠤᠭᠤᠷᠣᠨᠳᠣ᠂ ᠮᠣᠵᠢ ︵ᠥᠪᠡᠷᠲᠡᠭᠡᠨ ᠵᠠᠰᠠᠬᠤ ᠣᠷᠣᠨ︶ ᠶᠢᠨ | ᠳᠣᠲᠣᠷᠠᠬᠢ ᠡᠯ᠎ᠡ ᠵᠢᠱᠢᠶ᠎ᠡ ᠦᠵᠡᠭᠦᠯᠬᠦ ᠲᠣᠭᠤᠷᠢᠭ ᠤᠨ ᠬᠤᠭᠤᠷᠣᠨᠳᠣ᠂ ᠵᠢᠱᠢᠶ᠎ᠡ ᠦᠵᠡᠭᠦᠯᠬᠦ ᠲᠣᠭᠤᠷᠢᠭ ᠤᠨ | ᠡᠯ᠎ᠡ ᠠᠩᠭᠢ ᠶᠢᠨ ᠬᠤᠭᠤᠷᠣᠨᠳᠣ ᠵᠡᠷᠭᠡ ᠳᠥᠷᠪᠡᠨ ᠲᠠᠯ᠎ᠠ ᠠᠴᠠ᠂ 100 ᠡᠳᠦᠷ ᠤᠨ ᠬᠤᠭᠤᠴᠠᠭ᠎ᠠ ᠲᠠᠢ ᠪᠦᠯᠬᠦᠮ | ᠨᠡᠶᠢᠳᠡ ᠶᠢᠨ ᠢᠳᠡᠷᠡᠭᠦᠨ ᠶᠠᠪᠤᠯᠲᠠ ᠶᠢᠨ ᠤᠷᠤᠯᠳᠤᠭᠠᠨ ᠦᠷᠨᠢᠭᠦᠯᠦᠨ᠎ᠡ᠃ | ︵ᠬᠤᠶᠠᠷ︶ ᠣᠷᠣᠯᠴᠠᠬᠤ ᠬᠡᠯᠪᠡᠷᠢ ᠶᠢᠨ ᠠᠵᠢᠯᠯᠠᠭ᠎ᠠ ᠵᠢᠴᠢ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠬᠢᠭᠡᠳ | ᠵᠠᠳᠠᠯᠤᠯᠲᠠ᠃ ᠢᠳᠡᠷᠡᠭᠦᠨ ᠠᠯᠬᠤᠬᠤ ᠤᠷᠤᠯᠳᠤᠭᠤᠨ ᠳᠤ ᠣᠷᠣᠯᠴᠠᠬᠤ ᠶᠢᠨ ᠬᠠᠮᠲᠤ᠂ ᠭᠤᠤᠯ ᠰᠡᠳᠦᠪᠲᠦ | ᠢᠳᠡᠷᠡᠭᠦᠨ ᠠᠯᠬᠤᠬᠤ᠂ ᠠᠩᠭᠢ ᠳᠠᠭᠠᠭᠤᠯᠤᠨ ᠬᠥᠮᠦᠵᠢᠭᠦᠯᠬᠦ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ ᠵᠡᠷᠭᠡ | ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠣᠷᠣᠯᠴᠠᠬᠤ ᠬᠡᠯᠪᠡᠷᠢ ᠶᠢᠨ ᠠᠵᠢᠯᠯᠠᠭ᠎ᠠ ᠶᠢ ᠬᠠᠮᠵᠢᠯᠴᠠᠨ ᠥᠷᠨᠢᠭᠦᠯᠵᠦ | ᠂ ᠠᠵᠢᠯᠯᠠᠭ᠎ᠠ ᠥᠷᠨᠢᠭᠦᠯᠬᠦ ᠠᠴᠠ ᠡᠮᠦᠨᠡᠬᠢ ᠬᠤᠭᠤᠴᠠᠭ᠎ᠠ ᠪᠠ ᠠᠵᠢᠯᠯᠠᠭ᠎ᠠ ᠳᠠᠭᠤᠰᠬᠤ ᠳᠤ ᠪᠡᠶ᠎ᠡ ᠮᠠᠬᠠᠪᠣᠳ ᠤᠨ | ᠬᠢᠨᠠᠨ ᠬᠡᠮᠵᠢᠯᠲᠡ ᠬᠢᠨ᠎ᠡ᠃ | ᠬᠤᠶᠠᠷ᠂ ᠤᠷᠤᠯᠳᠤᠭᠠᠨ ᠤ ᠴᠠᠭ | ᠪᠡᠯᠡᠳᠭᠡᠯ ᠤᠷᠤᠯᠳᠤᠭᠠᠨ ᠄2019 ᠣᠨ ᠤ 4 ᠰᠠᠷ᠎ᠠ ᠶᠢᠨ 11 ᠤ ᠡᠳᠦᠷ ᠠᠴᠠ5 ᠰᠠᠷ᠎ᠠ ᠶᠢᠨ 5 ᠤ ᠡᠳᠦᠷ | ᠵᠢᠩᠬᠢᠨᠢ ᠤᠷᠤᠯᠳᠤᠭᠠᠨ ᠄2019 ᠣᠨ ᠤ 5 ᠰᠠᠷ᠎ᠠ ᠶᠢᠨ 5 ᠤ ᠡᠳᠦᠷ ᠠᠴᠠ8ᠰᠠᠷ᠎ᠠ ᠶᠢᠨ 18 ᠤ ᠡᠳᠦᠷ | ᠭᠤᠷᠪᠠ᠂ ᠱᠠᠩᠨᠠᠯ ᠤᠨ ᠳᠤᠭᠲᠠᠮᠵᠢ | ᠤᠷᠤᠯᠳᠤᠭᠤᠨ ᠳᠤ ᠭᠠᠵᠠᠷ ᠣᠷᠣᠨ ᠤ ᠱᠠᠩᠨᠠᠯ᠂ ᠪᠦᠯᠬᠦᠮ ᠤᠨ ᠱᠠᠩᠨᠠᠯ᠂ ᠨᠢᠭᠡᠴᠡ ᠶᠢᠨ ᠱᠠᠩᠨᠠᠯ ᠪᠠ ᠬᠤᠪᠢ | ᠬᠥᠮᠦᠨ ᠤ ᠱᠠᠩᠨᠠᠯ ᠭᠠᠷᠭᠠᠨ᠎ᠠ᠃ | ᠳᠥᠷᠪᠡ᠂ ᠤᠷᠤᠯᠳᠤᠭᠠᠨ ᠳᠤ ᠣᠷᠣᠯᠴᠠᠬᠤ ᠠᠩᠬᠢ ᠶᠢᠨ ᠱᠠᠭᠠᠷᠳᠠᠯᠭ᠎ᠠ | ︵ᠨᠢᠭᠡ︶ ᠤᠷᠤᠯᠳᠤᠭᠠᠨ ᠳᠤ ᠣᠷᠣᠯᠴᠠᠬᠤ ᠠᠩᠭᠢ ᠨᠢ ᠪᠦᠬᠦ ᠬᠤᠰᠢᠭᠤᠨ ᠤ ᠡᠯ᠎ᠡ ᠰᠢᠰᠲ᠋ᠧᠮ ᠢᠶᠠᠷ ᠳᠤᠭᠤᠢᠯᠠᠩ | ᠪᠤᠯᠵᠤ ᠤᠷᠤᠯᠳᠤᠭᠠᠨ ᠳᠤ ᠣᠷᠣᠯᠴᠠᠬᠤ ᠬᠡᠷᠡᠭᠲᠡᠢ᠃ ᠤᠷᠤᠯᠳᠤᠭᠠᠨ ᠳᠤ ᠣᠷᠣᠯᠴᠠᠬᠤ ᠳᠤᠭᠤᠢᠯᠠᠩ ᠪᠦᠷᠢ ᠶᠢᠨ | ᠬᠦᠮᠦᠨ ᠤ ᠲᠤᠭ᠎ᠠ ᠶᠢ ᠳᠣᠣᠷᠠᠬᠢ ᠮᠡᠲᠦ ᠬᠤᠪᠢᠶᠠᠷᠢᠯᠠᠪᠠ᠄ ᠡᠷᠡᠭᠦᠯ ᠬᠠᠮᠠᠭᠠᠯᠠᠯ ᠤᠨ ᠰᠢᠰᠲ᠋ᠧᠮ 80 ᠬᠥᠮᠥᠨ᠂ | ᠰᠤᠷᠭᠠᠨ ᠬᠥᠮᠦᠵᠢᠯ ᠤᠨ ᠰᠢᠰᠲ᠋ᠧᠮ 50 ᠬᠥᠮᠥᠨ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ 30 ᠬᠥᠮᠥᠨ᠂ | ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ 30 ᠬᠥᠮᠥᠨ᠂ ᠣᠢ ᠰᠢᠭᠤᠶ ᠶᠢᠨ ᠰᠢᠰᠲ᠋ᠧᠮ 30 ᠬᠥᠮᠥᠨ᠂ | ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ 30 ᠬᠥᠮᠥᠨ᠂ ᠰᠣᠶᠣᠯ ᠰᠤᠷᠭᠠᠨ ᠬᠥᠮᠦᠵᠢᠯ ᠤᠨ ᠰᠢᠰᠲ᠋ᠧᠮ 30 | ᠬᠥᠮᠥᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠰᠢᠰᠲ᠋ᠧᠮ 20 ᠬᠥᠮᠥᠨ᠂ | ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠢᠰᠲ᠋ᠧᠮ 20 ᠬᠥᠮᠥᠨ᠃ ᠵᠠᠮ ᠬᠠᠷᠢᠯᠴᠠᠭᠠᠨ ᠤ ᠰᠢᠰᠲ᠋ᠧᠮ | 20 ᠬᠥᠮᠥᠨ᠂ ᠣᠰᠣᠨ ᠠᠰᠢᠭᠯᠠᠯᠲᠠ ᠶᠢᠨ ᠰᠢᠰᠲ᠋ᠧᠮ 20 ᠬᠥᠮᠥᠨ᠂ ᠪᠠᠶᠢᠭᠠᠯᠢ ᠶᠢᠨ ᠡᠬᠢ ᠪᠠᠶᠠᠯᠢᠭ ᠤᠨ | ᠰᠢᠰᠲ᠋ᠧᠮ 20 ᠬᠥᠮᠥᠨ᠂ ᠭᠠᠶᠢᠯᠢ ᠶᠢᠨ ᠰᠢᠰᠲ᠋ᠧᠮ 20 ᠬᠥᠮᠥᠨ᠂ ᠠᠵᠤ ᠦᠶ᠋ᠯᠡᠳᠪᠦᠷᠢ ᠮᠡᠳᠡᠭᠡ ᠵᠠᠩᠭᠢᠵᠢᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮ 20 ᠬᠥᠮᠥᠨ᠂ ᠵᠠᠰᠠᠭ ᠤᠨ ᠣᠷᠳᠣᠨ ᠤ ᠪᠠᠶᠢᠭᠤᠯᠤᠯᠭ᠎ᠠ 10 | ᠬᠥᠮᠥᠨ᠂ ᠬᠠᠤᠯᠢ ᠪᠠᠷᠢᠬᠤ ᠰᠢᠰᠲ᠋ᠧᠮ 10 ᠬᠥᠮᠥᠨ᠂ ᠠᠷᠠᠳ ᠤᠨ ᠶᠠᠪᠤᠳᠠᠯ ᠤᠨ ᠰᠢᠰᠲ᠋ᠧᠮ 10 ᠬᠥᠮᠥᠨ᠂ | ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠰᠲ᠋ᠧᠮ 10 ᠬᠥᠮᠥᠨ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ 10 ᠬᠥᠮᠥᠨ᠂ ᠾᠧᠨᠠᠨ ᠤ ᠵᠡᠭᠡᠯᠢ ᠭᠤᠳᠤᠮᠵᠢ 10 ᠬᠥᠮᠥᠨ᠂ ᠾᠧᠪᠧᠢ ᠶᠢᠨ ᠵᠡᠭᠡᠯᠢ | ᠭᠤᠳᠤᠮᠵᠢ 10 ᠬᠥᠮᠥᠨ᠂ ᠡᠷᠡᠭᠦᠯ ᠮᠡᠨᠳᠦ ᠶᠢᠨ ᠨᠢᠭᠡᠴᠡ ᠤᠷᠤᠯᠳᠤᠭᠤᠨ 70 ᠬᠥᠮᠥᠨ ᠃ | ︵ᠬᠤᠶᠠᠷ︶ ᠤᠷᠤᠯᠳᠤᠭᠠᠨ ᠳᠤ ᠣᠷᠣᠯᠴᠠᠬᠤ ᠲᠠᠮᠢᠷᠴᠢᠳ ᠤᠨ ᠨᠥᠬᠦᠴᠡᠯ᠄ ᠤᠷᠤᠯᠳᠤᠭᠠᠨ ᠳᠤ ᠣᠷᠣᠯᠴᠠᠬᠤ | ᠭᠤᠤᠯ ᠴᠣᠭᠴᠠ ᠨᠢ ᠠᠵᠢᠯ ᠳᠤ ᠪᠠᠶ᠋ᠭ᠎ᠠ ᠠᠵᠢᠯᠲᠠᠨ ᠠᠵᠢᠯᠴᠢᠨ ᠪᠠᠶᠢᠵᠤ᠂ ᠲᠤᠰ ᠬᠥᠮᠥᠨ ᠨᠢ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠳᠤᠷᠠᠲᠠᠶ ᠪᠠᠶᠢᠵᠤ᠂ ᠵᠢᠯᠣᠭᠤᠳᠣᠯᠭ᠎ᠠ ᠶᠢ ᠳᠠᠭᠠᠵᠤ᠂ ᠪᠡᠶ᠎ᠡ ᠶᠢᠨ ᠪᠠᠢᠳᠠᠯ ᠨᠢ ᠠᠯᠬᠤᠬᠤ ᠶᠢ | ᠵᠥᠪᠰᠢᠶᠡᠷᠡᠵᠦ᠂ ᠤᠷᠤᠯᠳᠤᠭᠠᠨ ᠳᠤ ᠣᠷᠣᠯᠴᠠᠬᠤ ᠠᠴᠠ ᠪᠠᠨ ᠡᠮᠦᠨ᠎ᠡ ︽ᠪᠠᠶᠢᠳᠠᠯ ᠢ ᠮᠡᠳᠡᠵᠦ ᠵᠥᠪᠰᠢᠶᠡᠷᠡᠬᠦ ᠪᠢᠴᠢᠭ | ︾ ᠢ ᠦᠵᠦᠭᠯᠡᠬᠦ ᠬᠡᠷᠡᠭᠲᠡᠶ᠃ | ︵ᠭᠤᠷᠪᠠ︶ ᠡᠯ᠎ᠡ ᠰᠢᠰᠲ᠋ᠧᠮ᠂ ᠡᠯ᠎ᠡ ᠪᠠᠶᠢᠭᠤᠯᠭ᠎ᠠ ᠨᠢᠭᠡᠴᠡ ᠲᠤᠰ ᠠᠵᠢᠯ ᠢ ᠬᠠᠷᠢᠭᠤᠴᠠᠬᠤ ᠬᠤᠪᠢᠳᠠᠨ ᠬᠠᠮᠢᠶᠠᠷᠠᠬᠤ | ᠤᠳᠤᠷᠢᠳᠤᠯᠭ᠎ᠠ ᠪᠠ ᠠᠵᠢᠯ ᠢ ᠲᠣᠭᠲᠠᠭᠠᠬᠤ ᠬᠡᠷᠡᠭᠲᠡᠶ᠃ | | |