| 2019ᠣᠨ ᠤ2 ᠰᠠᠷ᠎ᠠ ᠶᠢᠨ27 ᠤ ᠡᠳᠦᠷ ᠬᠠᠷᠠᠴᠢᠨ ᠬᠤᠰᠢᠭᠤᠨ ᠤ ᠠᠷᠪᠠᠨ ᠳᠤᠯᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ | ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠳᠠᠷᠤᠭ᠎ᠠ ᠵᠠᠩ ᠭᠦᠸᠧ ᠬᠤᠸᠠ | | ᠲᠦᠯᠦᠭᠡᠯᠡᠭᠴᠢᠳ ᠨᠦᠬᠦᠳ ᠡ᠂ | | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠤᠯᠪᠠᠤ ᠃ | ᠨᠢᠭᠡ᠂ 2018 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠤᠰᠢᠭᠤᠨ ᠤ ᠨᠠᠮ ᠤᠨ | ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠲᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠪᠠ ᠬᠤᠰᠢᠭᠤᠨ ᠤ ᠤᠯᠤᠰ ᠲᠦᠷᠥ ᠶᠢᠨ ᠵᠥᠪᠯᠡᠯᠭᠡᠨ ᠤ ᠬᠢᠨᠠᠨ ᠱᠠᠭᠠᠷᠳᠠᠯᠭ᠎ᠠ ᠳᠡᠮᠵᠢᠯᠭᠡ ᠶᠢᠨ ᠳᠤᠤᠷ᠎ᠠ | ᠂ ᠪᠦᠬᠦ ᠬᠤᠰᠢᠭᠤ ᠳᠠᠶᠠᠭᠠᠷ ᠢᠶᠠᠨ ᠪᠦᠯᠬᠦᠮᠳᠡᠨ ᠲᠡᠮᠡᠴᠡᠵᠦ᠂ ᠬᠦᠴᠢᠷ ᠪᠡᠷᠬᠡ ᠶᠢ ᠢᠯᠠᠨ ᠳᠠᠪᠠᠵᠤ᠂ | ᠲᠤᠭᠲᠠᠭᠤᠨ ᠤ ᠳᠤᠮᠳᠠ ᠨᠡᠮᠡᠭᠳᠡᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠳᠤ ᠲᠤᠬᠢᠷᠠᠭᠤᠯᠤᠯᠲᠠ ᠬᠢᠬᠦ᠂ | ᠠᠷᠠᠳ ᠲᠦᠮᠡᠨ ᠳᠤ ᠠᠰᠢᠭ ᠬᠥᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠵᠢᠯ ᠢ ᠨᠢᠳᠬᠡᠨ ᠬᠢᠵᠦ᠂ | ᠬᠤᠰᠢᠭᠤᠨ ᠤ ᠠᠷᠪᠠᠨ ᠳᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠤᠳᠠᠭᠠᠨ ᠤ ᠬᠤᠷᠠᠯ ᠠᠴᠠ ᠲᠤᠭᠲᠠᠭᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠵᠡᠢ᠃ ᠪᠦᠬᠦ | ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 65.8 ᠳ᠋ᠦᠩᠰᠢᠭᠤᠷ ᠲᠦᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 6.3% ᠪᠠᠷ ᠨᠡᠮᠡᠭᠳᠡᠪᠡ᠃ ᠤᠯᠠᠨ ᠨᠡᠶᠢᠲᠡ ᠶᠢᠨ ᠡᠳ᠋ ᠤᠨ | ᠵᠠᠰᠠᠭ ᠤᠨ ᠲᠦᠰᠦᠯ ᠤᠨ ᠤᠷᠣᠯᠭ᠎ᠠ 4.35 ᠳ᠋ᠦᠩᠰᠢᠭᠤᠷ ᠲᠦᠭᠦᠷᠢᠭ ᠪᠡᠶᠡᠯᠡᠭᠦᠯᠦᠨ᠂ ᠠᠳᠠᠯᠢ | ᠬᠤᠭᠤᠴᠠᠭᠠᠨ ᠠᠴᠠ 11% ᠪᠠᠷ ᠨᠡᠮᠡᠭᠳᠡᠪᠡ᠃ ᠬᠤᠳᠠ ᠬᠥᠳᠡᠭᠡ ᠶᠢᠨ ᠬᠦᠮᠦᠨ ᠳᠤᠮᠳᠠᠴᠢ ᠶᠢᠨ ᠡᠵᠡᠮᠳᠡᠬᠦ | ᠣᠷᠣᠯᠭ᠎ᠠ ᠲᠤᠰ ᠪᠦᠷᠢ 28272 ᠲᠦᠭᠦᠷᠢᠭ ᠪᠠ 11225 ᠲᠦᠭᠦᠷᠢᠭ ᠬᠦᠷᠴᠦ᠂ ᠲᠤᠰ ᠪᠦᠷᠢ 7.6% | ᠪᠠ10 % ᠨᠡᠮᠡᠭᠳᠡᠵᠡᠢ᠃ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ31.4 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 36.7 ᠳ᠋ᠦᠩᠰᠢᠭᠤᠷ ᠲᠦᠭᠦᠷᠢᠭ | ᠪᠡᠶᠡᠯᠡᠭᠦᠯᠵᠡᠢ᠃ | ᠨᠢᠭᠡ ᠵᠢᠯ ᠤᠨ ᠲᠤᠷᠰᠢ᠂ ᠪᠢᠳᠡ ᠭᠤᠤᠯᠳᠠᠯᠭ᠎ᠠ ᠲᠠᠢ ᠪᠠᠷ ᠲᠠᠪᠤᠨ ᠲᠠᠯ᠎ᠠ ᠶᠢᠨ ᠠᠵᠢᠯ ᠢ ᠬᠢᠭᠰᠡᠨ ᠪᠠᠶᠢᠨ᠎ᠠ᠃ | | ︵ ᠨᠢᠭᠡ︶ ᠬᠦᠴᠦᠨ ᠢᠶᠠᠨ ᠲᠦᠪᠯᠡᠷᠡᠭᠦᠯᠦᠨ ᠤᠨᠤᠪᠴᠢᠲᠠᠢ ᠠᠷᠭ᠎ᠠ ᠬᠡᠮᠵᠢᠶ᠎ᠡ ᠠᠪᠴᠤ᠂ ᠪᠦᠬᠦ | ᠬᠦᠴᠦᠨ ᠢᠶᠠᠷ ︽ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠢ ᠪᠦᠬᠦ ᠬᠦᠴᠦᠨ ᠢᠶᠠᠷ ᠬᠢᠪᠡ᠃ | ᠶᠠᠳᠠᠭᠤ ᠶᠢ ᠲᠡᠳᠬᠦᠬᠦ ᠠᠵᠢᠯ ᠱᠠᠲᠤᠴᠢ ᠴᠢᠨᠠᠷᠲᠠᠢ ᠦᠷ᠎ᠡ ᠪᠦᠲᠦᠭᠡᠯ ᠢ ᠣᠯᠵᠠᠢ᠃ ᠪᠦᠬᠦ ᠵᠢᠯ ᠳᠤ ᠡᠯ᠎ᠡ | ᠲᠦᠷᠦᠯ ᠤᠨ ᠶᠠᠳᠠᠭᠤ ᠶᠢ ᠲᠡᠳᠬᠦᠬᠦ ᠪᠡᠯᠡ ᠮᠦᠩᠭᠦ 5.07 ᠳ᠋ᠦᠩᠰᠢᠭᠤᠷ ᠲᠦᠭᠦᠷᠢᠭ ᠨᠢᠳᠬᠡᠨ ᠤᠷᠤᠭᠤᠯᠵᠤ᠂ | ︽ ᠲᠠᠪᠤᠨ ᠨᠢᠭᠡ ᠪᠦᠯᠦᠭ︾ ᠶᠠᠳᠠᠭᠤ ᠶᠢ ᠲᠡᠳᠬᠦᠬᠦ ᠢᠨᠵᠧᠨᠧᠷᠢᠩ ᠢ ᠯᠠᠪᠳᠠᠭᠤᠨ ᠪᠠᠲᠤᠲᠠᠢ ᠬᠡᠷᠡᠭᠵᠢᠭᠦᠯᠦᠨ᠂ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠤᠨᠤᠪᠴᠢᠲᠠᠢ ᠬᠡᠷᠡᠭᠵᠢᠭᠦᠯᠵᠦ᠂ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ᠂ ᠨᠤᠲᠤᠭ ᠰᠢᠯᠵᠢᠭᠦᠯᠦᠨ ᠶᠠᠳᠠᠭᠤ ᠶᠢ ᠲᠡᠳᠬᠦᠬᠦ᠂ ᠠᠮᠢ ᠠᠬᠤᠢ ᠪᠠᠷ | ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠤᠨ ᠪᠦᠬᠦᠶᠢᠯᠡ | ᠪᠠᠲᠤᠯᠠᠭ᠎ᠠ ᠶᠢᠨ ᠶᠠᠳᠠᠭᠤ ᠶᠢ ᠲᠡᠳᠬᠦᠬᠦ ᠵᠡᠷᠭᠡ ᠲᠦᠷᠥ ᠶᠢᠨ ᠪᠣᠳᠣᠯᠭ᠎ᠠ ᠶᠢ ᠤᠨᠤᠪᠴᠢᠲᠠᠢ ᠬᠡᠷᠡᠭᠵᠢᠭᠦᠯᠦᠨ᠂ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ 4967 ᠡᠷᠦᠬᠡ ᠶᠢᠨ 10683 ᠶᠠᠳᠠᠭᠤ | ᠬᠦᠴᠢᠷᠲᠡᠢ ᠬᠦᠮᠦᠨ ᠠᠮᠠ ᠶᠠᠳᠠᠭᠤ ᠠᠴᠠ ᠠᠩᠭᠢᠵᠢᠷᠠᠵᠠᠢ᠃ 88 ᠶᠠᠳᠠᠭᠤ ᠬᠦᠴᠢᠷᠲᠡᠢ ᠲᠤᠰᠬᠤᠨ ᠨᠢ | ᠪᠦᠬᠦᠨ ᠢᠶᠠᠷ ᠢᠶᠠᠨ ᠶᠠᠳᠠᠭᠤ ᠠᠴᠠ ᠪᠠᠨ ᠤᠬᠤᠷᠢᠨ ᠭᠠᠷᠴᠠᠢ᠃ ᠶᠠᠳᠠᠭᠤ ᠡᠭᠦᠰᠬᠦ ᠨᠤᠷᠮ᠎ᠠ ᠨᠢ 0.98% ᠪᠠᠷ | ᠪᠠᠭᠤᠷᠠᠵᠤ᠂ ᠦᠪᠡᠷᠲᠡᠭᠡᠨ ᠵᠠᠰᠠᠬᠤ ᠤᠷᠤᠨ ᠤ ᠶᠠᠳᠠᠭᠤ ᠠᠴᠠ ᠠᠩᠭᠢᠵᠢᠷᠠᠬᠤ ᠭᠤᠷᠪᠠᠳᠤᠭᠠᠷ ᠡᠲᠡᠭᠡᠳ ᠤᠨ ᠬᠢᠨᠠᠨ | ᠰᠢᠯᠭᠠᠯᠲᠠ ᠶᠢ ᠬᠦᠯᠢᠶᠡᠵᠡᠢ᠃ ᠪᠡᠭᠡᠵᠢᠩ ᠬᠤᠲᠠ ᠶᠢᠨ ᠰᠢ ᠴᠧᠩ ᠲᠤᠭᠤᠷᠢᠭ ᠤᠨ ᠠᠮᠠᠳᠠᠭᠤᠯᠤᠨ ᠬᠠᠪᠰᠤᠷᠬᠤ ᠪᠠ | ᠪᠤᠤ ᠯᠢ ᠪᠦᠯᠦᠭᠯᠡᠯ ᠤᠨ ᠬᠠᠪᠰᠤᠷᠤᠨ ᠳᠡᠮᠵᠢᠭᠰᠡᠨ ᠦᠷ᠎ᠡ ᠪᠦᠲᠦᠭᠡᠯ ᠦᠯᠡᠮᠵᠢ᠃ ᠪᠡᠭᠡᠵᠢᠩ ᠦᠪᠦᠷ ᠮᠤᠩᠭᠤᠯ ᠤᠨ | 8 ᠬᠠᠪᠰᠤᠷᠤᠨ ᠳᠡᠮᠵᠢᠬᠦ ᠲᠦᠰᠦᠯ ᠬᠡᠷᠡᠭᠵᠢᠭᠦᠯᠦᠭᠳᠡᠵᠦ᠂ 5100 ᠲᠦᠮᠡᠨ ᠲᠦᠭᠦᠷᠢᠭ ᠤᠨ ᠪᠡᠯᠡ ᠮᠦᠩᠭᠦ ᠶᠢᠨ | ᠳᠡᠮᠵᠢᠯᠭᠡ ᠶᠢ ᠤᠯᠵᠠᠢ᠃ ᠪᠤᠬᠢᠷᠳᠠᠯ ᠢ ᠰᠡᠷᠭᠡᠶᠢᠯᠡᠨ ᠵᠠᠰᠠᠬᠤ ᠠᠵᠢᠯ ᠢᠯᠭᠤᠮ ᠦᠷ᠎ᠡ ᠪᠦᠲᠦᠭᠡᠯ ᠲᠠᠢ ᠪᠤᠯᠵᠠᠢ᠃ | ᠲᠥᠪ ᠪᠠ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠢ ᠬᠠᠮᠠᠭᠠᠯᠠᠬᠤ ᠱᠠᠭᠠᠷᠳᠠᠨ | ᠪᠠᠶᠢᠴᠠᠭᠠᠯᠲᠠ ᠶᠢᠨ ᠬᠠᠷᠢᠭᠤ ᠳᠤᠰᠬᠠᠭᠰᠠᠨ 43 ᠲᠦᠷᠦᠯ ᠤᠨ ᠠᠰᠠᠭᠤᠳᠠᠯ ᠢ ᠦᠭᠡᠷᠡᠴᠢᠯᠡᠨ ᠵᠠᠰᠠᠵᠠᠢ᠃ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ︽4+2︾ ᠲᠤᠰᠬᠠᠢ ᠠᠵᠢᠯᠯᠠᠭᠠᠨ ᠤ ᠲᠦᠰᠦᠪ ᠂ | ᠯᠠᠤᠬ᠎ᠠ ᠶᠢᠨ ᠭᠤᠣᠯ ᠤᠨ ᠳᠡᠭᠡᠷ᠎ᠡ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠤᠯᠤᠨ ᠤᠷᠴᠢᠨ ᠲᠤᠭᠤᠷᠢᠨ ᠢ | ᠦᠭᠡᠷᠡᠴᠢᠯᠡᠨ ᠵᠠᠰᠠᠬᠤ ︽ ᠭᠤᠷᠪᠠᠨ ᠵᠢᠯ ᠤᠨ ᠠᠵᠢᠯᠯᠠᠭᠠᠨ ᠤ ᠲᠦᠰᠦᠪ︾ ᠢ ᠨᠠᠶᠢᠷᠠᠭᠤᠯᠤᠨ ᠳᠠᠭᠤᠰᠬᠠᠵᠤ᠂ | ᠰᠠᠨ ᠳᠣᠤ ᠶᠢᠩᠽᠢ ᠭᠠᠯ ᠤᠨᠲᠠᠷᠠᠭᠠᠬᠤ ᠢᠨᠵᠧᠨᠧᠷᠢᠩ ᠤᠨ ᠤᠷᠴᠢᠨ ᠲᠤᠭᠤᠷᠢᠨ ᠤ ᠶᠡᠷᠦᠩᠬᠡᠶᠢᠯᠡᠨ ᠵᠠᠰᠠᠬᠤ ᠶᠢ | ᠯᠠᠪᠳᠠᠭᠤᠨ ᠠᠬᠢᠭᠤᠯᠵᠤ᠂ ᠤᠯᠠᠭᠠᠨᠬᠠᠳᠠ ᠶᠢᠨ ᠶᠦᠩ ᠲᠦᠩ ᠦᠢᠯᠡᠳᠪᠦᠷᠢ ᠶᠢᠨ ᠲᠤᠭᠤᠷᠢᠭ ᠤᠨ ᠬᠦᠷᠦᠰᠦ | ᠰᠢᠷᠤᠢ ᠶᠢ ᠵᠠᠰᠠᠨ ᠡᠳᠡᠭᠡᠷᠡᠭᠦᠯᠬᠦ ᠲᠦᠷᠦᠯ ᠵᠦᠢᠯ ᠨᠢ ᠲᠥᠪ ᠤᠨ ᠲᠦᠰᠦᠯ ᠤᠨ ᠬᠦᠮᠦᠷᠭᠡ ᠳᠤ ᠤᠷᠤᠵᠠᠢ᠃ | ᠰᠢᠪᠡᠭᠡ ᠭᠤᠣᠯ ᠤᠨ ᠬᠤᠳᠠ ᠲᠤᠭᠤᠷᠢᠭᠰᠠᠨ ᠤᠰᠤᠨ ᠰᠢᠰᠲ᠋ᠧᠮ ᠢ ᠵᠠᠰᠠᠬᠤ ᠲᠦᠷᠦᠯ ᠵᠦᠢᠯ ᠤᠨ ᠬᠡᠰᠡᠭ | ᠭᠤᠣᠯ ᠳᠤ ᠤᠰᠤ ᠬᠠᠳᠠᠭᠠᠯᠠᠭᠰᠠᠨ ᠪᠠᠶᠢᠨ᠎ᠠ᠃ ᠨᠢᠰᠬᠡᠯ ᠤᠨ ᠪᠠᠭᠤᠳᠠᠯ ᠤᠨ ᠬᠥᠭᠦᠷᠭᠡ ᠠᠴᠠ ᠯᠦᠩ ᠱᠠᠨ ᠬᠦᠷᠬᠦ | 16 ᠺᠢᠯᠣᠮᠧᠲᠷ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠦᠨᠳᠦᠰᠦᠨ ᠳᠡᠭᠡᠨ ᠳᠠᠭᠤᠰᠴᠠᠢ᠃ ᠵᠢᠨᠱᠠᠨ ᠬᠤᠳᠠ | ᠲᠡᠭᠦᠷᠭᠡ ᠶᠢᠨ ᠣᠶᠢᠷᠠᠯᠴᠠᠭ᠎ᠠ ᠰᠠᠭᠤᠭᠠᠯᠢ ᠠᠷᠠᠳ ᠤᠨ ᠰᠢᠲᠠᠭᠠᠯᠭ᠎ᠠ ᠶᠢᠨ ᠵᠤᠤᠬ᠎ᠠ 1500 ᠶᠢ ᠦᠭᠡᠷᠡᠴᠢᠯᠡᠵᠦ᠂ | ᠾᠧ ᠮᠧᠢ ᠬᠦᠷᠢᠶᠡᠯᠡᠩ ᠲᠤᠭᠤᠷᠢᠭ ᠤᠨ ᠬᠤᠪᠢ ᠬᠦᠮᠦᠨ ᠤ 12 ᠰᠠᠭᠤᠷᠢ ᠬᠤᠳᠳᠤᠭ ᠢ ᠪᠢᠲᠡᠭᠦᠮᠵᠢᠯᠡᠵᠡᠢ᠃ | ᠪᠤᠬᠢᠷ ᠤᠰᠤ ᠶᠢ ᠰᠢᠢᠳᠪᠦᠷᠢᠯᠡᠬᠦ ᠦᠷᠲᠡᠭᠡ 3 ᠰᠠᠭᠤᠷᠢ᠂ ᠬᠤᠭ ᠨᠤᠪᠰᠢ ᠶᠢ ᠪᠤᠯᠠᠬᠤ ᠲᠠᠯᠠᠪᠠᠢ 2 ᠰᠠᠭᠤᠷᠢ ᠶᠢ | ᠪᠠᠶᠢᠭᠤᠯᠪᠠ᠃ ᠠᠭᠤᠷᠬᠠᠢ ᠶᠢᠨ ᠠᠭᠤᠯᠠ ᠶᠢ ᠵᠠᠰᠠᠭᠰᠠᠨ ᠨᠢ 855 ᠮᠣ᠋᠂ ᠪᠡᠭᠡᠵᠢᠩ ᠲᠠᠶᠠᠨᠵᠢᠨ ᠤ ᠡᠯᠡᠰᠦᠨ | ᠰᠤᠷᠪᠤᠯᠵᠢ ᠶᠢ 5000 ᠮᠣ᠋ ᠵᠠᠰᠠᠪᠠ᠃ | ᠡᠳ᠋ ᠤᠨ ᠵᠠᠰᠠᠭ ᠤᠨ ᠮᠦᠩᠭᠦᠨ ᠭᠦᠢᠯᠭᠡᠭᠡᠨ ᠤ ᠲᠦᠭᠰᠢᠭᠦᠷᠢ ᠶᠢ ᠲᠤᠭᠲᠠᠭᠤᠨ ᠢᠶᠠᠷ ᠡᠵᠡᠮᠳᠡᠪᠡ᠃ | ᠵᠠᠰᠠᠭ ᠤᠨ ᠤᠷᠳᠤᠨ ᠤ ᠥᠷᠢ ᠥᠭᠴᠡᠭᠡ ᠶᠢ ᠲᠢᠭᠯᠢᠬᠦ ᠲᠦᠰᠦᠪ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ | ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠰᠦᠯ ᠢ ᠵᠥᠪᠰᠢᠶᠡᠷᠡᠨ ᠬᠠᠮᠢᠶᠠᠷᠬᠤ᠂ ᠡᠩ ᠤᠨ ᠴᠢᠨᠠᠷᠲᠠᠢ | ᠵᠠᠷᠤᠯᠭ᠎ᠠ ᠶᠢ ᠪᠠᠭᠠᠰᠬᠠᠬᠤ᠂ ᠰᠠᠭᠤᠷᠢ ᠮᠦᠩᠭᠦ ᠣᠷᠣᠯᠭ᠎ᠠ ᠶᠢ ᠨᠡᠮᠡᠭᠳᠡᠭᠦᠯᠬᠦ ᠵᠡᠷᠭᠡ ᠶᠢ ᠴᠢᠩᠭ᠎ᠠ | ᠪᠠᠷᠢᠮᠵᠢᠶᠠᠵᠢᠭᠤᠯᠬᠤ ᠪᠠᠷ ᠳᠠᠮᠵᠢᠭᠤᠯᠵᠤ᠂ ᠥᠷᠢ ᠥᠭᠴᠡᠭᠡ 29.5 ᠳ᠋ᠦᠩᠰᠢᠭᠤᠷ ᠲᠦᠭᠦᠷᠢᠭ ᠰᠢᠢᠳᠪᠦᠷᠢᠯᠡᠵᠦ᠂ | ᠵᠢᠯ ᠤᠨ ᠡᠭᠦᠷᠭᠡ ᠶᠢᠨ 118% ᠶᠢ ᠪᠡᠶᠡᠯᠡᠭᠦᠯᠵᠡᠢ᠃ ︽ ᠠᠷᠪᠠ ᠶᠢ ᠪᠦᠷᠬᠦᠭᠦᠯᠬᠦ︾ ᠢᠨᠵᠧᠨᠧᠷᠢᠩ ᠤᠨ | ᠪᠦᠬᠦᠶᠢᠯᠡ ᠥᠷᠢ ᠶᠢ ᠰᠢᠢᠳᠪᠦᠷᠢᠯᠡᠵᠡᠢ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠦᠩᠭᠦᠨ ᠭᠦᠢᠯᠭᠡᠭᠡᠨ ᠤ | ᠮᠡᠬᠡᠯᠡᠯ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠲᠠ ᠥᠭᠴᠦ᠂ 75 ᠬᠡᠷᠡᠭ 1100 ᠲᠦᠮᠡᠨ | ᠲᠦᠭᠦᠷᠢᠭ ᠢ ᠪᠠᠶᠢᠴᠠᠭᠠᠨ ᠰᠢᠢᠳᠪᠦᠷᠢᠯᠡᠵᠡᠢ᠃ | (ᠬᠤᠶᠠᠷ )ᠪᠦᠲᠦᠴᠡ ᠳᠤ ᠲᠤᠬᠢᠷᠠᠭᠤᠯᠤᠯᠲᠠ᠂ ᠬᠡᠯᠪᠡᠷᠢ ᠶᠢ ᠬᠤᠪᠢᠷᠠᠭᠠᠬᠤ ᠶᠢ ᠠᠬᠢᠭᠤᠯᠤᠨ᠂ ᠠᠵᠤ | ᠠᠬᠤᠢ ᠶᠢᠨ ᠦᠨᠳᠦᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠵᠠᠢ᠃ ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠡᠢ᠃ ᠪᠦᠬᠦ | ᠬᠤᠰᠢᠭᠤᠨ ᠳᠤ ᠤᠨᠴᠠᠯᠢᠭᠲᠤ ᠲᠠᠷᠢᠮᠠᠯ ᠤᠨ ᠲᠠᠯᠠᠪᠠᠢ 33 ᠲᠦᠮᠡᠨ ᠮᠤ᠋᠂ ᠲᠦᠬᠦᠭᠡᠷᠡᠮᠵᠢᠲᠦ ᠲᠠᠷᠢᠶᠠᠯᠩ 1.1 | ᠲᠦᠮᠡᠨ ᠮᠤ᠋᠂ ᠳᠠᠷᠤᠴᠠ ᠶᠢ ᠨᠢ ᠪᠠᠭᠤᠷᠠᠭᠤᠯᠤᠭᠰᠠᠨ ᠡᠷᠳᠡᠨᠢ ᠰᠢᠰᠢ ᠶᠢᠨ ᠲᠠᠷᠢᠶᠠᠯᠠᠩ 4.8 ᠲᠦᠮᠡᠨ ᠮᠤ᠋᠂ ᠡᠪᠡᠰᠦᠨ | ᠡᠮ᠂ ᠲᠦᠪᠡᠳ ᠬᠠᠰᠢ ᠶᠢᠨ ᠲᠠᠷᠢᠶᠠᠯᠠᠩ ᠤᠨ ᠰᠠᠭᠤᠷᠢᠨ ᠭᠠᠵᠠᠷ 8 ᠲᠦᠮᠡᠨ ᠮᠤ᠋ ᠪᠠᠶᠢᠬᠤ ᠶᠢ ᠪᠠᠲᠤᠯᠠᠵᠠᠢ᠃ | ᠠᠹᠢᠷᠢᠺ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠬᠦ ᠵᠡᠷᠭᠡ ᠠᠮᠢᠲᠠᠨ ᠤ ᠬᠢᠵᠢᠭ ᠤᠨ ᠰᠡᠷᠭᠡᠶᠢᠯᠡᠬᠦ ᠠᠵᠢᠯ ᠢ | ᠰᠠᠶᠢᠲᠤᠷ ᠬᠢᠵᠦ᠂ ᠵᠢᠯ ᠤᠨ ᠭᠡᠷ ᠤᠨ ᠲᠡᠵᠢᠭᠡᠪᠦᠷᠢ 120 ᠲᠦᠮᠡᠨ ᠲᠤᠯᠤᠭᠠᠢ ᠪᠠᠶᠢᠬᠤ ᠶᠢ ᠪᠠᠲᠤᠯᠠᠵᠤ᠂ | ᠬᠡᠪᠴᠢᠶᠡᠵᠢᠭᠰᠡᠨ ᠲᠡᠵᠢᠭᠡᠬᠦ ᠬᠠᠷᠢᠴᠠᠯ ᠨᠢ 52% ᠪᠤᠯᠵᠠᠢ᠃ ᠲᠠᠷᠢᠶᠠᠯᠠᠩ ᠤᠨ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠴᠣᠭᠴᠠ 244 ᠪᠤᠯᠵᠤ᠂ ᠨᠠᠨ ᠲᠠᠶᠢᠽᠢ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ | ᠲᠤᠭᠤᠷᠢᠭ᠂ ᠰᠢᠶᠤᠤ ᠨᠢᠦ ᠴᠦᠨ ᠭᠠᠯᠠᠭᠤ ᠲᠡᠵᠢᠭᠡᠬᠦ ᠠᠵᠤ ᠦᠢᠯᠡᠰ ᠤᠨ ᠬᠦᠷᠢᠶᠡᠯᠡᠩ ᠨᠢ ᠪᠠᠷᠢᠯᠭ᠎ᠠ ᠳᠠᠭᠤᠰᠴᠤ | ᠠᠰᠢᠭᠯᠠᠯᠲᠠ ᠳᠤ ᠤᠷᠤᠵᠠᠢ᠃ ︽ ᠬᠠᠷᠠᠴᠢᠨ ᠬᠤᠰᠢᠭᠤᠨ ᠤ ᠲᠠᠷᠢᠶᠠᠯᠠᠩ ᠤᠨ ᠦᠢᠯᠡᠳᠬᠦᠨ ᠤ ᠨᠡᠶᠢᠲᠡ ᠶᠢᠨ | ᠬᠡᠷᠡᠭᠯᠡᠭᠡᠨ ᠤ ᠨᠡᠷᠡᠲᠦ ᠳᠡᠮᠳᠡᠭ︾ ᠢ ᠲᠤᠭᠲᠠᠭᠠᠵᠤ᠂ ︽ ᠭᠤᠷᠪᠠᠨ ᠦᠢᠯᠡᠳᠬᠦᠨ ᠨᠢᠭᠡ ᠳᠡᠮᠳᠡᠭ︾ ᠢᠶᠠᠷ | ᠨᠤᠲᠠᠯᠠᠭᠰᠠᠨ ᠲᠠᠷᠢᠶᠠᠯᠠᠩ ᠤᠨ ᠪᠦᠲᠦᠭᠡᠭᠳᠡᠬᠦᠨ 7 ᠪᠤᠢ᠃ 38 ᠡᠷᠦᠬᠡ ᠶᠢᠨ ᠳᠦᠷᠢᠮ ᠢ ᠵᠥᠷᠢᠴᠡᠭᠰᠡᠨ ︽ | ᠬᠦᠯᠦᠮᠵᠢ ᠶᠢᠨ ᠪᠠᠶᠢᠰᠢᠩ ︾ ᠢ ᠨᠤᠷᠠᠭᠠᠨ ᠴᠡᠪᠡᠷᠯᠡᠵᠡᠢ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ | ᠬᠡᠯᠪᠡᠷᠢ ᠪᠠᠨ ᠬᠤᠪᠢᠷᠠᠭᠠᠬᠤ ᠪᠠᠨ ᠲᠦᠷᠭᠡᠳᠬᠡᠵᠡᠢ᠃ ᠤᠯᠠᠭᠠᠨᠬᠠᠳᠠ ᠶᠢᠨ ᠶᠦᠨ ᠲᠦᠩ ᠤᠨ40 ᠲᠦᠮᠡᠨ ᠲᠤᠨ | ᠵᠢᠰ ᠪᠤᠯᠪᠠᠰᠤᠷᠠᠭᠤᠯᠬᠤ ᠦᠷᠭᠡᠳᠬᠡᠨ ᠪᠠᠶᠢᠭᠤᠯᠬᠤ ᠲᠦᠰᠦᠯ ᠤᠨ ᠭᠤᠣᠯ ᠪᠠᠷᠢᠯᠭ᠎ᠠ ᠳᠠᠭᠤᠰᠴᠠᠢ᠃ ᠳ᠋ᠦᠩ | ᠶᠥᠸᠧ ᠵᠢᠯ ᠳᠤ 14 ᠲᠦᠮᠡᠨ ᠲᠤᠨ ᠹᠯᠤᠷ ᠦᠢᠯᠡᠳᠪᠦᠷᠢᠯᠡᠬᠦ ᠦᠷᠭᠡᠳᠬᠡᠨ ᠪᠠᠶᠢᠭᠤᠯᠬᠤ ᠲᠦᠷᠦᠯ ᠵᠦᠢᠯ ᠨᠢ | ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠲᠤ ᠪᠠᠶᠢᠷᠢᠰᠢᠵᠡᠢ᠃ ᠱᠦᠢᠨᠢ ᠪᠠᠷᠢᠯᠭ᠎ᠠ ᠶᠢᠨ ᠮᠠᠲ᠋ᠧᠷᠢᠶᠠᠯ ᠤᠨ | ᠦᠢᠯᠡᠳᠪᠦᠷᠢᠯᠡᠨ ᠪᠤᠷᠤᠯᠠᠭᠤᠯᠬᠤ ᠬᠤᠯᠪᠤᠭᠠᠯᠠᠯ ᠢ ᠪᠠᠶᠢᠭᠤᠯᠤᠨ᠂ ᠠᠵᠤ ᠦᠢᠯᠡᠰ ᠤᠨ ᠳᠠᠪᠠᠭᠤᠯᠢᠭ ᠪᠠ | ᠦᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠵᠡᠢ᠃ ᠪᠦᠬᠦ ᠵᠢᠯ ᠳᠤ ᠠᠵᠤ ᠦᠢᠯᠡᠳᠪᠦᠷᠢᠯᠡᠯ ᠤᠨ ᠶᠡᠷᠦᠩᠬᠡᠢ | ᠦᠷᠲᠡᠭ 64.6 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 21% ᠢᠶᠠᠷ | ᠨᠡᠮᠡᠭᠳᠡᠵᠡᠢ᠃ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠵᠤ ᠪᠤᠢ᠃ ᠪᠦᠬᠦ | ᠬᠡᠪᠴᠢᠶᠡᠨ ᠳᠠᠬᠢ ᠵᠢᠭᠤᠯᠴᠢᠯᠠᠯ ᠤᠨ ᠲᠦᠰᠦᠪ ᠪᠠ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠲᠦᠰᠦᠪ ᠢ | ᠨᠠᠶᠢᠷᠠᠭᠤᠯᠤᠨ ᠲᠤᠭᠲᠠᠭᠠᠪᠠ᠃ ᠸᠠᠩ ᠶᠧ ᠳ᠋ᠢᠶᠠᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠣᠨ ᠤ ᠲᠦᠰᠦᠪ ᠤᠨ | ᠲᠤᠬᠢᠷᠠᠭᠤᠯᠤᠯᠲᠠ ᠨᠢ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠬᠤᠷᠠᠯ ᠢᠶᠠᠷ ᠬᠢᠨᠠᠨ ᠲᠤᠭᠲᠠᠭᠠᠭᠳᠠᠵᠠᠢ᠃ | ᠮᠡᠶᠢᠷᠡᠨ ᠭᠤᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠦᠨᠳᠦᠷ ᠠᠭᠤᠯᠠᠨ ᠠᠴᠠ ᠴᠠᠰᠤᠨ ᠳᠤ ᠭᠤᠯᠭᠤᠬᠤ ᠲᠦᠷᠦᠯ ᠵᠦᠢᠯ ᠨᠢ ᠶᠠᠭ | ᠡᠷᠴᠢᠮᠲᠡᠢ ᠶᠠᠪᠤᠭᠳᠠᠵᠤ ᠪᠤᠢ᠃ ᠠᠭᠤᠯᠠᠨ ᠠᠶᠢᠮᠠᠭ ᠤᠨ ᠰᠡᠯᠡᠭᠦᠴᠡᠯ ᠤᠨ ᠵᠤᠰᠠᠭᠠᠯ᠂ ᠸᠠᠩ ᠶᠧ ᠳ᠋ᠢᠶᠠᠨ ᠤᠯᠠᠨ | ᠴᠢᠳᠠᠪᠬᠢᠲᠤ ᠤᠢ ᠰᠢᠭᠤᠢ ᠶᠢᠨ ᠲᠤᠷᠰᠢᠯᠲᠠ ᠶᠢᠨ ᠰᠠᠭᠤᠷᠢᠨ ᠭᠠᠵᠠᠷ ᠨᠢ ᠪᠠᠶᠢᠭᠤᠯᠤᠯᠲᠠ ᠪᠠᠨ ᠲᠦᠷᠭᠡᠳᠬᠡᠵᠦ᠂ | ᠯᠦᠩ ᠱᠠᠨ ᠠᠭᠤᠯᠠᠨ ᠤ ᠬᠠᠯᠠᠭᠤᠨ ᠷᠠᠰᠢᠶᠠᠨ ᠤ ᠰᠤᠪᠢᠯᠠᠯᠲᠠ ᠶᠢᠨ ᠵᠢᠵᠢᠭ ᠪᠠᠯᠭᠠᠰᠤ ᠨᠢ ᠲᠦᠰᠦᠪ ᠢᠶᠠᠨ | ᠲᠤᠭᠲᠠᠭᠠᠵᠤ᠂ ᠡᠮᠡᠭᠡᠯ ᠠᠭᠤᠯᠠ ᠮᠠᠰᠢᠨ ᠲᠡᠷᠭᠡᠨ ᠤ ᠬᠤᠸᠠᠷᠠᠨ ᠤ ᠰᠠᠭᠤᠷᠢ ᠲᠦᠬᠦᠭᠡᠷᠦᠮᠵᠢ ᠶᠢᠨ ᠪᠠᠷᠢᠯᠭ᠎ᠠ | ᠳᠠᠭᠤᠰᠴᠠᠢ᠃ ᠯᠢᠩ ᠶᠦᠸᠧ ᠽᠢ ᠬᠡᠶᠢᠳ ᠤᠨ ᠰᠡᠯᠪᠢᠨ ᠵᠠᠰᠠᠯᠲᠠ ᠳᠠᠭᠤᠰᠴᠤ ᠭᠠᠳᠠᠭᠰᠢ ᠨᠡᠭᠡᠯᠲᠡᠲᠡᠢ ᠪᠤᠯᠵᠠᠢ᠃ | ᠭᠥᠩ ᠶᠢᠩᠽᠢ ᠠᠴᠠ ᠡᠯ ᠵᠢᠶᠧ ᠳ᠋ᠢ ᠬᠦᠷᠬᠦ 39 ᠺᠢᠯᠣᠮᠧᠲᠷ ᠤᠨ ᠵᠢᠭᠤᠯᠴᠢᠯᠠᠯ ᠤᠨ ᠵᠠᠰᠠᠮᠠᠯ ᠵᠠᠮ ᠨᠡᠪᠲᠡᠷᠡᠵᠡᠢ᠃ | 23 ᠵᠤᠭᠠᠴᠠᠯ ᠤᠨ ᠤᠷᠤᠨ ᠤ ᠵᠤᠷᠯᠤᠩ ᠠᠰᠢᠭᠯᠠᠯᠲᠠ ᠳᠤ ᠤᠷᠤᠭᠰᠠᠨ ᠪᠠᠶᠢᠨ᠎ᠠ᠃ ᠯᠸᠢ ᠶᠢᠩᠽᠢ ᠲᠤᠰᠬᠤᠨ ᠨᠢ | ᠲᠠᠷᠢᠶᠠᠯᠠᠩ ᠤᠨ ᠶᠠᠮᠤᠨ ᠠᠴᠠ ︽ ᠳᠤᠮᠳᠠᠳᠤ ᠤᠯᠤᠰ ᠤᠨ ᠦᠵᠡᠮᠵᠢᠲᠦ ᠰᠡᠯᠡᠭᠦᠴᠡᠯ ᠤᠨ ᠲᠤᠰᠬᠤᠨ︾ ᠢᠶᠠᠷ | ᠦᠨᠡᠯᠡᠭᠲᠡᠵᠡᠢ᠃ ᠪᠦᠬᠦ ᠵᠢᠯ ᠳᠤ ᠨᠡᠶᠢᠲᠡ 109.3 ᠲᠦᠮᠡᠨ ᠵᠤᠭᠠᠴᠠᠭᠰᠠᠳ ᠢ ᠬᠦᠯᠢᠶᠡᠨ ᠠᠪᠴᠤ | ᠵᠤᠴᠢᠯᠠᠵᠠᠢ᠃ ᠵᠢᠭᠤᠯᠴᠢᠯᠠᠯ ᠤᠨ ᠶᠡᠷᠦᠩᠬᠡᠢ ᠤᠷᠣᠯᠭ᠎ᠠ13.6 ᠳ᠋ᠦᠩᠰᠢᠭᠤᠷ ᠲᠦᠭᠦᠷᠢᠭ ᠬᠦᠷᠴᠦ᠂ ᠲᠤᠰ | ᠪᠦᠷᠢ 12 % ᠪᠠ11% ᠢᠶᠠᠷ ᠨᠡᠮᠡᠭᠳᠡᠵᠡᠢ᠃ ᠡᠭᠦᠨ ᠳᠤ᠂ ᠬᠥᠳᠡᠭᠡ ᠲᠤᠰᠬᠤᠨ ᠤ ᠵᠢᠭᠤᠯᠴᠢᠯᠠᠯ ᠤᠨ | ᠵᠤᠴᠢᠯᠠᠭᠰᠠᠨ ᠲᠤᠭ᠎ᠠ 15.7 ᠲᠦᠮᠡᠨ ᠬᠦᠮᠦᠨ ᠤᠳᠠᠭ᠎ᠠ ᠬᠦᠷᠴᠦ᠂ 5604 ᠲᠦᠮᠡᠨ ᠲᠦᠭᠦᠷᠢᠭ ᠤᠨ | ᠣᠷᠣᠯᠭ᠎ᠠ ᠡᠭᠦᠳᠴᠡᠢ᠃ 85 ᠲᠤᠰᠬᠤᠨ ᠤ ᠳᠡᠰ ᠤᠨ ᠡᠯᠧᠺᠲᠷᠣᠨ ᠬᠤᠳᠠᠯᠳᠤᠭ᠎ᠠ ᠶᠢᠨ ᠦᠢᠯᠡᠴᠢᠯᠡᠭᠡᠨ ᠤ ᠲᠥᠪ | ᠪᠠᠶᠢᠭᠤᠯᠤᠭᠳᠠᠨ ᠡᠵᠡᠩᠨᠡᠭᠲᠡᠵᠡᠢ᠃ | (ᠭᠤᠷᠪᠠ)ᠬᠤᠳᠠ ᠬᠥᠳᠡᠭᠡ ᠶᠢᠨ ᠰᠠᠭᠤᠷᠢ ᠢᠵᠢ ᠪᠦᠷᠢᠳᠬᠦ ᠲᠦᠬᠦᠭᠡᠷᠦᠮᠵᠢ ᠶᠢ ᠲᠡᠭᠦᠯᠳᠡᠷᠵᠢᠭᠦᠯᠵᠦ᠂ | ᠬᠤᠳᠠ ᠬᠥᠳᠡᠭᠡ ᠶᠢᠨ ᠨᠢᠳᠬᠡᠨ ᠠᠭᠤᠰᠤᠯᠴᠠᠬᠤ ᠬᠥᠭᠵᠢᠯᠲᠡ ᠶᠢ ᠠᠬᠢᠭᠤᠯᠪᠠ᠃ ᠵᠢᠨᠱᠠᠨ ᠬᠤᠳᠠ ᠲᠤᠭᠤᠷᠢᠭ ᠤᠨ | ᠬᠤᠳᠠ ᠶᠢᠨ ᠶᠠᠪᠤᠳᠠᠯ ᠤᠨ ᠪᠠᠶᠢᠭᠤᠯᠤᠯᠲᠠ ᠤᠯᠠᠮ ᠨᠢᠭᠡ ᠠᠯᠬᠤᠮ ᠴᠢᠩᠭᠠᠷᠠᠪᠠ᠃ ᠬᠠᠷᠠᠴᠢᠨ ᠬᠤᠰᠢᠭᠤᠨ ᠤ | ᠬᠤᠳᠠ ᠶᠢᠨ ᠶᠡᠷᠦᠩᠬᠡᠢ ᠲᠦᠰᠦᠪ᠂ ᠵᠢᠨᠱᠠᠨ ᠬᠤᠳᠠ ᠲᠤᠭᠤᠷᠢᠭ ᠤᠨ ᠰᠢᠨ᠎ᠡ ᠡᠭᠡᠯᠵᠢ ᠶᠢᠨ ᠲᠦᠰᠦᠪ ᠢ | ᠨᠠᠶᠢᠷᠠᠭᠤᠯᠤᠨ ᠳᠠᠭᠤᠰᠬᠠᠪᠠ᠃ ᠶᠢᠨ ᠵᠦᠩ ᠶᠡᠭᠡ ᠵᠡᠭᠡᠯᠢ᠂ ᠾᠧ ᠪᠢᠨ ᠬᠤᠶᠢᠲᠤ ᠵᠡᠭᠡᠯᠢ ᠶᠢ ᠳᠡᠭᠡᠳᠦ | ᠬᠡᠮᠵᠢᠶ᠎ᠡ ᠪᠠᠷ ᠪᠠᠶᠢᠭᠤᠯᠤᠨ᠂ ᠶᠢᠨ ᠴᠢᠶᠤᠤ ᠵᠠᠮ ᠢ ᠬᠠᠲᠠᠭᠤᠷᠠᠭᠤᠯᠪᠠ᠃ 4 ᠰᠠᠭᠤᠷᠢ ᠢᠯᠴᠢ ᠬᠦᠴᠦ | ᠤᠰᠤᠨ ᠤ ᠦᠷᠲᠡᠭᠡ ᠶᠢ ᠪᠠᠶᠢᠭᠤᠯᠵᠤ᠂ ᠲᠦᠭᠡᠯ ᠤᠰᠤᠨ ᠤ ᠦᠢᠯᠡᠳᠪᠦᠷᠢ ᠶᠢ ᠳᠡᠰ ᠳᠡᠪᠰᠢᠭᠦᠯᠬᠦ ᠪᠠ ᠪᠤᠬᠢᠷ | ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠦᠷᠭᠡᠳᠬᠡᠨ ᠪᠠᠶᠢᠭᠤᠯᠵᠤ ᠬᠡᠷᠡᠭᠯᠡᠯᠲᠡ ᠳᠤ ᠤᠷᠤᠵᠠᠢ᠃ ᠬᠠᠭᠤᠴᠢᠨ | ᠵᠠᠰᠠᠭ ᠤᠨ ᠤᠷᠳᠤᠨ ᠤ ᠰᠠᠭᠤᠭᠠᠯᠢ ᠲᠤᠭᠤᠷᠢᠭ ᠢ ᠶᠡᠷᠦᠩᠬᠡᠶᠢᠯᠡᠨ ᠵᠠᠰᠠᠬᠤ᠂ ᠠᠷᠠᠳ ᠳᠤ ᠲᠦᠭᠦᠮ ᠵᠠᠬ᠎ᠠ | ᠳᠡᠯᠭᠡᠭᠦᠷ᠂ ᠬᠦᠮᠦᠨ ᠶᠠᠪᠤᠬᠤ ᠵᠠᠮ 2.4 ᠲᠦᠮᠡᠨ ᠲᠡᠭᠰᠢ ᠳᠦᠷᠪᠡᠯᠵᠢᠨ ᠮᠧᠲᠷ ᠢ ᠳᠡᠭᠡᠳᠦ ᠪᠠᠷᠢᠮᠵᠢᠶ᠎ᠠ ᠲᠠᠢ ᠪᠠᠷ | ᠪᠠᠶᠢᠭᠤᠯᠵᠠᠢ᠃ ᠶᠢᠨ ᠨᠠᠨ ᠶᠡᠭᠡ ᠵᠡᠭᠡᠯᠢ ᠶᠢᠨ ᠪᠠᠷᠠᠭᠤᠨ ᠬᠡᠰᠡᠭ ᠵᠠᠮ ᠢ ᠨᠤᠭᠤᠭᠠᠷᠠᠭᠤᠯᠬᠤ᠂ ᠨᠠᠭᠤᠷ ᠤᠨ | ᠬᠦᠪᠡᠭᠡᠨ ᠤ ᠲᠠᠮᠢᠷ ᠤᠨ ᠴᠡᠴᠡᠷᠯᠢᠭ ᠤᠨ ᠪᠡᠶ᠎ᠡ ᠪᠤᠯᠪᠠᠰᠤᠷᠠᠭᠤᠯᠬᠤ ᠵᠠᠮ᠂ ᠵᠠᠮ ᠤᠨ ᠳ᠋ᠧᠩ ᠵᠡᠷᠭᠡ ᠶᠢ ᠨᠡᠮᠡᠵᠦ | ᠪᠠᠶᠢᠭᠤᠯᠵᠠᠢ᠃ ᠪᠡᠶ᠎ᠡ ᠴᠢᠬᠢᠷᠠᠭᠵᠢᠭᠤᠯᠬᠤ ᠲᠥᠪ᠂ ᠤᠮᠪᠠᠯᠲᠠ ᠶᠢᠨ ᠤᠷᠳᠤᠨ ᠪᠠᠶᠢᠭᠤᠯᠤᠭᠳᠠᠵᠤ ᠨᠡᠭᠡᠭᠡᠯᠲᠡ ᠲᠠᠢ | ᠪᠤᠯᠵᠠᠢ᠃ ᠤᠯᠤᠰ ᠤᠨ ᠴᠡᠴᠡᠷᠯᠢᠭᠵᠢᠭᠰᠡᠨ ᠰᠢᠶᠠᠨ ᠤ ᠬᠤᠳᠠ ᠶᠢ ᠡᠭᠦᠳᠦᠨ ᠪᠠᠶᠢᠭᠤᠯᠬᠤ ᠠᠵᠢᠯ ᠪᠦᠬᠦ ᠲᠠᠯ᠎ᠠ ᠪᠠᠷ | ᠡᠬᠢᠯᠡᠵᠡᠢ᠃ | ᠾᠧ ᠮᠧᠢ ᠬᠦᠷᠢᠶᠡᠯᠡᠩ ᠲᠤᠭᠤᠷᠢᠭ ᠤᠨ ᠳᠠᠭᠠᠭᠠᠴᠠ ᠶᠢᠨ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠡᠢ᠃ | ᠨᠢᠭᠡᠳᠦᠭᠡᠷ ᠬᠤᠭᠤᠴᠠᠭᠠᠨ ᠳᠤ 12 ᠠᠵᠤ ᠠᠬᠤᠶᠢᠯᠠᠯ ᠰᠠᠭᠤᠷᠢᠰᠢᠵᠤ ᠡᠵᠡᠩᠨᠡᠯᠲᠡ ᠬᠢᠬᠦ ᠪᠠᠷ ᠪᠤᠯᠵᠠᠢ᠃ ᠪᠦᠬᠦ | ᠵᠢᠯ ᠳᠤ 5.9 ᠳ᠋ᠦᠩᠰᠢᠭᠤᠷ ᠲᠦᠮᠡᠨ ᠲᠦᠭᠦᠷᠢᠭ ᠤᠨ ᠪᠤᠷᠤᠯᠠᠭᠤᠯᠭ᠎ᠠ ᠶᠢᠨ ᠣᠷᠣᠯᠭ᠎ᠠ ᠡᠭᠦᠳᠴᠦ᠂ ᠠᠰᠢᠭ | ᠭᠠᠶᠢᠯᠢ 8700 ᠲᠦᠮᠡᠨ ᠲᠦᠭᠦᠷᠢᠭ ᠬᠦᠷᠪᠡ᠃ ᠬᠦᠷᠢᠶᠡᠯᠡᠩ ᠲᠤᠭᠤᠷᠢᠭ ᠲᠤ ᠬᠤᠭ ᠨᠤᠪᠰᠢ ᠶᠢᠨ ᠰᠢᠯᠵᠢᠭᠦᠯᠦᠨ | ᠨᠡᠭᠦᠯᠭᠡᠬᠦ ᠦᠷᠲᠡᠭᠡ 2 ᠰᠠᠭᠤᠷᠢ ᠪᠠᠶᠢᠭᠤᠯᠵᠤ᠂ ᠨᠡᠶᠢᠲᠡ ᠶᠢᠨ ᠵᠤᠷᠯᠣᠩ 4 ᠰᠠᠭᠤᠷᠢ ᠪᠠᠶᠢᠭᠤᠯᠤᠨ᠂ 10 | ᠮᠢᠩᠭᠠᠨ ᠸᠠᠯᠧᠲ ᠤᠨ ᠴᠠᠬᠢᠯᠭᠠᠨ ᠲᠤᠤᠷᠵᠢᠯ ᠠᠰᠢᠭᠯᠠᠯᠲᠠ ᠳᠤ ᠤᠷᠤᠵᠠᠢ᠃ ᠬᠦᠳᠡᠭᠡ ᠲᠤᠰᠬᠤᠨ ᠤ | ᠰᠠᠭᠤᠭᠠᠯᠢ ᠶᠢᠨ ᠤᠷᠴᠢᠨ ᠤ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠦᠰᠦᠪ ᠪᠠ ᠵᠤᠷᠯᠤᠩ ᠤᠨ | ᠬᠤᠪᠢᠰᠬᠠᠯ ᠢ ᠡᠬᠢᠯᠡᠨ ᠬᠢᠵᠦ᠂ ᠳ᠋ᠠ ᠭᠤᠸᠠᠩ ᠬᠤᠷᠳᠤᠨ ᠤ ᠵᠠᠮ ᠤᠨ ᠨᠢᠦ ᠵᠢᠶᠠ ᠶᠢᠩᠽᠢ ᠰᠣᠯᠪᠢᠴᠠᠯ ᠤᠨ ᠵᠠᠮ | ᠡᠬᠢᠯᠡᠨ ᠪᠠᠶᠢᠭᠤᠯᠵᠤ᠂ ᠤᠯᠤᠰ ᠤᠨ ᠵᠠᠮ 306 ᠨᠢᠭᠡᠳᠦᠭᠡᠷ ᠳᠡᠰ ᠤᠨ ᠵᠠᠰᠠᠮᠠᠯ ᠵᠠᠮ ᠤᠨ ᠭᠤᠣᠯ ᠪᠠᠷᠢᠯᠭ᠎ᠠ | ᠦᠨᠳᠦᠰᠦᠨ ᠳᠡᠭᠡᠨ ᠳᠠᠭᠤᠰᠴᠠᠢ᠃ ᠳᠠᠶᠢᠨ ᠳᠤ ᠪᠡᠯᠡᠳᠬᠡᠬᠦ ᠵᠠᠮ ᠤᠯᠠᠭᠠᠨᠬᠠᠳᠠ ᠠᠴᠠ ᠳ᠋ᠠᠪᠠᠨᠦᠵᠦᠮᠦ᠋ᠴᠢᠨ ᠬᠦᠷᠬᠦ | 10 ᠺᠢᠯᠣᠮᠧᠲᠷ ᠤᠨ ᠵᠠᠮ ᠲᠡᠷᠭᠡ ᠨᠡᠪᠲᠡᠷᠡᠵᠡᠢ᠃ ᠭᠥᠷᠳᠡᠭᠡ ᠲᠤᠰᠬᠤᠨ ᠤ ᠵᠠᠰᠠᠮᠠᠯ ᠵᠠᠮ ᠢ 130 ᠺᠢᠯᠣᠮᠧᠲᠷ | ᠦᠷᠭᠡᠳᠬᠡᠨ᠂ ᠠᠶᠤᠯᠲᠠᠢ ᠵᠠᠮ 2 ᠰᠠᠭᠤᠷᠢ ᠦᠭᠡᠷᠡᠴᠢᠯᠡᠨ ᠵᠠᠰᠠᠵᠤ᠂ ᠨᠢᠦ ᠳ᠋ᠠ ᠱᠤᠭᠤᠮ᠂ ᠸᠠᠩ ᠠᠨ ᠱᠤᠭᠤᠮ | ᠂ ᠫᠢᠩᠵᠤᠸᠠᠩ ᠨᠢᠦ ᠱᠤᠭᠤᠮ ᠤᠨ 36 ᠺᠢᠯᠣᠮᠧᠲᠷ ᠢ ᠵᠠᠰᠠᠨ ᠦᠭᠡᠷᠡᠴᠢᠯᠡᠵᠡᠢ᠃ ︽ ᠳᠥᠷᠪᠡᠨ ᠰᠠᠶᠢᠨ | ᠬᠥᠳᠡᠭᠡ ᠲᠤᠰᠬᠤᠨ ᠤ ᠵᠠᠮ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ︾ ᠤ ᠤᠯᠤᠰ ᠤᠨ ᠲᠠᠬᠢᠨ ᠬᠢᠨᠠᠨ | ᠰᠢᠯᠭᠠᠯᠲᠠ ᠶᠢ ᠦᠩᠭᠡᠷᠡᠭᠡᠵᠡᠢ᠃ ᠳᠤᠤᠷ᠎ᠠ ᠳᠠᠷᠤᠴᠠᠲᠦ ᠴᠠᠬᠢᠯᠭᠠᠨ ᠲᠤᠤᠷᠵᠢᠯ 62 ᠺᠢᠯᠣᠮᠧᠲᠷ ᠰᠢᠨ᠎ᠡ ᠪᠠᠷ | ᠵᠠᠰᠠᠵᠤ᠂ ᠬᠦᠴᠦᠳᠡᠯ ᠦᠭᠡᠷᠡᠴᠢᠯᠡᠭᠴᠢ 51 ᠰᠠᠭᠤᠷᠢ ᠲᠤᠬᠢᠷᠠᠭᠤᠯᠵᠠᠢ᠃ | ( ᠳᠥᠷᠪᠡ)ᠦᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠦᠴᠦᠨ ᠢ ᠰᠡᠷᠭᠦᠭᠡᠪᠡ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠰᠢᠭᠤ ᠰᠢᠶᠠᠩ ᠲᠤᠰᠬᠤᠨ ᠭᠤᠷᠪᠠᠨ ᠳᠡᠰ ᠤᠨ ᠭᠤᠣᠯ ᠤᠨ | ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠡᠢ᠃ ᠪᠦᠬᠦ ᠬᠤᠰᠢᠭᠤᠨ ᠤ ᠬᠥᠳᠡᠭᠡ ᠲᠤᠰᠬᠤᠨ ᠤ | ᠭᠠᠵᠠᠷ ᠰᠢᠷᠤᠢ ᠶᠢᠨ ᠦᠮᠴᠢᠯᠡᠬᠦ ᠡᠷᠬᠡ ᠶᠢ ᠨᠤᠲᠠᠯᠠᠬᠤ ᠠᠵᠢᠯ ᠪᠠ ᠲᠤᠭ᠎ᠠ ᠪᠠᠷᠢᠮᠲᠠ ᠵᠢᠷᠤᠭ ᠰᠡᠭᠦᠳᠡᠷ ᠭᠠᠵᠠᠷ | ᠤᠷᠤᠨ ᠢ ᠪᠠᠶᠢᠴᠠᠭᠠᠬᠤ ᠠᠵᠢᠯ ᠦᠨᠳᠦᠰᠦᠨ ᠳᠡᠭᠡᠨ ᠪᠠᠷᠠᠵᠠᠢ᠃ ᠬᠥᠳᠡᠭᠡ ᠲᠤᠰᠬᠤᠨ ᠤ ᠬᠠᠮᠲᠤ ᠶᠢᠨ | ᠬᠦᠷᠦᠩᠭᠡ ᠶᠢᠨ ᠦᠭᠡᠷᠡᠴᠢᠯᠡᠯᠲᠡ᠂ ᠠᠯᠪᠠᠨ ᠤ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠢᠳᠡᠪᠬᠢᠲᠡᠢ | ᠶᠠᠪᠤᠭᠳᠠᠵᠤ᠂ ᠤᠯᠤᠰ ᠤᠨ ᠤᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠲᠡ ᠪᠦᠬᠦ ᠲᠠᠯ᠎ᠠ ᠪᠠᠷ ᠪᠡᠶᠡᠯᠡᠭᠳᠡᠵᠡᠢ᠃ | ᠠᠷᠠᠯᠵᠢᠶ᠎ᠠ ᠡᠵᠡᠩᠨᠡᠯᠲᠡ ᠶᠢᠨ ᠤᠷᠴᠢᠨ ᠲᠠᠰᠤᠷᠠᠯᠲᠠ ᠦᠭᠡᠢ ᠰᠠᠶᠢᠵᠢᠷᠠᠪᠠ᠃ ︽ ᠲᠠᠯᠪᠢᠬᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠲᠡ ᠶᠢᠨ 35 ᠪᠤᠳᠠᠲᠠᠢ ᠵᠦᠢᠯ ᠵᠣᠷᠪᠤᠰ ᠢ ᠬᠡᠷᠡᠭᠵᠢᠭᠦᠯᠪᠡ᠃ ︽ ᠨᠠᠢᠮᠠᠨ | ᠳᠤᠲᠤᠷᠬᠠᠢ ᠬᠠᠭᠤᠳᠠᠰᠤ︾ ᠶᠢᠨ ᠬᠡᠷᠡᠭ ᠶᠠᠪᠤᠳᠠᠯ 6078 ᠵᠦᠢᠯ ᠢ ᠬᠢᠨᠠᠨ ᠨᠡᠶᠢᠲᠡᠯᠡᠵᠡᠢ᠃ 35 ᠰᠠᠯᠠᠭ᠎ᠠ | ᠮᠦᠴᠢᠷ᠂ 429 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠶᠠᠪᠤᠳᠠᠯ ᠵᠠᠰᠠᠭ ᠤᠨ ᠤᠷᠳᠤᠨ ᠤ | ᠦᠢᠯᠡᠴᠢᠯᠡᠭᠡᠨ ᠤ ᠲᠥᠪ ᠲᠤ ᠰᠠᠭᠤᠷᠢᠰᠢᠵᠠᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ 113 ᠵᠦᠢᠯ ᠢ | ᠪᠠᠭᠠᠰᠬᠠᠵᠤ᠂ 86 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠬᠡᠷᠡᠭ ᠶᠠᠪᠤᠳᠠᠯ ᠢ ᠨᠢᠭᠡᠯᠡ ᠤᠳᠠᠭᠠᠨ | ᠳᠡᠭᠡᠷ᠎ᠡ ᠪᠡᠶᠡᠯᠡᠭᠦᠯᠵᠦ ᠴᠢᠳᠠᠬᠤ ᠪᠤᠯᠵᠠᠢ᠃ 32 ᠵᠦᠢᠯ ᠤᠨ ᠠᠵᠤ ᠠᠬᠤᠶᠢᠯᠠᠯ ᠳᠤ ᠬᠤᠯᠪᠤᠭᠳᠠᠬᠤ ᠵᠦᠢᠯ ᠢ ︽ | ᠤᠯᠠᠨ ᠳᠡᠮᠳᠡᠭ ᠢ ᠨᠢᠭᠡ ᠪᠤᠯᠭᠠᠬᠤ︾ ᠪᠤᠯᠭᠠᠵᠠᠢ᠃ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠡᠷᠦᠬᠡ 3721 | ᠡᠷᠦᠬᠡ ᠰᠢᠨ᠎ᠡ ᠪᠠᠷ ᠨᠡᠮᠡᠭᠳᠡᠵᠡᠢ᠃ ᠠᠵᠤ ᠠᠬᠤᠶᠢᠯᠠᠯ ᠳᠤ 7430 ᠲᠦᠮᠡᠨ ᠲᠦᠭᠦᠷᠢᠭ ᠤᠨ ᠭᠠᠶᠢᠯᠢ | ᠬᠡᠯᠲᠦᠷᠢᠭᠦᠯᠪᠡ᠃ ᠳ᠋ᠦᠩᠰᠢᠭᠤᠷ ᠲᠦᠭᠦᠷᠢᠭ ᠠᠴᠠ ᠳᠡᠭᠡᠭᠰᠢ 10 ᠲᠦᠷᠦᠯ ᠵᠦᠢᠯ ᠢ ᠭᠡᠷ᠎ᠡ ᠲᠤᠭᠲᠠᠪᠠ᠃ | ( ᠲᠠᠪᠤ)ᠠᠷᠠᠳ ᠤᠨ ᠠᠮᠢᠵᠢᠷᠠᠯᠭᠠ ᠶᠢᠨ ᠠᠵᠢᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠪᠠ᠃ ᠪᠦᠬᠦ | ᠵᠢᠯ ᠳᠡᠭᠡᠨ ᠠᠷᠠᠳ ᠤᠨ ᠠᠮᠢᠵᠢᠷᠠᠯᠭᠠ ᠶᠢᠨ ᠬᠦᠷᠢᠶ᠎ᠡ ᠬᠡᠪᠴᠢᠶᠡᠨ ᠳᠤ 22.2 ᠳ᠋ᠦᠩᠰᠢᠭᠤᠷ ᠲᠦᠭᠦᠷᠢᠭ | ᠵᠠᠷᠤᠴᠠᠭᠤᠯᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢᠨ 82% ᠶᠢ ᠡᠵᠡᠯᠡᠵᠦ | ᠪᠤᠢ᠃ ᠨᠡᠶᠢᠭᠡᠮ ᠤᠨ ᠪᠠᠲᠤᠯᠠᠭ᠎ᠠ ᠡᠳᠦᠷ ᠢᠷᠡᠬᠦᠢ ᠰᠠᠶᠢᠵᠢᠷᠠᠵᠠᠢ᠃ ᠬᠤᠳᠠ ᠪᠠᠯᠭᠠᠰᠤᠨ ᠤ 1637 | ᠬᠦᠮᠦᠨ ᠳᠤ ᠠᠵᠢᠯ ᠤᠯᠭᠤᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ 3001 ᠶᠢ ᠨᠡᠭᠡᠭᠡᠵᠡᠢ᠃ | ᠬᠤᠳᠠ ᠪᠠᠯᠭᠠᠰᠤᠨ ᠤ ᠳᠤᠤᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ 635 ᠲᠦᠭᠦᠷᠢᠭ ᠪᠤᠯᠭᠠᠨ | ᠳᠡᠭᠡᠭᠰᠢᠯᠡᠭᠦᠯᠵᠦ᠂ ᠬᠥᠳᠡᠭᠡ ᠲᠤᠰᠬᠤᠨ ᠤ ᠳᠤᠤᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠪᠦᠷᠢ 4446 | ᠲᠦᠭᠦᠷᠢᠭ ᠪᠤᠯᠭᠠᠨ ᠳᠡᠭᠡᠭᠰᠢᠯᠡᠭᠦᠯᠵᠡᠢ᠃ ᠪᠦᠬᠦ ᠵᠢᠯ ᠳᠤ ᠡᠯ᠎ᠡ ᠲᠦᠷᠥᠯ ᠤᠨ ᠨᠦᠬᠦᠪᠦᠷᠢ ᠮᠦᠩᠭᠦ ᠶᠢ 1.4 | ᠳ᠋ᠦᠩᠰᠢᠭᠤᠷ ᠲᠦᠭᠦᠷᠢᠭ ᠲᠠᠷᠬᠠᠭᠠᠵᠠᠢ᠃ ᠨᠠᠰᠤᠲᠠᠨ ᠤ ᠡᠷᠡᠭᠦᠯᠵᠢᠯ ᠤᠨ ᠬᠦᠷᠢᠶᠡᠯᠡᠩ ᠤᠷᠤᠵᠤ ᠰᠠᠭᠤᠬᠤ | ᠨᠦᠬᠦᠴᠡᠯ ᠢᠶᠠᠷ ᠬᠦᠷᠴᠡᠢ᠃ ᠪᠦᠬᠦ ᠵᠢᠯ ᠳᠤ 454 ᠲᠦᠮᠡᠨ ᠲᠦᠭᠦᠷᠢᠭ ᠤᠨ ᠠᠰᠠᠷᠠᠨ ᠲᠡᠳᠬᠦᠬᠦ ᠪᠡᠯᠡ ᠮᠦᠩᠭᠦ | ᠲᠠᠷᠬᠠᠭᠠᠵᠠᠢ᠃ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠠᠬᠢᠪᠠ᠃ ᠵᠢᠨᠱᠠᠨ ᠭᠤᠷᠪᠠᠳᠤᠭᠠᠷ ᠬᠡᠤᠬᠡᠳ ᠤᠨ | ᠴᠡᠴᠡᠷᠯᠢᠭ᠂ ᠷᠧᠨ ᠳ᠋ᠧ ᠪᠠᠭ᠎ᠠ ᠰᠤᠷᠭᠠᠭᠤᠯᠢ᠂ ᠨᠠᠷᠢᠨ ᠮᠤᠩᠭᠤᠯ ᠦᠨᠳᠦᠰᠦᠲᠡᠨ ᠤ ᠲᠤᠷᠰᠢᠯᠲᠠ ᠶᠢᠨ ᠳᠤᠮᠳᠠᠳᠤ | ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠭᠤᠣᠯ ᠴᠤᠭᠴᠠ ᠶᠢᠨ ᠪᠠᠷᠢᠯᠭ᠎ᠠ ᠳᠠᠭᠤᠰᠴᠠᠢ᠃ | ᠤᠯᠠᠭᠠᠨᠬᠠᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ ᠶᠢᠨ ᠲᠤᠷᠰᠢᠯᠲᠠ ᠶᠢᠨ ᠠᠰᠠᠷ᠂ ᠵᠢᠨᠱᠠᠨ | ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠨᠢ ᠬᠡᠷᠡᠭᠯᠡᠯᠲᠡ ᠤᠷᠤᠵᠠᠢ᠃ | 33 ᠦᠨᠳᠦᠰᠦᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠡᠢ᠃ ᠠᠯᠪᠠᠨ ᠵᠢᠷᠤᠮ ᠤᠨ ᠰᠤᠷᠭᠠᠨ ᠬᠦᠮᠦᠵᠢᠯ ᠲᠡᠩᠴᠡᠭᠦᠨ ᠢᠶᠠᠷ | ᠬᠥᠭᠵᠢᠬᠦ ᠶᠢ ᠯᠠᠪᠳᠠᠭᠤᠨ ᠠᠬᠢᠭᠤᠯᠵᠤ᠂ ︽ ᠬᠦᠮᠦᠨ ᠤᠯᠠᠨ ᠠᠩᠭᠢ︾ ᠶᠢᠨ ᠠᠰᠠᠭᠤᠳᠠᠯ ᠨᠠᠮᠳᠠᠵᠠᠢ᠃ ᠪᠦᠬᠦ | ᠬᠤᠰᠢᠭᠤᠨ ᠤ ᠶᠡᠭᠡ ᠰᠤᠷᠭᠠᠭᠤᠯᠢ ᠳᠤ ᠰᠢᠯᠭᠠᠬᠤ ᠰᠢᠯᠭᠠᠯᠲᠠ ᠶᠢᠨ ᠬᠢᠷᠢ ᠪᠦᠲᠦᠮᠵᠢ ᠪᠦᠬᠦ ᠬᠤᠳᠠ ᠳᠤ | ᠤᠷᠤᠶᠢᠯᠠᠵᠠᠢ᠃ ᠰᠤᠷᠭᠠᠭᠤᠯᠢ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠰᠢᠨ᠎ᠡ ᠪᠠᠶᠢᠷᠢᠰᠢᠯ ᠢ | ᠲᠤᠭᠲᠠᠭᠠᠬᠤ ᠭᠠᠷ ᠭᠦᠢᠴᠡᠳᠬᠡᠯ ᠢ ᠬᠢᠵᠦ ᠭᠠᠵᠠᠷ ᠲᠡᠭᠰᠢᠯᠡᠬᠦ ᠠᠵᠢᠯ ᠡᠬᠢᠯᠡᠵᠡᠢ᠃ ᠮᠡᠶᠢᠷᠡᠨ ᠭᠤᠤ᠂ ᠸᠠᠩ ᠤᠨ | ᠬᠤᠷᠤᠭ᠎ᠠ᠂ ᠡᠮᠡᠭᠡᠯ ᠠᠭᠤᠯᠠ᠂ ᠶᠦᠩ ᠹᠧᠩ ᠵᠡᠷᠭᠡ 4 ᠰᠠᠭᠤᠷᠢ ᠰᠢᠶᠠᠩ ᠪᠠᠯᠭᠠᠰᠤᠨ ᠤ ᠡᠮᠨᠡᠯᠭᠡ ᠶᠢᠨ | ᠬᠤᠷᠢᠶᠠᠨ ᠤ ᠦᠭᠡᠷᠡᠴᠢᠯᠡᠨ ᠵᠠᠰᠠᠬᠤ ᠲᠦᠰᠦᠪ ᠢ ᠪᠡᠶᠡᠯᠡᠭᠦᠯᠵᠡᠢ᠃ ᠤᠯᠤᠰ ᠤᠨ ᠤᠳᠠᠭᠠᠨ ᠴᠢᠨᠠᠷᠲᠠᠢ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠤᠭᠤᠷᠢᠭ᠂ ᠦᠪᠡᠷᠲᠡᠭᠡᠨ ᠵᠠᠰᠠᠬᠤ ᠤᠷᠤᠨ ᠤ ᠡᠷᠡᠭᠦᠯ | ᠬᠠᠮᠠᠭᠠᠯᠠᠯ ᠤᠨ ᠪᠠᠴᠢᠮ ᠢ ᠠᠷᠭᠠᠴᠠᠭᠠᠬᠤ ᠳᠦᠷᠢᠮ ᠦᠵᠡᠭᠦᠯᠬᠦ ᠰᠢᠶᠠᠨ ᠤ ᠲᠠᠬᠢᠨ ᠬᠢᠨᠠᠨ ᠰᠢᠯᠭᠠᠯᠲᠠ ᠶᠢ | ᠦᠩᠭᠡᠷᠡᠭᠦᠯᠪᠡ᠃ ᠤᠯᠠᠭᠠᠨᠮᠦ᠋ᠴᠢᠷ ᠤᠨ ᠪᠠᠷᠢᠮᠵᠢᠶᠠᠲᠤ ᠲᠠᠯᠠᠪᠠᠢ ᠶᠢᠨ ᠪᠠᠶᠢᠭᠤᠯᠤᠯᠲᠠ ᠶᠢ ᠪᠡᠶᠡᠯᠡᠭᠦᠯᠵᠦ᠂ 120 | ᠲᠠᠯᠠᠪᠠᠢ ᠲᠤᠭᠯᠠᠯᠲᠠ ᠭᠠᠷᠭᠠᠵᠠᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭ ᠶᠠᠪᠤᠳᠠᠯ ᠢ ᠰᠡᠷᠭᠡᠶᠢᠯᠡᠨ ᠡᠵᠡᠮᠳᠡᠬᠦ ᠳᠦᠷᠢᠮ ᠪᠠ ᠭᠡᠮ ᠰᠣᠭᠤᠭ ᠢ | ᠪᠠᠶᠢᠴᠠᠭᠠᠬᠤ ᠠᠵᠢᠯ ᠢ ᠬᠦᠴᠦᠲᠡᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ | ᠲᠤᠭᠲᠠᠭᠤᠨ ᠪᠠᠶᠢᠨ᠎ᠠ᠃ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠪᠠᠷᠢᠯᠭ᠎ᠠ ᠡᠬᠢᠯᠡᠵᠦ᠂ ᠤᠶᠤᠨᠴᠢᠯᠠᠭᠰᠠᠨ | ᠡᠯᠧᠺᠲᠷᠣᠨ ᠬᠢᠨᠠᠭᠤᠷ ᠲᠠᠪᠴᠠᠩ ᠠᠰᠢᠭᠯᠠᠯᠲᠠ ᠳᠤ ᠤᠷᠤᠵᠠᠢ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠴᠡᠪᠡᠷᠯᠡᠨ ᠠᠷᠢᠯᠭᠠᠬᠤ ᠲᠡᠮᠡᠴᠡᠯ ᠦᠷᠭᠦᠯᠵᠢᠯᠡᠨ ᠭᠦᠨᠵᠡᠭᠡᠶᠢᠷᠡᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠭᠠᠨ ᠢ | ᠡᠶᠡᠳᠡᠭᠦᠯᠦᠨ ᠨᠠᠮᠳᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠷᠪᠠᠳᠤᠭᠠᠷ ᠬᠤᠭᠤᠴᠠᠭᠠᠨ ᠤ ᠲᠤᠰᠬᠤᠨ ᠤ | ᠵᠥᠪᠯᠡᠯ ᠤᠨ ᠬᠤᠭᠤᠴᠠᠭ᠎ᠠ ᠰᠤᠯᠢᠬᠤ ᠠᠵᠢᠯ ᠢ ᠠᠮᠵᠢᠯᠲᠠ ᠲᠠᠢ ᠪᠡᠶᠡᠯᠡᠭᠦᠯᠵᠡᠢ᠃ | ᠲᠦᠯᠦᠭᠡᠯᠡᠭᠴᠢᠳ ᠡ᠂ ᠥᠩᠭᠡᠷᠡᠭᠰᠡᠨ ᠨᠢᠭᠡᠨ ᠵᠢᠯ ᠳᠤ ᠪᠢᠳᠡ ᠤᠯᠤᠰ ᠲᠦᠷᠥ ᠶᠢᠨ ᠪᠠᠶᠢᠭᠤᠯᠤᠯᠲᠠ ᠶᠢ | ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠥᠪ ᠬᠤᠷᠢᠶᠠᠨ ᠤ ᠨᠠᠢᠮᠠᠨ ᠵᠣᠷᠪᠤᠰ ᠲᠤᠭᠲᠠᠭᠠᠯ ᠤᠨ | ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠤᠷᠤᠨ᠂ ᠬᠤᠳᠠ ᠬᠤᠰᠢᠭᠤ ᠶᠢᠨ ᠢᠵᠢ ᠪᠦᠷᠢᠳᠬᠦ ᠲᠤᠭᠲᠠᠭᠠᠯ ᠢ | ᠴᠢᠩᠭ᠎ᠠ ᠬᠡᠷᠡᠭᠵᠢᠭᠦᠯᠵᠦ᠂ ︽ ᠳᠥᠷᠪᠡᠨ ᠰᠤᠷᠲᠠᠯ︾ ᠢ ᠡᠭᠦᠷᠢᠳᠡ ᠴᠡᠭᠴᠡᠯᠡᠨ ᠵᠠᠰᠠᠵᠤ᠂ ᠵᠠᠰᠠᠭ ᠤᠨ | ᠤᠷᠳᠤᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠪᠠ᠃ ᠬᠠᠤᠯᠢ ᠶᠤᠰᠤᠭᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ | ᠬᠢᠨᠠᠯᠲᠠ ᠪᠠ ᠠᠵᠢᠯ ᠤᠨ ᠬᠢᠨᠠᠯᠲᠠ ᠶᠢ ᠬᠦᠯᠢᠶᠡᠵᠦ᠂ ᠤᠯᠤᠰ ᠲᠦᠷᠥ ᠶᠢᠨ ᠵᠥᠪᠯᠡᠯᠭᠡᠨ ᠤ ᠠᠷᠠᠳᠴᠢᠯᠠᠯ ᠤᠨ | ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠡᠢ᠃ ᠠᠷᠠᠳ ᠤᠨ | ᠲᠦᠯᠦᠭᠡᠯᠡᠭᠴᠢᠳ ᠶᠢᠨ ᠰᠠᠨᠠᠯ ᠰᠠᠨᠠᠭᠤᠯᠭ᠎ᠠ ᠶᠢ 89 ᠂ ᠤᠯᠤᠰ ᠲᠦᠷᠥ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ 153 ᠬᠦᠯᠢᠶᠡᠨ ᠠᠪᠴᠤ ᠰᠢᠢᠳᠪᠦᠷᠢᠯᠡᠵᠡᠢ᠃ ᠲᠤᠭᠲᠠᠭᠰᠠᠨ ᠬᠤᠭᠤᠴᠠᠭᠠᠨ ᠳᠠᠭᠠᠨ | ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠵᠡᠢ᠃ ᠦᠨᠳᠦᠰᠦᠲᠡᠨ | ᠱᠠᠰᠢᠨ ᠰᠤᠷᠲᠠᠬᠤᠨ᠂ ᠰᠢᠨᠵᠢᠯᠡᠬᠦ ᠮᠡᠷᠭᠡᠵᠢᠯ ᠴᠠᠭ ᠠᠭᠤᠷ᠂ ᠬᠢᠨᠠᠨ ᠪᠣᠳᠣᠯᠲᠠ ᠲᠤᠭ᠎ᠠ ᠪᠦᠷᠢᠳᠬᠡᠯ᠂ ᠳᠠᠩᠰᠠ | ᠡᠪᠬᠡᠮᠡᠯ ᠲᠡᠤᠬᠡ ᠤᠶᠢᠯᠠᠯᠭ᠎ᠠ ᠵᠡᠷᠭᠡ ᠠᠵᠢᠯ ᠦᠷ᠎ᠡ ᠪᠦᠲᠦᠮᠵᠢ ᠰᠠᠶᠢᠨ᠃ ᠡᠮᠡᠭᠲᠡᠶᠢᠴᠦᠳ ᠬᠡᠤᠬᠡᠳ᠂ | ᠨᠠᠰᠤᠲᠠᠶᠢᠴᠤᠳ᠂ ᠵᠡᠮᠳᠡᠭ᠂ ᠤᠯᠠᠭᠠᠨ ᠵᠠᠭᠠᠯᠮᠠᠶᠢᠲᠤ ᠵᠡᠷᠭᠡ ᠠᠵᠢᠯ ᠦᠢᠯᠡᠰ ᠨᠢ ᠰᠢᠨ᠎ᠡ ᠠᠬᠢᠯᠲᠠ ᠲᠠᠢ ᠪᠤᠯᠵᠠᠢ᠃ | ᠪᠢᠳᠡ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠲᠠ ᠪᠠᠰᠠ ᠪᠠᠭ᠎ᠠ ᠪᠤᠰᠤ | ᠬᠦᠴᠢᠷᠳᠡᠯ ᠪᠠᠭ᠎ᠠ ᠠᠰᠠᠭᠤᠳᠠᠯ ᠤᠷᠤᠰᠢᠵᠤ ᠪᠠᠶᠢᠬᠤ ᠶᠢ ᠰᠡᠷᠭᠡᠭ ᠲᠤ ᠲᠠᠨᠢᠬᠤ ᠬᠡᠷᠡᠭᠲᠡᠢ᠃ | |