| ᠬᠤᠶᠠᠷ᠂ 2019 ᠣᠨ ᠤ ᠠᠵᠢᠯ ᠤᠨ ᠲᠤᠬᠢᠷᠠᠭᠤᠯᠤᠯᠲᠠ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠶᠢᠰᠦᠳᠦᠭᠡᠷ ᠪᠦᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠲᠠᠭᠤᠨ ᠤ ᠳᠤᠮᠲᠠ ᠤᠷᠤᠭᠰᠢᠯᠠᠬᠤ ᠶᠡᠷᠦᠩᠬᠡᠢ ᠬᠦᠩ | ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ᠂ ᠦᠨᠳᠦᠷ ᠴᠢᠨᠰᠠᠭ᠎ᠠ ᠲᠠᠢ ᠬᠥᠭᠵᠢᠯᠲᠡ ᠶᠢ | ᠠᠬᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠰᠢᠵᠢᠮ | ᠪᠤᠯᠭᠠᠬᠤ ᠶᠢ ᠪᠠᠷᠢᠮᠲᠠᠯᠠᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠵᠦ᠂ ᠲᠣᠭᠲᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠳᠤ ᠲᠤᠬᠢᠷᠠᠭᠤᠯᠤᠯᠲᠠ | ᠬᠢᠬᠦ᠂ ᠠᠷᠠᠳ ᠲᠤ ᠠᠰᠢᠭᠲᠠᠢ ᠶᠠᠪᠤᠳᠠᠯ ᠬᠢᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠶᠢ ᠨᠢᠳᠬᠡᠨ | ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠬᠥᠭᠵᠢᠯᠲᠡ ᠶᠢ ᠲᠦᠯᠬᠢᠨ | ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠪᠠᠨ ᠤᠭᠲᠤᠨ᠎ᠠ᠃ | ᠡᠨᠡ ᠵᠢᠯ ᠤᠨ ᠬᠥᠭᠵᠢᠯᠲᠡ ᠶᠢᠨ ᠭᠤᠣᠯ ᠲᠦᠰᠦᠪ ᠬᠠᠷᠠᠯᠲᠠ ᠪᠣᠯ᠄ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠤᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ | ᠡᠳ᠋ ᠤᠨ ᠵᠠᠰᠠᠭ ᠤᠨ ᠣᠷᠣᠯᠭ᠎ᠠ ᠶᠢ 6% ᠤᠷᠴᠢᠮ ᠨᠡᠮᠡᠭᠳᠡᠭᠦᠯᠦᠨ᠎ᠡ᠃ ᠲᠤᠭᠲᠠᠮᠠᠯ ᠬᠥᠷᠦᠩᠭᠡ ᠶᠢᠨ ᠪᠡᠯᠡ | ᠤᠷᠤᠭᠤᠯᠤᠯᠲᠠ ᠶᠢ 11% ᠤᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠡᠳ᠋ ᠢ ᠵᠢᠵᠢᠭᠯᠡᠨ ᠪᠤᠷᠤᠯᠠᠭᠤᠯᠬᠤ | ᠶᠡᠷᠦᠩᠬᠡᠢ ᠬᠡᠮᠵᠢᠶ᠎ᠡ ᠶᠢ 7.5% ᠤᠷᠴᠢᠮ ᠨᠡᠮᠡᠭᠳᠡᠭᠦᠯᠵᠦ᠂ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ | ᠬᠦᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠪᠦᠷᠢ 7.5% ᠪᠠ 9% ᠤᠷᠴᠢᠮ | ᠨᠡᠮᠡᠭᠳᠡᠭᠦᠯᠦᠨ᠎ᠡ᠃ | ᠳᠡᠭᠡᠷᠡᠬᠢ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠤᠭᠤᠷᠢᠨ ᠳᠤ᠂ ᠳᠤᠤᠷᠠᠬᠢ ᠵᠢᠷᠭᠤᠭᠠᠨ ᠵᠦᠢᠯ ᠤᠨ | ᠭᠤᠤᠯᠳᠠᠯᠭ᠎ᠠ ᠲᠠᠢ ᠠᠵᠢᠯ ᠢ ᠬᠢᠬᠦ ᠬᠡᠷᠡᠭᠲᠡᠢ᠃ | ( ᠨᠢᠭᠡ) ︽ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠢ ᠦᠷᠭᠦᠯᠵᠢᠯᠡᠨ ᠰᠠᠶᠢᠲᠤᠷ ᠬᠢᠬᠦ | ᠬᠡᠷᠡᠭᠲᠡᠢ᠃ | ᠤᠨᠤᠪᠴᠢᠲᠠᠢ ᠪᠠᠷ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠬᠦ ᠬᠡᠷᠡᠭᠲᠡᠢ᠃ ᠡᠨᠡ ᠵᠢᠯ ᠳᠤ 3026 ᠨᠡᠷ᠎ᠡ ᠶᠠᠳᠠᠭᠤ ᠬᠦᠮᠦᠨ ᠠᠮᠠ ᠶᠢ ᠶᠠᠳᠠᠭᠤ ᠠᠴᠠ ᠨᠢ ᠠᠩᠭᠢᠵᠢᠷᠠᠭᠤᠯᠤᠨ᠎ᠠ | ᠃ ᠬᠥᠳᠡᠯᠦᠩᠭᠦᠢ ᠬᠢᠨᠠᠨ ᠪᠠᠶᠢᠴᠠᠭᠠᠬᠤ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠦᠷ᠎ᠡ ᠪᠦᠲᠦᠭᠡᠯ ᠢ ᠪᠠᠲᠤᠳᠬᠠᠨ᠎ᠠ᠃ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ | ᠬᠠᠮᠵᠢᠯᠴᠠᠭ᠎ᠠ ᠶᠢᠨ 8 ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠡᠯᠡ ᠮᠦᠩᠭᠦ ᠶᠢᠨ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃ | ᠲᠤᠮᠤ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ | ᠬᠢᠬᠦ ᠬᠡᠷᠡᠭᠲᠡᠢ᠃ ᠰᠢᠨ᠎ᠡ ᠲᠦᠷᠦᠯ ᠵᠦᠢᠯ ᠤᠨ ᠥᠷᠢ ᠥᠭᠴᠡᠭᠡ ᠶᠢᠨ ᠲᠦᠭᠰᠢᠭᠦᠷᠢ ᠶᠢ ᠦᠨᠡᠯᠡᠵᠦ᠂ ᠬᠢᠨᠠᠨ | ᠵᠥᠪᠰᠢᠶᠡᠷᠡᠬᠦ ᠶᠠᠪᠤᠴᠠ ᠶᠢ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ ᠤᠨ ᠲᠦᠰᠦᠪ ᠲᠤᠬᠢᠷᠠᠭᠤᠯᠬᠤ᠂ | ᠪᠠᠶᠢᠬᠤ ᠬᠥᠷᠦᠩᠭᠡ ᠪᠠᠨ ᠠᠮᠢᠵᠢᠷᠠᠭᠤᠯᠬᠤ᠂ ︽ ᠭᠤᠷᠪᠠᠨ ᠠᠯᠪᠠᠨ︾ ᠤ ᠵᠠᠷᠣᠳᠠᠯ ᠢ ᠪᠠᠭᠠᠰᠬᠠᠬᠤ᠂ ᠭᠠᠵᠠᠷ | ᠰᠢᠷᠤᠢ ᠶᠢ ᠲᠤᠬᠢᠷᠠᠮᠵᠢᠲᠠᠢ ᠠᠰᠢᠭᠯᠠᠬᠤ ᠵᠡᠷᠭᠡ ᠠᠷᠭ᠎ᠠ ᠬᠡᠮᠵᠢᠶ᠎ᠡ ᠪᠠᠷ ᠵᠠᠰᠠᠭ ᠤᠨ ᠤᠷᠳᠤᠨ ᠤ 8.67 ᠳ᠋ᠦᠩᠰᠢᠭᠤᠷ | ᠲᠦᠭᠦᠷᠢᠭ ᠤᠨ ᠥᠷᠢ ᠥᠭᠴᠡᠭᠡ ᠶᠢ ᠦᠭᠡᠶᠢᠰᠬᠡᠨ᠎ᠡ᠃ ᠡᠳ᠋ ᠤᠨ ᠵᠠᠰᠠᠭ ᠤᠨ ᠲᠤᠰᠬᠠᠢ ᠪᠡᠯᠡ ᠮᠦᠩᠭᠦ᠂ | ᠲᠦᠷᠥ ᠶᠢᠨ ᠪᠣᠳᠣᠯᠭ᠎ᠠ ᠶᠢᠨ ᠴᠢᠨᠠᠷᠲᠠᠢ ᠵᠢᠭᠡᠯᠡᠯᠭᠡ᠂ ᠭᠠᠵᠠᠷ ᠤᠷᠤᠨ ᠤ ᠵᠢᠭᠡᠯᠡᠯᠭᠡ ᠶᠢᠨ ᠲᠡᠮᠳᠡᠭ ᠵᠡᠷᠭᠡ ᠶᠢ | ᠢᠳᠡᠪᠬᠢᠲᠡᠢ ᠤᠯᠵᠣ᠂ ᠰᠢᠯᠢᠳᠡᠭ ᠭᠠᠶᠢᠯᠢ ᠶᠢᠨ ᠢᠷᠡᠯᠲᠡ ᠶᠢ ᠪᠤᠶᠢᠵᠢᠭᠤᠯᠤᠨ᠂ ᠭᠤᠤᠯᠳᠠᠯᠭ᠎ᠠ ᠲᠠᠢ ᠲᠦᠷᠥᠯ | ᠵᠦᠢᠯ ᠳᠤ ᠪᠡᠯᠡ ᠮᠦᠩᠭᠦ ᠶᠢᠨ ᠪᠠᠲᠤᠯᠠᠭ᠎ᠠ ᠬᠠᠩᠭᠠᠨ᠎ᠠ᠃ | ᠪᠤᠬᠢᠷᠳᠠᠯ ᠢ ᠰᠡᠷᠭᠡᠶᠢᠯᠡᠨ ᠵᠠᠰᠠᠬᠤ ᠳᠠᠶᠢᠯᠠᠯᠳᠤᠭᠠᠨ ᠢ ᠦᠷᠭᠦᠯᠵᠢᠯᠡᠨ ᠬᠢᠨ᠎ᠡ᠃ ᠲᠥᠪ ᠦᠪᠡᠷᠲᠡᠭᠡᠨ ᠵᠠᠰᠠᠬᠤ | ᠤᠷᠤᠨ ᠤ ᠬᠠᠷᠢᠭᠤ ᠳᠤᠰᠬᠠᠭᠰᠠᠨ ᠰᠠᠨᠠᠯ ᠢ ᠪᠦᠬᠦ ᠬᠦᠴᠦᠨ ᠢᠶᠠᠷ ᠢᠶᠠᠨ ᠵᠠᠰᠠᠨ ᠦᠭᠡᠷᠡᠴᠢᠯᠡᠵᠦ᠂ ᠠᠮᠢ ᠠᠬᠤᠢ | ᠬᠠᠮᠠᠭᠠᠯᠠᠯᠲᠠ ᠶᠢᠨ ︽4+2︾ ᠲᠤᠰᠬᠠᠢ ᠠᠵᠢᠯᠯᠠᠭᠠᠨ ᠢ ᠯᠠᠪᠳᠠᠭᠤᠨ ᠪᠠᠲᠤᠲᠠᠢ ᠦᠷᠨᠢᠭᠦᠯᠦᠨ᠎ᠡ᠃ ᠵᠢᠨᠱᠠᠨ | ᠪᠠᠯᠭᠠᠰᠤᠨ ᠤ ᠤᠶᠢᠷ᠎ᠠ ᠬᠠᠪᠢ ᠪᠠ ᠾᠧ ᠮᠧᠢ ᠬᠦᠷᠢᠶᠡᠯᠡᠩ ᠤᠨ ᠤᠶᠢᠷ᠎ᠠ ᠬᠠᠪᠢ ᠶᠢᠨ 1500 ᠰᠢᠲᠠᠭᠠᠯᠭ᠎ᠠ ᠶᠢᠨ | ᠵᠤᠤᠬ᠎ᠠ ᠶᠢ ᠦᠭᠡᠷᠡᠴᠢᠯᠡᠨ ᠵᠠᠰᠠᠨ᠎ᠠ᠃ ᠭᠤᠣᠯ ᠤᠨ ᠳᠠᠷᠤᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ | ᠯᠠᠤᠬ᠎ᠠ ᠶᠢᠨ ᠭᠤᠣᠯ ᠤᠨ ᠳᠡᠭᠡᠷ᠎ᠡ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠤᠷᠴᠢᠨ ᠲᠤᠭᠤᠷᠢᠨ ᠤ | ᠴᠡᠭᠴᠡᠯᠡᠨ ᠵᠠᠰᠠᠬᠤ ︽ ᠭᠤᠷᠪᠠᠨ ᠵᠢᠯ ᠤᠨ ᠠᠵᠢᠯᠠᠭᠠᠨ ᠤ ᠲᠦᠰᠦᠪ︾ ᠢ ᠬᠡᠷᠡᠭᠵᠢᠭᠦᠯᠦᠨ᠎ᠡ᠃ 45 | ᠠᠭᠤᠷᠬᠠᠢ ᠶᠢᠨ ᠲᠤᠭᠤᠷᠢᠭ ᠤᠨ ᠬᠦᠷᠦᠰᠦ ᠰᠢᠷᠤᠢ ᠶᠢᠨ ᠪᠤᠬᠢᠷᠳᠠᠯ ᠢ ᠵᠠᠰᠠᠬᠤ ᠪᠠ ᠠᠶᠤᠯᠲᠤ ᠬᠠᠶᠠᠭᠳᠠᠮᠠᠯ ᠪᠤᠳᠠᠰ ᠢ | ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ | ᠮᠠᠯᠵᠢᠬᠤ ᠶᠢ ᠬᠤᠷᠢᠭᠯᠠᠬᠤ ᠠᠵᠢᠯ ᠢ ᠠᠳᠬᠤᠵᠤ᠂ ᠪᠡᠭᠡᠵᠢᠩ ᠲᠠᠶᠠᠨᠵᠢᠨ ᠤ ᠡᠯᠡᠰᠦᠨ ᠤ ᠰᠤᠷᠪᠤᠯᠵᠢ ᠶᠢ 5000 | ᠮᠤ᠋ ᠵᠠᠰᠠᠨ᠎ᠠ᠃ | ( ᠬᠤᠶᠠᠷ )ᠠᠵᠤ ᠠᠬᠤᠢ ᠶᠢᠨ ᠦᠨᠳᠦᠷ ᠴᠢᠨᠰᠠᠭᠠᠲᠦ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ᠠᠬᠢᠴᠠ ᠶᠢ ᠲᠦᠷᠭᠡᠳᠬᠡᠨ᠎ᠡ᠃ | ᠤᠯᠠᠭᠠᠨᠬᠠᠳᠠ ᠶᠢᠨ ᠶᠦᠨ ᠲᠦᠩ 40 ᠲᠦᠮᠡᠨ ᠲᠤᠨ ᠤ ᠭᠠᠤᠯᠢ ᠪᠤᠯᠪᠠᠰᠤᠷᠠᠭᠤᠯᠬᠤ᠂ ᠳ᠋ᠦᠩ ᠶᠦᠸᠧ ᠹᠯᠤᠷ | ᠬᠢᠮᠢ ᠶᠢᠨ ᠦᠢᠯᠡᠳᠪᠦᠷᠢ ᠨᠢ ᠬᠤᠳᠠ ᠠᠴᠠ ᠭᠠᠷᠴᠤ ᠬᠦᠷᠢᠶᠡᠯᠡᠩ ᠲᠤᠭᠤᠷᠢᠭ ᠲᠤ ᠤᠷᠤᠵᠣ ᠦᠷᠭᠡᠳᠬᠡᠨ | ᠪᠠᠶᠢᠭᠤᠯᠬᠤ᠂ ᠶᠤᠸᠠᠨ ᠬᠠᠩ ᠱᠦᠢᠨᠢ ᠬᠤᠳᠠ ᠠᠴᠠ ᠭᠠᠷᠴᠤ ᠬᠦᠷᠢᠶᠡᠯᠡᠩ ᠳᠤ ᠣᠷᠤᠬᠤ᠂ ᠵᠢᠯ ᠳᠤ 200 | ᠲᠦᠮᠡᠨ ᠪᠤᠰᠤᠭ᠎ᠠ ᠳᠦᠷᠪᠡᠯᠵᠢᠨ ᠮᠧᠲᠷ ᠱᠦᠢᠨᠢ ᠦᠢᠯᠡᠳᠪᠦᠷᠢᠯᠡᠬᠦ᠂ ᠵᠦᠩ ᠰᠢᠩ ᠵᠢᠯ ᠳᠤ200 ᠲᠦᠮᠡᠨ | ᠪᠤᠰᠤᠭ᠎ᠠ ᠳᠦᠷᠪᠡᠯᠵᠢᠨ ᠮᠧᠲᠷ ᠪᠠᠷᠢᠯᠭ᠎ᠠ ᠶᠢᠨ ᠮᠠᠲ᠋ᠧᠷᠢᠶᠠᠯ᠂ ᠪᠦᠬᠦ ᠬᠤᠰᠢᠭᠤᠨ ᠤ ᠪᠤᠰᠤᠭ᠎ᠠ ᠵᠤᠤᠬ᠎ᠠ ᠳᠤ | ᠴᠣᠬᠤᠢ ᠰᠢᠲᠠᠭᠠᠬᠤ ᠶᠢ ᠦᠭᠡᠷᠡᠴᠢᠯᠡᠬᠦ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃ ᠨᠢᠦ ᠵᠢᠶᠠ ᠶᠢᠩᠽᠢ ᠶᠢᠨ | ᠠᠵᠤ ᠦᠢᠯᠡᠳᠪᠦᠷᠢ ᠶᠢ ᠰᠢᠯᠵᠢᠭᠦᠯᠬᠦ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠬᠢᠵᠦ | ᠂ ᠳ᠋ᠠ ᠭᠤᠸᠠᠩ ᠬᠤᠷᠳᠤᠨ ᠤ ᠵᠠᠮ ᠤᠨ ᠨᠢᠦ ᠵᠢᠶᠠ ᠶᠢᠩᠽᠢ ᠳᠠᠬᠢ ᠨᠡᠪᠲᠡᠷᠡᠯᠴᠡᠭᠡ᠂206 ᠮᠤᠵᠢ ᠶᠢᠨ ᠵᠠᠮ ᠤᠨ | ᠭᠠᠵᠠᠷ ᠳᠤᠤᠷᠠᠬᠢ ᠤᠰᠤᠨ ᠵᠠᠮ ᠵᠢᠴᠢ ᠳ᠋ᠠ ᠦᠵᠦᠮᠦ᠋ᠴᠢᠨ ᠬᠡᠰᠡᠭ ᠤᠨ 9 ᠺᠢᠯᠣᠮᠧᠲᠷ ᠵᠠᠮ ᠤᠨ ᠨᠢᠭᠡᠳᠦᠭᠡᠷ | ᠳᠡᠰ ᠤᠨ ᠵᠠᠮ ᠪᠤᠯᠭᠠᠨ ᠦᠭᠡᠷᠡᠴᠢᠯᠡᠨ᠎ᠡ᠃ | ᠤᠳᠤᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠨ᠎ᠡ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠠᠵᠤ ᠦᠢᠯᠡᠰ ᠤᠨ | ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠦᠨ᠎ᠡ᠃ ᠡᠨᠡ ᠵᠢᠯ ᠲᠦᠬᠦᠭᠡᠷᠦᠮᠵᠢᠲᠦ ᠲᠠᠷᠢᠶᠠᠯᠠᠩ 1 ᠲᠦᠮᠡᠨ ᠮᠤ᠋ | ᠂ ᠠᠵᠤ ᠠᠬᠤᠢ ᠶᠢᠨ ᠤᠢ 8000 ᠮᠤ᠋ ᠨᠡᠮᠡᠭᠳᠡᠭᠦᠯᠵᠦ᠂ 4.8 ᠲᠦᠮᠡᠨ ᠮᠤ᠋ ᠤᠯᠠᠮᠵᠢᠯᠠᠯᠲᠤ ᠲᠠᠷᠢᠶᠠᠯᠠᠬᠤ | ᠡᠷᠳᠡᠨᠢ ᠰᠢᠰᠢ ᠶᠢᠨ ᠲᠠᠷᠢᠶᠠᠯᠠᠩ ᠢ ᠬᠠᠰᠤᠵᠤ᠂ ᠤᠨᠴᠠᠯᠢᠭᠲᠤ ᠲᠠᠷᠢᠮᠠᠯ ᠤᠨ ᠲᠠᠯᠠᠪᠠᠢ ᠶᠢ 33 ᠲᠦᠮᠡᠨ ᠮᠤ᠋ | ᠪᠠᠶᠢᠬᠤ ᠶᠢ ᠪᠠᠲᠤᠯᠠᠨ᠎ᠠ᠃ ᠬᠤᠨᠢ ᠶᠢ ᠲᠤᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ ᠂ ᠭᠠᠭ᠋ᠠᠢ ᠶᠢ | ᠲᠤᠭᠲᠠᠪᠤᠷᠢᠵᠢᠭᠤᠯᠵᠤ ᠨᠤᠭᠤᠰᠤ ᠭᠠᠯᠠᠭᠤ ᠶᠢ ᠨᠡᠮᠡᠭᠳᠡᠭᠦᠯᠬᠦ ᠲᠦᠰᠦᠪ ᠢ ᠬᠡᠷᠡᠭᠵᠢᠭᠦᠯᠵᠦ᠂ ᠲᠦᠬᠦᠭᠡᠷᠡᠮᠵᠢᠲᠦ | ᠲᠡᠵᠢᠭᠡᠨ ᠦᠷᠡᠵᠢᠭᠦᠯᠬᠦ ᠲᠤᠭᠤᠷᠢᠭ ᠢ 15 ᠰᠠᠭᠤᠷᠢ ᠪᠠᠶᠢᠭᠤᠯᠤᠨ᠂ ᠮᠠᠯ ᠲᠡᠵᠢᠭᠡᠪᠦᠷᠢ ᠶᠢᠨ ᠲᠤᠭ᠎ᠠ ᠶᠢ 120 | ᠲᠦᠮᠡᠨ ᠲᠤᠯᠤᠭᠠᠢ ᠳᠤ ᠲᠤᠭᠲᠠᠪᠤᠷᠢᠵᠢᠭᠤᠯᠤᠨ᠎ᠠ᠃ | ᠪᠦᠬᠦ ᠬᠡᠪᠴᠢᠶᠡᠨ ᠳᠠᠬᠢ ᠵᠢᠭᠤᠯᠴᠢᠯᠠᠯ ᠤᠨ ᠬᠥᠭᠵᠢᠯᠲᠡ ᠶᠢ ᠲᠦᠷᠭᠡᠳᠬᠡᠨ᠎ᠡ᠃ ᠠᠷᠪᠠᠨ ᠳᠦᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠲᠠᠮᠢᠷ ᠤᠨ ᠤᠷᠤᠯᠳᠤᠭᠠᠨ ᠢ ᠪᠦᠬᠦ | ᠬᠦᠴᠦᠨ ᠢᠶᠠᠷ ᠠᠬᠢᠭᠤᠯᠤᠨ᠎ᠠ᠃ ᠠᠭᠤᠯᠠᠨ ᠠᠶᠢᠮᠠᠭ ᠤᠨ ᠰᠡᠯᠡᠭᠦᠴᠡᠯ ᠤᠨ ᠲᠤᠭᠤᠷᠢᠭ᠂ ᠮᠡᠶᠢᠷᠡᠨ ᠤᠯᠠᠨ | ᠤᠯᠤᠰ ᠤᠨ ᠮᠣᠷᠢᠨ ᠤᠷᠤᠯᠳᠤᠭᠠᠨ ᠤ ᠲᠠᠯᠠᠪᠠᠢ᠂ ᠸᠠᠩ ᠶᠧ ᠳ᠋ᠢᠶᠠᠨ ᠤᠯᠠᠨ ᠴᠢᠳᠠᠪᠬᠢᠲᠦ ᠤᠢ ᠰᠢᠭᠤᠢ ᠶᠢᠨ | ᠰᠠᠭᠤᠷᠢᠨ ᠭᠠᠵᠠᠷ ᠤᠨ ᠲᠦᠷᠦᠯ ᠵᠦᠢᠯ ᠵᠡᠷᠭᠡ ᠶᠢᠨ ᠠᠬᠢᠴᠠ ᠶᠢ ᠲᠦᠷᠭᠡᠳᠬᠡᠨ᠎ᠡ᠃ ᠡᠮᠡᠭᠡᠯ ᠠᠭᠤᠯᠠᠨ ᠤ | ᠵᠤᠭᠠᠴᠠᠯ ᠤᠨ ᠭᠠᠵᠠᠷ ᠤᠷᠤᠨ ᠤ ᠰᠠᠭᠤᠷᠢ ᠲᠦᠬᠦᠭᠡᠷᠦᠮᠵᠢ ᠶᠢᠨ ᠳᠡᠰ ᠳᠠᠪᠰᠢᠬᠤ ᠢᠨᠵᠧᠨᠧᠷᠢᠩ ᠢ ᠡᠬᠢᠯᠡᠨ | ᠬᠡᠷᠡᠭᠵᠢᠭᠦᠯᠦᠨ᠎ᠡ᠃ ᠯᠦᠩ ᠱᠠᠨ ᠠᠭᠤᠯᠠᠨ ᠤ ᠬᠠᠯᠠᠭᠤᠨ ᠷᠠᠰᠢᠶᠠᠨ᠂ ᠯᠢᠩ ᠶᠦᠸᠧ ᠽᠢ ᠬᠡᠶᠢᠳ ᠤᠨ | ᠭᠤᠷᠪᠠᠳᠤᠭᠠᠷ ᠬᠤᠭᠤᠴᠠᠭ᠎ᠠ᠂ ᠹᠦ᠋ ᠬᠤᠢ ᠽᠢ ᠬᠡᠶᠢᠳ ᠤᠨ ᠬᠤᠶᠠᠳᠤᠭᠠᠷ ᠬᠤᠭᠤᠴᠠᠭ᠎ᠠ᠂ ᠰᠢᠶᠠᠨ ᠶᠢᠩ ᠽᠢ | ᠬᠡᠶᠢᠳ ᠢ ᠵᠠᠰᠠᠨ ᠰᠡᠯᠪᠢᠬᠦ᠂ ᠸᠠᠩ ᠤᠨ ᠤᠷᠳᠤᠨ ᠤ ᠰᠤᠶᠤᠯ ᠤᠨ ᠠᠭᠤᠯᠠᠭᠳᠠᠬᠤᠨ᠂ ᠨᠠᠢᠮᠠᠨ ᠬᠥᠳᠡᠭᠡ | ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠰᠬᠤᠨ ᠵᠡᠷᠭᠡ ᠲᠦᠷᠦᠯ ᠵᠦᠢᠯ ᠢ ᠰᠠᠶᠢᠲᠤᠷ ᠬᠢᠨ᠎ᠡ᠃ | ( ᠭᠤᠷᠪᠠ)ᠬᠥᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠎ᠠ᠃ | ︽ ᠠᠵᠤ ᠦᠢᠯᠡᠰ ᠬᠥᠭᠵᠢᠨ ᠴᠡᠴᠡᠭᠯᠡᠭᠰᠡᠨ᠂ ᠠᠮᠢ ᠠᠬᠤᠢ ᠲᠤᠬᠢᠷᠠᠮᠵᠢᠲᠠᠢ᠂ ᠪᠤᠯᠪᠠᠰᠤᠨ ᠰᠤᠷᠲᠠᠯ ᠲᠠᠢ᠂ | ᠵᠠᠰᠠᠨ ᠴᠡᠭᠴᠡᠯᠡᠭᠰᠡᠨ ᠨᠢ ᠰᠠᠶᠢᠨ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠢ ᠱᠠᠭᠠᠷᠳᠠᠯᠭ᠎ᠠ ᠪᠠᠷ᠂ | ᠪᠦᠬᠦ ᠬᠤᠰᠢᠭᠤᠨ ᠤ ᠬᠥᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ | ᠲᠦᠰᠦᠪ ᠢ ᠨᠠᠶᠢᠷᠠᠭᠤᠯᠤᠨ ᠲᠤᠭᠲᠠᠭᠠᠵᠤ᠂ ᠦᠪᠡᠷᠲᠡᠭᠡᠨ ᠵᠠᠰᠠᠬᠤ ᠤᠷᠤᠨ ᠤ ᠵᠢᠱᠢᠶ᠎ᠡ ᠦᠵᠡᠭᠦᠯᠬᠦ ᠬᠤᠰᠢᠭᠤ | ᠪᠣᠯᠬᠤ ᠪᠠᠷ ᠴᠢᠷᠮᠠᠶᠢᠨ᠎ᠠ᠃ | ᠨᠢᠭᠡ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠶᠡᠭᠡ ᠬᠦᠴᠦᠨ ᠢᠶᠠᠷ | ᠠᠬᠢᠭᠤᠯᠤᠨ᠎ᠠ᠃ ᠭᠡᠷ ᠪᠦᠯᠢ ᠶᠢᠨ ᠲᠠᠷᠢᠶᠠᠯᠩ ᠤᠨ ᠲᠠᠯᠠᠪᠠᠢ᠂ ᠲᠤᠰᠬᠠᠢ ᠬᠤᠷᠰᠢᠶᠠᠵᠢᠯ ᠵᠡᠷᠭᠡ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠪᠤᠳᠠᠳᠤ ᠴᠤᠭᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠲᠤᠯᠤᠭᠠᠶᠢᠯᠠᠭᠴᠢ | ᠠᠵᠤ ᠠᠬᠤᠶᠢᠯᠠᠯ ᠢ ᠪᠤᠶᠢᠵᠢᠭᠤᠯᠤᠨ᠂ ︽ ᠬᠦᠯᠦᠮᠵᠢ ᠶᠢᠨ ᠪᠠᠶᠢᠰᠢᠩ︾ ᠢ ᠦᠷᠭᠦᠯᠵᠢᠯᠡᠨ ᠴᠡᠪᠡᠷᠯᠡᠨ ᠠᠷᠢᠯᠭᠠᠵᠤ᠂ | ᠤᠳᠤᠬᠢᠴᠢᠯᠠᠭᠰᠠᠨ ᠰᠡᠯᠡᠭᠦᠴᠡᠯ ᠤᠨ ᠲᠠᠷᠢᠶᠠᠯᠩ ᠢ ᠶᠡᠬᠡᠪᠡᠷ ᠬᠥᠭᠵᠢᠭᠦᠯᠦᠨ᠎ᠡ᠃ ᠰᠢᠨ᠎ᠡ ᠬᠡᠯᠪᠡᠷᠢ ᠶᠢᠨ | ᠦᠨᠳᠦᠰᠦᠨ ᠱᠠᠲᠤᠨ ᠤ ᠬᠠᠩᠭᠠᠨ ᠪᠤᠷᠤᠯᠠᠭᠤᠯᠬᠤ ᠬᠤᠷᠰᠢᠶᠠᠵᠢᠯ ᠢ 45 ᠪᠠᠶᠢᠭᠤᠯᠤᠨ᠎ᠠ᠃ | ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭᠠᠨ ᠤ ᠲᠤᠤᠷᠵᠢᠯ ᠤᠨ | ᠪᠠᠶᠢᠭᠤᠯᠤᠯᠲᠠ ᠶᠢ ᠲᠦᠷᠭᠡᠳᠬᠡᠨ᠂ 111 ᠤᠯᠤᠰ ᠤᠨ ᠵᠠᠮ ᠤᠨ ᠰᠢᠶᠤᠤ ᠺᠠ ᠯᠠ ᠠᠴᠠ ᠤᠯᠠᠭᠠᠨᠬᠠᠳᠠ ᠬᠦᠷᠬᠦ 24 | ᠺᠢᠯᠣᠮᠧᠲᠷ ᠤᠨ ᠬᠤᠶᠠᠳᠤᠭᠠᠷ ᠳᠡᠰ ᠤᠨ ᠵᠠᠰᠠᠮᠠᠯ ᠵᠠᠮ᠂ ᠯᠦᠥᠽᠢ ᠳ᠋ᠢᠶᠠᠨ ᠠᠴᠠ ᠫᠢᠩᠵᠤᠸᠠᠩ ᠬᠦᠷᠬᠦ 10 | ᠺᠢᠯᠣᠮᠧᠲᠷ ᠤᠨ ᠨᠢᠭᠡᠳᠦᠭᠡᠷ ᠳᠡᠰ ᠤᠨ ᠵᠠᠰᠠᠮᠠᠯ ᠵᠠᠮ᠂ ᠵᠢᠨᠱᠠᠨ ᠠᠴᠠ ᠨᠠᠨ ᠲᠠᠶᠢᠽᠢ ᠬᠦᠷᠬᠦ 35 ᠺᠢᠯᠣᠮᠧᠲᠷ ᠤᠨ | ᠬᠤᠶᠠᠳᠤᠭᠠᠷ ᠳᠡᠰ ᠤᠨ ᠵᠠᠰᠠᠮᠠᠯ ᠵᠠᠮ ᠪᠠᠷᠢᠯᠭ᠎ᠠ ᠪᠠᠨ ᠡᠬᠢᠯᠡᠵᠦ᠂ ᠲᠤᠸᠠᠨ ᠵᠢᠶᠧ ᠳ᠋ᠢ ᠠᠴᠠ ᠶᠢᠨ ᠵᠢᠶᠠ ᠳ᠋ᠢᠶᠠᠨ | ᠬᠦᠷᠬᠦ᠂ ᠤᠯᠠᠭᠠᠨᠬᠠᠳᠠ ᠴᠤᠶᠠᠩ ᠱᠤᠭᠤᠮ ᠤᠨ ᠬᠠᠷᠠᠴᠢᠨ ᠬᠤᠰᠢᠭᠤᠨ ᠤ ᠬᠡᠰᠡᠭ ᠤᠨ ᠵᠠᠮ ᠤᠨ ᠭᠠᠳᠠᠷᠭᠤ ᠶᠢ | ᠦᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 306 ᠤᠯᠤᠰ ᠤᠨ ᠵᠠᠮ ᠤᠨ ᠨᠢᠭᠡᠳᠦᠭᠡᠷ ᠳᠡᠰ ᠤᠨ | ᠵᠠᠰᠠᠮᠠᠯ ᠵᠠᠮ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠪᠠᠲᠤᠯᠠᠨ᠎ᠠ᠃ ︽ ᠳᠥᠷᠪᠡᠨ ᠰᠠᠶᠢᠨ ᠬᠥᠳᠡᠭᠡ | ᠲᠤᠰᠬᠤᠨ ᠤ ᠵᠠᠮ︾ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 26 ᠺᠢᠯᠣᠮᠧᠲᠷ ᠤᠨ ᠵᠠᠮ ᠤᠨ | ᠭᠠᠳᠠᠷᠭᠤ ᠶᠢ ᠦᠷᠭᠡᠳᠬᠡᠨ᠂ 7 ᠰᠠᠭᠤᠷᠢ ᠬᠠᠭᠤᠷᠠᠢ ᠬᠥᠭᠦᠷᠭᠡ ᠰᠢᠨ᠎ᠡ ᠪᠠᠷ ᠪᠠᠷᠢᠵᠤ᠂ 23 ᠵᠣᠷᠪᠤᠰ 147 | ᠺᠢᠯᠣᠮᠧᠲᠷ ᠤᠨ ᠬᠥᠳᠡᠭᠡ ᠲᠤᠰᠬᠤᠨ ᠤ ᠵᠠᠰᠠᠮᠠᠯ ᠵᠠᠮ ᠤᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ | ᠪᠠᠶᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠶᠠᠩ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ | ᠥᠷᠲᠡᠭᠡ 6᠂ ᠬᠤᠭ ᠨᠣᠪᠰᠢ ᠳᠠᠮᠵᠢᠭᠤᠯᠬᠤ ᠥᠷᠲᠡᠭᠡ 13᠂ ᠬᠤᠭ ᠨᠣᠪᠰᠢ ᠪᠤᠯᠠᠬᠤ ᠲᠠᠯᠠᠪᠠᠢ 2 ᠢ ᠪᠠᠶᠢᠭᠤᠯᠵᠤ᠂ | ᠬᠥᠳᠡᠭᠡ ᠲᠣᠰᠬᠤᠨ ᠤ ᠵᠣᠷᠯᠣᠩ ᠢ 1000 ᠥᠭᠡᠷᠡᠴᠢᠯᠡᠵᠦ᠂ ᠲᠣᠰᠬᠤᠨ ᠤ ᠳᠦᠷᠰᠦ ᠪᠠᠶᠢᠳᠠᠯ ᠢ ᠲᠠᠰᠤᠷᠠᠯᠲᠠ | ᠥᠬᠡᠶ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠤᠷᠲᠤᠮᠵᠢ ᠶᠢᠨ | ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠨ᠎ᠠ᠃ 182 ᠺᠢᠯᠣᠮᠧᠲᠷ ᠳᠣᠤᠷ᠎ᠠ ᠬᠦᠴᠦᠳᠡᠯᠲᠦ | ᠴᠠᠬᠢᠯᠭᠠᠨ ᠲᠦᠭᠡᠭᠡᠬᠦ ᠲᠣᠤᠷ ᠤᠨ ᠰᠢᠨ᠎ᠡ ᠥᠭᠡᠷᠡᠴᠢᠯᠡᠨ ᠪᠠᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠢᠦ᠋ᠢ | ᠯᠦᠩ ᠨᠢᠰᠬᠡᠯ ᠤᠨ ᠪᠠᠭᠤᠳᠠᠯ ᠤᠨ ᠭᠠᠵᠠᠷ ᠰᠢᠷᠣᠢ ᠭᠡᠷ ᠪᠠᠶᠢᠰᠢᠩ ᠲᠠᠲᠠᠪᠤᠷᠢᠯᠠᠬᠤ ᠪᠠ ᠥᠷᠭᠡᠳᠬᠡᠨ ᠪᠠᠢᠭᠤᠯᠬᠤ | ᠪᠠ ᠴᠤᠤᠶᠠᠩ ᠠᠴᠠ ᠤᠯᠠᠭᠠᠨᠬᠠᠳᠠ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ᠶᠢᠨ | ᠪᠦᠲᠦᠭᠡᠨ ᠪᠠᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ | ( ᠳᠥᠷᠪᠡ)ᠬᠤᠲᠠ ᠪᠠᠯᠭᠠᠰᠤᠨ ᠤ ᠪᠦᠲᠦᠭᠡᠨ ᠪᠠᠢᠭᠤᠯᠤᠯᠲᠠ ᠪᠠ ᠬᠠᠮᠢᠶᠠᠷᠤᠯᠲᠠ ᠶᠢ ᠶᠡᠬᠡᠪᠡᠷ ᠴᠢᠩᠭᠠᠳᠬᠠᠨ᠎ᠠ | ᠵᠢᠨᠱᠠᠨ ᠬᠤᠲᠠ ᠶᠢᠨ ᠲᠣᠭᠤᠷᠢᠭ ᠤᠨ ᠳᠠᠭᠠᠭᠠᠴᠠ ᠶᠢ ᠴᠢᠩᠭᠠᠳᠬᠠᠨ᠂ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠲᠣᠭᠤᠷᠢᠭ ᠤᠨ | ᠭᠠᠳᠠᠷ ᠴᠠᠭᠠᠷᠢᠭ ᠵᠠᠮ ᠢ ᠨᠡᠪᠲᠡᠷᠡᠭᠦᠯᠵᠦ᠂ ᠵᠢᠨᠨᠠᠨ ᠶᠡᠭᠡ ᠵᠡᠭᠡᠯᠢ ᠶᠢᠨ ᠵᠡᠭᠦᠨ ᠬᠡᠰᠡᠭ᠂ ᠾᠧ ᠪᠢᠨ ᠬᠤᠶᠢᠲᠤ | ᠵᠡᠭᠡᠯᠢ ᠶᠢᠨ ᠵᠡᠭᠦᠨ ᠬᠡᠰᠡᠭ᠂ ᠵᠢᠨᠴᠢᠶᠤᠤ ᠵᠠᠮ ᠤᠨ ᠡᠮᠦᠨ᠎ᠡ ᠬᠡᠰᠡᠭ᠂ ᠬᠤ᠋ ᠪᠢᠨ ᠶᠠᠪᠠᠭᠠᠨ ᠵᠡᠭᠡᠯᠢ ᠵᠡᠷᠡᠭᠡ 4 | ᠵᠤᠷᠪᠤᠰ ᠵᠡᠭᠡᠯᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠵᠡᠭᠡᠯᠢ ᠶᠢᠨ | ᠠᠷᠤ ᠵᠢᠨᠵᠢᠵᠢᠭ ᠵᠡᠭᠡᠯᠢ ᠭᠤᠳᠤᠮᠵᠢ ᠶᠢ ᠬᠠᠲᠠᠭᠤᠷᠠᠭᠤᠯᠤᠨ ᠭᠡᠷᠡᠯᠲᠦᠭᠦᠯᠬᠦ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠠᠯᠬᠤᠮ ᠠᠯᠬᠤᠮ ᠢᠶᠠᠷ ᠭᠠᠵᠠᠷ ᠤᠨ ᠨᠦᠬᠡ ᠮᠠᠶ᠋ᠢᠭ ᠤᠨ ᠬᠤᠭ ᠨᠣᠪᠰᠢ ᠶᠢᠨ ᠴᠢᠭ ᠢ ᠬᠤᠭ ᠨᠣᠪᠰᠢ | ᠳᠠᠮᠵᠢᠭᠤᠯᠬᠤ ᠥᠷᠲᠡᠭᠡ ᠪᠣᠯᠭᠠᠨ ᠥᠭᠡᠷᠡᠴᠢᠯᠡᠨ ᠪᠠᠢᠭᠤᠯᠤᠨ᠎ᠠ᠃ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ | ᠪᠠᠢᠭᠤᠯᠤᠨ ᠪᠦᠷᠢᠨᠰᠢᠭᠦᠯᠵᠦ᠂ ᠢᠯᠴᠢ ᠬᠠᠩᠭᠠᠬᠤ᠂ ᠤᠰᠤ ᠬᠠᠩᠭᠠᠬᠤ᠂ ᠪᠣᠬᠢᠷ ᠤᠰᠤ ᠶᠢ ᠰᠢᠶᠳᠪᠦᠷᠢᠯᠡᠬᠦ ᠵᠡᠷᠭᠡ | ᠣᠯᠠᠨ ᠨᠡᠶᠢᠲᠡ ᠶᠢᠨ ᠦᠶᠯᠡᠴᠢᠯᠡᠭᠡᠨ ᠤ ᠠᠮᠤᠷ ᠲᠦᠪᠰᠢᠨ ᠠᠵᠢᠯᠯᠠᠭᠠᠨ ᠢ ᠦᠨᠡᠨ ᠬᠦ ᠪᠠᠲᠤᠯᠠᠵᠤ᠂ ᠪᠠᠲᠤᠯᠠᠭ᠎ᠠ ᠶᠢᠨ | ᠴᠢᠳᠠᠪᠤᠷᠢ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠥᠷᠲᠡᠭᠡ ᠶᠢ ᠨᠡᠭᠦᠯᠭᠡᠬᠦ | ᠠᠵᠢᠯ ᠢ ᠡᠬᠢᠯᠡᠭᠦᠯᠵᠦ᠂ ᠭᠤᠣᠯ ᠤᠨ ᠬᠤᠶᠢᠲᠤᠬᠢ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠪᠠᠢᠭᠤᠯᠤᠨ | ᠂ ᠪᠠᠷᠠᠭ᠎ᠠ ᠶᠢᠨ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠪᠠ ᠮᠠᠰᠢᠨᠲᠤ ᠲᠡᠷᠭᠡ ᠰᠡᠯᠪᠢᠨ ᠵᠠᠰᠠᠬᠤ | ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠦᠲᠦᠭᠡᠨ ᠪᠠᠢᠭᠤᠯᠤᠨ᠎ᠠ᠃ ᠵᠢᠨᠱᠠᠨ ᠭᠤᠷᠪᠠᠳᠤᠭᠠᠷ ᠳᠤᠮᠳᠠᠳᠤ | ᠰᠤᠷᠭᠠᠭᠤᠯᠢ ᠶᠢᠨ ᠠᠷᠤ ᠲᠠᠯ᠎ᠠ ᠶᠢᠨ ᠬᠤᠳᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠪᠦᠬᠦ ᠬᠦᠴᠦᠨ | ᠢᠶᠠᠷ ᠢᠶᠠᠨ ᠠᠬᠢᠭᠤᠯᠵᠤ᠂ ᠭᠤᠣᠯ ᠤᠨ ᠬᠥᠪᠡᠭᠡ ᠶᠢᠨ ᠡᠮᠦᠨ᠎ᠡ ᠵᠡᠭᠡᠯᠢ ᠶᠢᠨ ᠪᠠᠷᠠᠭᠤᠨ ᠬᠡᠰᠡᠭ ᠤᠨ ᠵᠠᠮ ᠢ ᠵᠡᠷᠭᠡᠪᠡᠷ | ᠥᠷᠭᠡᠳᠬᠡᠨ᠎ᠡ᠃ ᠵᠢᠨᠱᠠᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠡᠮᠦᠨᠡᠲᠦ ᠲᠠᠯ᠎ᠠ ᠶᠢᠨ ᠬᠤᠲᠠ ᠶᠢᠨ | ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠥᠯᠥᠪᠯᠡᠭᠡ ᠶᠣᠰᠣᠭᠠᠷ ᠠᠯᠬᠤᠮ | ᠬᠤᠪᠢᠶᠠᠨ ᠬᠠᠭᠤᠴᠢᠨ ᠲᠣᠭᠤᠷᠢᠭ ᠢ ᠥᠭᠡᠷᠡᠴᠢᠯᠡᠨ᠎ᠡ᠃ ᠤᠯᠠᠭᠠᠨᠬᠠᠳᠠ ᠶᠢᠨ ᠶᠦᠨ ᠲᠦᠩ ᠪᠣᠯᠤᠨ ᠵᠢᠨᠱᠠᠨ ᠤ | ᠵᠡᠭᠦᠨᠳᠡᠬᠢ ᠵᠠᠯᠭᠠᠯᠳᠤᠭᠰᠠᠨ ᠣᠷᠣᠨ ᠤ ᠬᠥᠭᠵᠢᠯᠲᠡ ᠶᠢᠨ ᠲᠥᠯᠥᠪᠵᠢᠭᠦᠯᠪᠡ ᠶᠢ ᠥᠨᠳᠥᠷ ᠬᠢᠷᠢ ᠬᠡᠮᠵᠢᠶ᠎ᠡ ᠪᠠᠷ | ᠨᠠᠢᠷᠠᠭᠤᠯᠤᠨ ᠵᠣᠬᠢᠶᠠᠵᠤ᠂ ᠰᠣᠶᠣᠯ ᠪᠡᠶ᠎ᠡ ᠲᠠᠮᠢᠷ ᠰᠤᠷᠭᠠᠨ ᠬᠥᠮᠦᠵᠢᠯ ᠡᠮᠨᠡᠯᠭᠡ᠂ ᠣᠨᠴᠠᠯᠢᠭᠲᠤ ᠬᠤᠳᠠᠯᠳᠤᠭ᠎ᠠ᠂ | ᠵᠢᠭᠤᠯᠴᠢᠯᠠᠯ ᠤᠨ ᠦᠢᠯᠡᠴᠢᠯᠡᠭᠡ ᠵᠡᠷᠭᠡ ᠡᠵᠡᠩᠨᠡᠯᠲᠡ ᠶᠢᠨ ᠬᠡᠯᠪᠡᠷᠢ ᠪᠠᠢᠳᠠᠯ ᠢ ᠨᠢᠭᠡ ᠴᠣᠭᠴᠠᠵᠢᠭᠤᠯᠤᠭᠰᠠᠨ | ᠠᠮᠢᠵᠢᠷᠠᠯ ᠤᠨ ᠬᠦᠴᠦᠨ ᠲᠠᠢ ᠰᠢᠨ᠎ᠡ ᠬᠤᠲᠠ ᠲᠣᠭᠤᠷᠢᠭ ᠢ ᠪᠦᠲᠦᠭᠡᠨ ᠪᠠᠢᠭᠤᠯᠤᠨ᠎ᠠ᠃ | ᠬᠤᠲᠠ ᠪᠠᠯᠭᠠᠰᠤᠨ ᠤ ᠨᠠᠷᠠᠯᠢᠭ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ | ᠤᠨ ᠲᠠᠰ ᠤᠨ ᠴᠡᠴᠡᠷᠯᠢᠭ ᠤᠨ ᠰᠢᠶᠠᠨ ᠤ ᠬᠤᠲᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠢᠭᠤᠯᠵᠤ᠂ | ᠡᠮᠦᠨ᠎ᠡ ᠤᠮᠠᠷ᠎ᠠ ᠶᠢᠨ ᠠᠭᠤᠯᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠦᠨ᠂ ᠵᠢᠨᠵᠦ᠋ᠩ ᠶᠡᠭᠡ ᠵᠡᠭᠡᠯᠢ᠂ ᠵᠢᠨᠪᠸᠢ ᠵᠠᠮ᠂ ᠬᠤᠷᠳᠤᠨ ᠤ ᠵᠠᠮ ᠤᠨ ᠵᠡᠭᠦᠨᠰᠢ ᠪᠠᠷᠠᠭᠤᠨᠰᠢ ᠭᠠᠷᠬᠤ | ᠠᠮᠠᠰᠠᠷ ᠤᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠬᠤᠳᠠ ᠲᠣᠭᠤᠷᠢᠭ ᠤᠨ ᠪᠡᠯᠭᠡ ᠲᠡᠮᠳᠡᠭ ᠤᠨ ᠴᠢᠨᠠᠷᠲᠠᠢ | ᠪᠠᠷᠢᠯᠭ᠎ᠠ ᠪᠣᠯᠤᠨ ᠭᠤᠣᠯᠳᠠᠯᠭ᠎ᠠ ᠲᠠᠢ ᠣᠷᠣᠨ ᠪᠦᠰᠡ ᠲᠤ ᠴᠢᠭ ᠬᠡᠯᠪᠡᠷᠢ ᠶᠢᠨ ᠭᠡᠷᠡᠯᠲᠦᠭᠦᠯᠭᠡ ᠬᠢᠨ᠎ᠡ᠃ ᠯᠢᠩ | ᠶᠤᠸᠠᠢ ᠰᠧ ᠰᠦᠮ᠎ᠡ ᠶᠢᠨ ᠴᠡᠴᠡᠷᠯᠢᠭ ᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠨᠠᠷᠢᠯᠢᠭᠵᠢᠭᠤᠯᠬᠤ᠂ | ᠰᠦᠯᠵᠢᠶᠡᠵᠢᠭᠦᠯᠬᠦ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠠᠳᠠᠯ ᠠᠬᠤᠢ ᠶᠢᠨ ᠦᠶᠯᠡᠴᠢᠯᠡᠭᠡᠨ ᠤ | ᠬᠠᠮᠢᠶᠠᠷᠤᠯᠲᠠ ᠶᠢ ᠵᠢᠷᠤᠮᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠲᠠ | ᠶᠢᠨ ᠲᠣᠭᠤᠷᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ | ᠴᠢᠨᠠᠷ ᠢ ᠳᠡᠭᠡᠭᠰᠢᠯᠡᠭᠦᠯᠦᠨ᠎ᠡ᠃ | ᠾᠧ ᠮᠧᠶ ᠬᠦᠷᠢᠶᠡᠯᠡᠩ ᠲᠣᠭᠤᠷᠢᠭ ᠢ ᠨᠡᠭᠡᠭᠡᠨ ᠬᠥᠭᠵᠢᠭᠦᠯᠵᠦ ᠪᠦᠲᠦᠭᠡᠨ ᠪᠠᠢᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ᠤᠯᠠᠭᠠᠨᠬᠠᠳᠠ ᠬᠠᠷᠠᠴᠢᠨ ᠤ ᠬᠤᠲᠠᠴᠢᠯᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ | ᠪᠣᠯᠤᠨ ︽ᠠᠵᠤ ᠦᠢᠯᠡᠰ ᠬᠤᠳᠠ ᠪᠠᠯᠭᠠᠰᠤ ᠬᠦᠮᠦᠨ ᠠᠷᠠᠳ︾ ᠢ ᠠᠭᠤᠰᠤᠯᠴᠠᠭᠤᠯᠤᠨ ᠬᠥᠭᠵᠢᠭᠦᠯᠬᠦ | ᠣᠢᠯᠠᠭᠠᠭᠳᠠᠬᠤᠨ ᠢ ᠪᠠᠷᠢᠮᠲᠠᠯᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠲᠡᠭᠦᠯᠳᠡᠷᠵᠢᠭᠦᠯᠵᠦ᠂ ᠾᠧ ᠮᠧᠢ ᠬᠦᠷᠢᠶᠡᠯᠡᠩ ᠲᠣᠭᠤᠷᠢᠭ ᠤᠨ ᠤᠯᠠᠭᠠᠨᠬᠠᠳᠠ ᠶᠢᠨ ᠬᠤᠲᠠ ᠲᠣᠭᠤᠷᠢᠭ ᠲᠤ ᠪᠦᠬᠦ | ᠲᠠᠯ᠎ᠠ ᠪᠠᠷ ᠠᠭᠤᠰᠤᠯᠴᠠᠵᠤ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠭᠤᠣᠯᠳᠠᠯᠭ᠎ᠠ ᠲᠠᠢ ᠲᠥᠷᠥᠯ ᠵᠦᠢᠯ | ᠤᠨ ᠪᠦᠲᠦᠭᠡᠨ ᠪᠠᠢᠭᠤᠯᠤᠯᠲᠠ ᠶᠢ ᠲᠣᠪᠦ᠋ᠮ᠎ᠠ ᠠᠳᠬᠤᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠡᠮ | ᠡᠮᠨᠡᠯᠭᠡ ᠶᠢᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠾᠧ ᠮᠧᠢ ᠤᠯᠠᠨ ᠤᠯᠤᠰ ᠤᠨ ᠬᠤᠳᠠᠯᠳᠤᠭ᠎ᠠ ᠠᠷᠠᠯᠵᠢᠶᠠᠨ ᠤ ᠬᠤᠳᠠ᠂ ᠲᠤᠰᠬᠠᠢ | ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠵᠡᠷᠭᠡ ᠠᠵᠤ ᠦᠢᠯᠡᠰ ᠤᠨ ᠲᠥᠷᠥᠯ ᠵᠦᠢᠯ ᠤᠨ ᠠᠵᠢᠯ ᠢ ᠡᠬᠢᠯᠡᠭᠦᠯᠦᠨ | ᠪᠠᠢᠭᠤᠯᠬᠤ ᠶᠢ ᠲᠦᠯᠬᠢᠨ ᠠᠬᠢᠭᠤᠯᠵᠤ᠂ ᠾᠧ ᠮᠧᠢ ᠣᠰᠣᠨ ᠬᠤᠳᠠ᠂ ᠮᠠᠰᠢᠨ ᠲᠡᠷᠭᠡᠨ ᠤ ᠠᠷᠠᠯᠵᠢᠶᠠᠨ ᠤ | ᠬᠤᠳᠠ ᠶᠢᠨ ᠬᠤᠶᠠᠳᠤᠭᠠᠷ ᠬᠤᠭᠤᠴᠠᠭ᠎ᠠ ᠶᠢᠨ ᠲᠥᠷᠥᠯ ᠵᠦᠢᠯ ᠢ ᠪᠦᠲᠦᠭᠡᠨ ᠪᠠᠢᠭᠤᠯᠤᠨ ᠡᠵᠡᠩᠨᠡᠬᠦ ᠶᠢ ᠦᠨᠡᠨᠬᠦ | ᠪᠠᠲᠤᠯᠠᠵᠤ᠂ ᠡᠮ ᠡᠮᠨᠡᠯᠭᠡ ᠪᠠᠷᠠᠭᠠᠨ ᠤ ᠭᠦᠢᠯᠭᠡᠭᠡᠨ᠂ ᠡᠯᠧᠺᠳ᠋ᠷᠣᠨ ᠮᠡᠳᠡᠭᠡ ᠵᠠᠩᠭᠢ᠂ ᠠᠳᠠᠯ ᠦᠢᠯᠡᠰ ᠪᠣᠰᠬᠠᠬᠤ | ᠨᠡᠪᠴᠢᠭᠦᠯᠬᠦ ᠵᠡᠷᠭᠡ ᠰᠢᠨ᠎ᠡ ᠦᠢᠯᠡᠰ ᠢ ᠲᠠᠲᠠᠨ ᠤᠷᠤᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠢᠭᠤᠯᠤᠯᠲᠠ ᠶᠢ ᠲᠣᠪᠦ᠋ᠮ᠎ᠠ ᠰᠠᠶᠢᠲᠤᠷ ᠠᠳᠬᠤᠵᠤ᠂ ᠪᠠᠷᠠᠭᠤᠨᠰᠢ ᠯᠢᠨ ᠬᠤᠸᠠᠩ ᠶᠡᠭᠡ ᠵᠡᠭᠡᠯᠢ ᠶᠢ ᠨᠡᠪᠲᠡᠷᠡᠭᠦᠯᠵᠦ᠂ | ᠰᠢᠩ ᠶᠤᠸᠠᠨ ᠵᠠᠮ᠂ ᠹᠦ᠋ ᠾᠧ ᠵᠡᠭᠡᠯᠢ ᠶᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠶᠢᠩᠴᠠᠩ ᠵᠡᠭᠡᠯᠢ᠂ | ᠪᠠᠷᠠᠭᠤᠨ ᠭᠠᠳᠠᠷ ᠴᠠᠭᠠᠷᠢᠭ ᠵᠠᠮ ᠵᠡᠷᠭᠡ ᠬᠦᠷᠢᠶᠡᠯᠡᠩ ᠲᠣᠭᠤᠷᠢᠭ ᠤᠨ ᠭᠤᠣᠯ ᠵᠠᠮ ᠣᠨ ᠪᠣᠷᠣᠭᠠᠨ ᠤ ᠤᠰᠤ | ᠰᠢᠪᠠᠷ ᠪᠣᠬᠢᠷᠲᠤᠯ ᠢ ᠰᠠᠯᠭᠠᠨ ᠵᠠᠰᠠᠬᠤ ᠥᠭᠡᠷᠡᠴᠢᠯᠡᠯᠲᠡ ᠶᠢ ᠠᠯᠬᠤᠮ ᠬᠤᠪᠢᠶᠠᠨ ᠬᠡᠷᠡᠭᠵᠢᠭᠦᠯᠦᠨ᠎ᠡ᠃ ᠬᠤᠶᠠᠷ | ᠵᠣᠷᠪᠤᠰ ᠰᠢᠲᠠᠮᠠᠬᠠᠶ ᠬᠡᠢ ᠶᠢᠨ ᠳᠠᠮᠵᠢᠭᠤᠯᠬᠤ ᠬᠤᠭᠤᠯᠠᠶ ᠶᠢᠨ ᠱᠤᠭᠤᠮ ᠢ ᠪᠠᠢᠭᠤᠯᠵᠤ᠂ 3 ᠬᠤᠭ ᠨᠣᠪᠰᠢ ᠶᠢᠨ | ᠳᠠᠮᠵᠢᠭᠤᠯᠬᠤ ᠥᠷᠲᠡᠭᠡ᠂ 4 ᠨᠡᠶᠢᠲᠡ ᠶᠢᠨ ᠵᠣᠷᠯᠣᠩ ᠢ ᠪᠠᠢᠭᠤᠯᠤᠨ᠎ᠠ᠃ ᠶᠡᠷᠦᠩᠬᠡᠶᠢᠯᠡᠭᠰᠡᠨ ᠦᠶᠯᠡᠴᠢᠯᠡᠭᠡᠨ ᠤ | ᠲᠥᠪ ᠢ ᠲᠥᠯᠥᠪᠵᠢᠭᠦᠯᠦᠨ ᠪᠠᠢᠭᠤᠯᠵᠤ᠂ ᠠᠵᠤ ᠦᠢᠯᠡᠰ ᠤᠨ ᠢᠵᠢ ᠪᠦᠷᠢᠳᠦᠭᠦᠯᠦᠨ ᠨᠡᠭᠡᠭᠡᠨ ᠬᠥᠭᠵᠢᠭᠦᠯᠬᠦ | ᠲᠥᠷᠥᠯ ᠵᠦᠶᠯ ᠢ ᠰᠠᠶᠢᠲᠤᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠴᠢᠳᠠᠪᠤᠷᠢ ᠶᠢ | ᠳᠡᠭᠡᠭᠰᠢᠯᠡᠭᠦᠯᠦᠨ᠎ᠡ᠃ | ( ᠲᠠᠪᠤ ) ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠨ᠎ᠡ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ ᠠᠬᠤᠢ ᠶᠢᠨ | ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ | ᠠᠬᠢᠭᠤᠯᠵᠤ᠂ ᠠᠯᠪᠠᠨ ᠠᠴᠠ ᠪᠠᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ᠂ ᠤᠯᠠᠨ ᠨᠡᠶᠢᠲᠡ ᠶᠢᠨ | ᠡᠬᠢ ᠪᠠᠶᠠᠯᠢᠭ ᠢ ᠡᠯᠧᠺᠲᠷᠤᠨᠴᠢᠯᠠᠨ ᠠᠷᠠᠯᠵᠢᠶᠠᠯᠠᠬᠤ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠢᠶᠠᠷ | ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ 《 ᠭᠤᠷᠪᠠᠨ ᠡᠷᠬᠡ ᠶᠢ ᠰᠠᠯᠭᠠᠬᠤ 》 | ᠥᠭᠡᠷᠡᠴᠢᠯᠡᠯᠲᠡ ᠪᠠ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠶᠢ ᠨᠤᠲᠠᠯᠠᠨ | ᠳᠠᠩᠰᠠᠯᠠᠵᠤ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠠᠵᠤ ᠠᠬᠤᠢ ᠶᠢᠨ ᠪᠦᠷᠢᠳᠬᠡᠯ ᠤᠨ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠳᠦᠷᠢᠮᠲᠦ ᠲᠠᠷᠢᠶᠠᠯᠠᠩ ᠤᠨ ᠬᠤᠳᠠᠯᠳᠤᠭᠠᠨ ᠤ | ᠪᠠᠩᠬᠢ ᠶᠢ ᠲᠦᠷᠭᠡᠳᠬᠡᠨ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ ᠃《 ᠲᠠᠯᠪᠢᠬᠤ ᠬᠠᠮᠢᠶᠠᠷᠬᠤ | ᠦᠢᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ | ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠪᠦᠬᠦ | ᠲᠠᠯ᠎ᠠ ᠪᠠᠷ ᠡᠮᠬᠢᠯᠡᠨ ᠴᠡᠭᠴᠡᠯᠡᠬᠦ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ 《 ᠨᠠᠢᠮᠠᠨ | ᠲᠣᠳᠣᠷᠬᠠᠶ ᠬᠠᠭᠤᠳᠠᠰᠤ 》 ᠶᠢᠨ ᠪᠠᠷᠢᠮᠵᠢᠶᠠᠵᠢᠭᠤᠯᠤᠭᠰᠠᠨ ᠪᠠᠢᠭᠤᠯᠤᠯᠲᠠ ᠶᠢ ᠪᠡᠶᠡᠯᠡᠭᠦᠯᠦᠨ᠎ᠡ᠃ ᠬᠤᠳᠠᠯᠳᠤᠭᠠᠨ ᠤ | ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠣᠯᠠᠨ ᠦᠨᠡᠮᠯᠡᠯ ᠢ ᠨᠡᠢᠯᠡᠭᠦᠯᠦᠨ ᠨᠢᠭᠡ ᠪᠣᠯᠭᠠᠬᠤ︾ ᠪᠠ | ᠪᠥᠬᠦ ᠶᠠᠪᠤᠴᠠ ᠳᠤ ᠡᠯᠧᠺᠲᠷᠣᠨ ᠢᠶᠠᠷ ᠳᠠᠩᠰᠠᠯᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠠ ᠪᠣᠯᠭᠠᠬᠤ︾ ᠳᠦᠷᠢᠮ | ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠨᠢᠭᠡᠳᠦᠯᠲᠡᠶ ᠲᠠᠪᠴᠠᠩ ᠢ | ᠪᠠᠢᠭᠤᠯᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ ᠪᠠ ᠣᠷᠣᠯᠠᠨ | ᠭᠦᠶᠴᠡᠳᠬᠡᠬᠦ ᠳᠦᠷᠢᠮ ᠢ ᠦᠷᠭᠦᠯᠵᠢᠯᠡᠨ ᠠᠬᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠠᠮ ᠨᠢᠭᠡ | ᠠᠯᠬᠤᠮ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠂ ᠬᠢᠨᠠᠨ ᠵᠥᠪᠰᠢᠶᠡᠷᠡᠬᠦ | ᠴᠤᠪᠤᠷᠠᠯ ᠢ ᠰᠢᠯᠢᠳᠡᠭᠵᠢᠭᠦᠯᠵᠦ᠂ ᠬᠡᠷᠡᠭ ᠡᠷᠬᠢᠯᠡᠬᠦ ᠦᠷ᠎ᠡ ᠪᠦᠲᠦᠮᠵᠢ ᠪᠠ ᠦᠶᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠂ ᠨᠠᠩ ᠠᠭᠤᠵᠢᠭᠤ ᠳᠥᠭᠦᠮ ᠳᠥᠲᠡ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠣᠷᠴᠢᠨ | ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ | ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠲᠦᠯᠬᠢᠨ ᠠᠬᠢᠭᠤᠯᠤᠨ᠎ᠠ ᠃ ︽ᠨᠢᠰᠬᠦ ᠭᠠᠵᠠᠷ ᠤᠨ ᠠᠵᠤ | ᠠᠬᠤᠶ︾ ᠶᠢ ᠲᠦᠷᠭᠡᠳᠬᠡᠨ ᠬᠥᠭᠵᠢᠭᠦᠯᠵᠦ᠂ ᠤᠯᠠᠭᠠᠨᠬᠠᠳᠠ ᠶᠢᠨ ᠶᠦᠨ ᠲᠦᠩ᠂ ᠳ᠋ᠦᠩ ᠶᠤᠸᠠᠢ ᠹᠯᠣᠷ ᠤᠨ ᠬᠢᠮᠢ | ᠶᠢᠨ ᠠᠵᠤ ᠦᠶᠯᠡᠳᠪᠦᠷᠢ ᠶᠢᠨ ᠨᠢᠷᠤᠭᠤᠪᠴᠢ ᠠᠵᠤ ᠠᠬᠤᠢᠯᠠᠯ ᠤᠨ ᠲᠣᠭᠤᠷᠢᠨ ᠳᠤ᠂ ᠵᠡᠰ ᠮᠠᠲ᠋ᠧᠷᠢᠶᠠᠯ ᠤᠨ ᠨᠠᠷᠢᠯᠢᠭ | ᠡᠳ᠋ᠰᠢᠭᠦᠯᠬᠦ ᠪᠠ ᠹᠯᠣᠷ ᠤᠨ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠶᠯ | ᠢ ᠣᠷᠣᠭᠤᠯᠤᠨ ᠠᠪᠴᠢᠷᠠᠵᠤ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠣᠷᠣᠭᠤᠯᠤᠨ᠎ᠠ᠃ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ | ᠬᠤᠶᠢᠭ ᠵᠡᠷᠭᠡ ᠬᠥᠭᠵᠢᠭᠰᠡᠨ ᠭᠠᠵᠠᠷ ᠣᠷᠣᠨ ᠤ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ | ᠤᠬᠠᠭᠤᠯᠵᠤ ᠲᠠᠨᠢᠯᠴᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠠᠭᠪᠤᠷ ᠤᠨ ᠰᠢᠨ᠎ᠡ ᠶᠢ ᠡᠭᠦᠳᠦᠨ᠎ᠡ | ᠃ | ᠠᠷᠠᠳ ᠠᠴᠠ ᠡᠵᠡᠩᠨᠡᠭᠰᠡᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ | ᠶᠢ ᠲᠦᠯᠬᠢᠨ ᠠᠬᠢᠭᠤᠯᠤᠨ᠎ᠠ᠃ 《 ᠲᠤᠰᠠᠯᠠᠬᠤ ᠳᠠᠭᠠᠳᠬᠠᠯ ᠤᠨ ᠵᠢᠭᠡᠯᠡᠯᠭᠡ 》 ᠶᠢᠨ ᠪᠡᠯᠡ ᠲᠣᠬᠢᠷᠠᠭᠤᠯᠭ᠎ᠠ | ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠲᠤᠯᠠᠭᠠᠲᠤ ᠵᠢᠭᠡᠯᠡᠯᠭᠡ ᠶᠢᠨ ᠲᠤᠭ᠎ᠠ ᠶᠢ 8000 | ᠲᠦᠮᠡᠨ ᠲᠥᠭᠦᠷᠢᠭ ᠠᠴᠠ ᠳᠡᠭᠡᠭᠰᠢ ᠬᠦᠷᠭᠡᠬᠦ ᠪᠠᠷ ᠴᠢᠷᠮᠠᠶᠢᠵᠤ᠂ ᠪᠡᠯᠡ ᠲᠣᠬᠢᠷᠠᠭᠤᠯᠭ᠎ᠠ ᠳᠤ ᠬᠦᠴᠢᠷᠲᠡᠢ᠂ ᠪᠡᠯᠡ | ᠲᠣᠬᠢᠷᠠᠭᠤᠯᠭ᠎ᠠ ᠦᠨᠡᠲᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠢᠯᠠᠯ | ᠤᠨ ᠬᠥᠭᠵᠢᠯᠲᠡ ᠪᠠᠨ ᠲᠦᠷᠭᠡᠳᠬᠡᠬᠦ ᠵᠢᠲ᠋ᠠᠮᠵᠢᠨᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠭᠡᠷᠡᠴᠢ | ᠦᠨᠡᠮᠯᠡᠯ ᠭᠦᠶᠴᠡᠳᠬᠡᠬᠦ᠂ ᠪᠠᠯᠠ ᠮᠥᠩᠭᠦ ᠪᠠᠷ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢᠯᠠᠯ ᠤᠨ ᠠᠵᠢᠯᠯᠠᠭᠠᠨ ᠤ ᠥᠪᠡᠷ | ᠤᠨ ᠥᠷᠲᠡᠭ ᠢ ᠴᠢᠷᠮᠠᠶᠢᠨ ᠪᠠᠭᠤᠷᠠᠭᠤᠯᠤᠨ᠎ᠠ᠃ ᠳᠤᠮᠳᠠ ᠵᠢᠵᠢᠭ ᠠᠵᠤ ᠠᠬᠤᠢᠯᠠᠯ ᠤᠨ ᠬᠦᠷᠢᠶᠡᠯᠡᠩ ᠲᠣᠭᠤᠷᠢᠭ | ᠲᠤ ᠲᠥᠪᠯᠡᠷᠡᠬᠦ ᠶᠢ ᠵᠣᠷᠢᠭᠵᠢᠭᠤᠯᠵᠤ᠂ ︽ ᠬᠤᠪᠢ ᠶᠢᠨ ᠡᠵᠡᠩᠨᠡᠯᠲᠡ ᠠᠴᠠ ᠠᠵᠤ ᠠᠬᠤᠢᠯᠠᠯ ᠪᠣᠯᠬᠤ᠂ ᠪᠠᠭ᠎ᠠ | ᠠᠴᠠ ᠬᠡᠪᠴᠢᠶᠡᠵᠢᠭᠰᠡᠨ ᠪᠣᠯᠬᠤ ᠂ ᠬᠡᠪᠴᠢᠶᠡᠵᠢᠭᠰᠡᠨ ᠠᠴᠠ ᠬᠤᠪᠢᠴᠠᠭ᠎ᠠ ᠪᠣᠯᠬᠤ᠂ ᠬᠤᠪᠢ ᠣᠷᠣᠭᠤᠯᠤᠯᠲᠠ ᠶᠢ | ᠵᠠᠬ᠎ᠠ ᠳᠡᠯᠭᠡᠭᠦᠷ ᠲᠤ ᠭᠠᠷᠭᠠᠬᠤ︾ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠠᠵᠤ ᠠᠬᠤᠶᠢᠯᠠᠯᠲᠠᠨ ᠤ ᠡᠩᠨᠡᠭᠡᠨ ᠤ | ᠪᠠᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ | ᠨᠡᠶᠢᠭᠡᠮᠯᠢᠭ ᠢ ᠪᠠᠶᠢᠭᠤᠯᠵᠤ᠂ ᠠᠵᠤ ᠠᠬᠤᠶᠢᠯᠠᠯᠲᠠᠨ ᠤ ᠠᠩᠬᠠᠷᠤᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠ ᠬᠥᠭᠵᠢᠯᠲᠡ ᠶᠢᠨ ᠢᠲᠡᠭᠡᠯ ᠵᠣᠷᠢᠭ ᠢ | ᠨᠢ ᠪᠠᠲᠤᠳᠬᠠᠨ᠎ᠠ᠃ | ( ᠵᠢᠷᠭᠤᠭ᠎ᠠ ) ᠠᠷᠠᠳ ᠤᠨ ᠠᠮᠢᠳᠤᠷᠠᠯ ᠢ ᠪᠠᠲᠤᠯᠠᠨ ᠰᠠᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠠᠵᠢᠯ ᠣᠯᠭᠤᠬᠤ ᠠᠳᠠᠯ ᠦᠶᠯᠡᠰ | ᠴᠣᠭᠴᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠢᠳᠠᠪᠤᠷᠢᠵᠢᠭᠤᠯᠬᠤ᠂ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠠᠴᠠ ᠬᠠᠯᠠᠭᠳᠠᠭᠰᠠᠳ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠭᠡᠷ ᠪᠦᠯᠢ ᠪᠠ ᠬᠤᠲᠠ | ᠪᠠᠯᠭᠠᠰᠤᠨ ᠤ ᠠᠵᠢᠯ ᠣᠯᠬᠤ ᠳᠤ ᠬᠦᠴᠢᠷᠲᠡᠶ ᠬᠥᠮᠦᠰ ᠤᠨ ᠠᠵᠢᠯ ᠣᠯᠭᠤᠬᠤ ᠦᠶᠯᠡᠴᠢᠯᠡᠭᠡᠨ ᠤ ᠪᠠᠲᠤᠯᠠᠭ᠎ᠠ ᠶᠢᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠶᠡᠷᠦᠩᠬᠡᠶᠢᠯᠡᠭᠰᠡᠨ ᠴᠢᠨᠠᠷᠲᠠᠶ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠬᠤᠲᠠ ᠪᠠᠯᠭᠠᠰᠤᠨ ᠤ 1500 ᠬᠥᠮᠦᠨ ᠳᠤ ᠰᠢᠨ᠎ᠡ | ᠪᠠᠷ ᠠᠵᠢᠯ ᠣᠯᠭᠤᠨ᠎ᠠ᠃ ᠠᠷᠠᠳ ᠨᠡᠶᠢᠲᠡ ᠪᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠡᠬᠢ | ᠪᠠᠶᠠᠯᠢᠭ ᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠨᠠᠰᠤᠵᠢᠯ ᠤᠨᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠦᠨ᠂ ᠸᠠᠩ ᠤᠨ ᠣᠷᠳᠣᠨ ᠤ ᠡᠮᠴᠢᠯᠡᠭᠡ ᠰᠤᠪᠢᠯᠠᠬᠤ ᠮᠠᠶ᠋ᠢᠭ ᠤᠨ ᠨᠠᠰᠤᠲᠠᠨ | ᠠᠰᠠᠷᠠᠬᠤ ᠬᠦᠷᠢᠶᠡᠯᠡᠩ ᠢ ᠪᠦᠲᠦᠭᠡᠨ ᠪᠠᠢᠭᠤᠯᠵᠤ᠂ ᠨᠠᠰᠤᠲᠠᠶᠢᠴᠤᠳ ᠤᠨ ᠡᠷᠡᠭᠦᠯᠵᠢᠯ ᠤᠨ ᠬᠦᠷᠢᠶᠡᠯᠡᠩ ᠢ | ᠲᠦᠷᠭᠡᠬᠡᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠬᠥᠯᠥᠰᠥᠨ ᠠᠵᠢᠯᠴᠢᠨ ᠤ ᠴᠠᠯᠢᠩ ᠢ | ᠥᠭᠬᠦ ᠪᠠᠲᠤᠯᠠᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠤᠨ᠎ᠠ᠃ | ᠨᠡᠢᠭᠡᠮ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠤᠷᠭᠠᠨ ᠬᠥᠮᠦᠵᠢᠯ ᠦᠨᠦᠢᠯᠡᠰ ᠢ | ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ᠵᠢᠨᠱᠠᠨ ᠬᠤᠳᠠ ᠲᠣᠭᠤᠷᠢᠭ ᠲᠤ ᠨᠢᠭᠡ ᠪᠠᠭ᠎ᠠ ᠰᠤᠷᠭᠠᠭᠤᠯᠢ᠂ | ᠨᠢᠭᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠᠶᠢᠭᠤᠯᠬᠤᠲᠥᠯᠥᠪᠵᠢᠭᠦᠯᠪᠡ ᠶᠢᠨ ᠭᠠᠵᠠᠷ ᠢ ᠰᠢᠨ᠎ᠡ | ᠪᠠᠷ ᠰᠤᠩᠭᠤᠵᠤ᠂ ᠾᠧ ᠮᠧᠢ ᠬᠡᠦᠬᠡᠳ ᠤᠨ ᠴᠡᠴᠡᠷᠯᠢᠭ᠂ ᠰᠢ ᠴᠢᠶᠣᠤ ᠰᠤᠷᠭᠠᠭᠤᠯᠢ ᠶᠢ ᠥᠭᠡᠷᠡᠴᠢᠯᠡᠵᠦ | ᠥᠷᠭᠡᠳᠬᠡᠨ ᠪᠠᠢᠭᠤᠯᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠵᠢᠨᠱᠠᠨ ᠭᠤᠷᠪᠠᠳᠤᠭᠠᠷ | ᠬᠡᠦᠬᠡᠳ ᠤᠨ ᠴᠡᠴᠡᠷᠯᠢᠭ᠂ ᠷᠧᠨ ᠳ᠋ᠧ ᠪᠠᠭ᠎ᠠ ᠰᠤᠷᠭᠠᠭᠤᠯᠢ᠂ ᠨᠠᠷᠢᠨ ᠮᠣᠩᠭᠤᠯ ᠦᠨᠳᠦᠰᠦᠲᠡᠨ ᠤ ᠲᠤᠷᠰᠢᠯᠲᠠ | ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠪᠠᠶᠢᠭᠤᠯᠵᠤ ᠬᠡᠷᠡᠭᠯᠡᠬᠦ ᠶᠢ ᠦᠨᠡᠨᠬᠦ ᠪᠠᠲᠤᠯᠠᠨ᠎ᠠ | ᠃ ᠰᠤᠷᠭᠠᠭᠤᠯᠢ ᠶᠢᠨ ᠰᠤᠷᠲᠠᠯ᠂ ᠪᠠᠭᠰᠢ ᠶᠢᠨ ᠮᠣᠷᠠᠯᠰᠤᠷᠲᠠᠯ ᠪᠠ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ | ᠶᠢᠨ ᠦᠵᠡᠯᠲᠡ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠵᠢᠭᠠᠨ | ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ | ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠲᠦᠯᠬᠢᠨ ᠠᠬᠢᠭᠤᠯᠤᠨ᠎ᠠ᠃ ᠡᠮᠴᠢᠯᠡᠭᠡᠨ ᠤ | ᠦᠶᠯᠡᠴᠢᠯᠡᠭᠡᠨ ᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠤᠰᠢᠭᠤᠨ ᠤ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ ᠶᠢᠨ ᠭᠤᠤᠯ ᠴᠣᠭᠴᠠ ᠶᠢᠨ ᠢᠨᠵᠧᠨᠧᠷᠢᠩ ᠪᠠ ᠳᠣᠲᠣᠭᠠᠳᠤ ᠶᠢᠨ ᠴᠢᠮᠡᠭᠯᠡᠯ ᠢ ᠪᠡᠶᠡᠯᠡᠭᠦᠯᠵᠦ᠂ | ᠭᠤᠤᠯᠯᠠᠭᠴᠢ ᠡᠮᠴᠢ ᠰᠤᠪᠢᠯᠠᠭᠴᠢ ᠶᠢ ᠰᠣᠩᠭᠤᠨ ᠤᠷᠢᠬᠤ ᠠᠵᠢᠯ ᠢ ᠵᠡᠷᠭᠡᠪᠡᠷ ᠰᠠᠶᠢᠲᠤᠷ ᠬᠢᠵᠦ᠂ ᠮᠠᠶᠢᠷᠠᠨ᠂ ᠸᠠᠩ | ᠤᠨ ᠣᠷᠳᠣᠨ᠂ ᠡᠮᠡᠭᠡᠯ ᠠᠭᠤᠯᠠ᠂ ᠶᠦᠩ ᠹᠧᠩ ᠵᠡᠷᠭᠡ 4 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢ ᠪᠠᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠪᠠᠶᠢᠭᠤᠯᠬᠤ ᠶᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠨ᠎ᠡ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ | ᠠᠷᠭ᠎ᠠ ᠮᠠᠶ᠋ᠢᠭ ᠢ ᠰᠠᠨᠠᠭᠠᠴᠢᠯᠠᠵᠤ᠂ ᠤᠯᠤᠰ ᠠᠴᠠ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠤᠯᠤᠰ ᠠᠴᠠ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠪᠠᠷ ᠥᠩᠭᠡᠷᠡᠬᠦ | ᠶᠢ ᠦᠨᠡᠨ ᠬᠦ ᠪᠠᠲᠤᠯᠠᠨ᠎ᠠ᠃ ᠨᠠᠭᠤᠷ ᠤᠨ ᠬᠥᠪᠡᠭᠡᠨ ᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠰᠦᠵᠢᠶᠤᠤ | ᠭᠦᠶᠦᠯᠲᠡ ᠶᠢᠨ ᠵᠠᠮ ᠵᠡᠷᠭᠡ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠰᠡᠯᠪᠢᠨ ᠵᠠᠰᠠᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠠᠪᠠᠭᠠᠨ ᠵᠠᠮ ᠢ ᠪᠦᠲᠦᠭᠡᠨ ᠪᠠᠢᠭᠤᠯᠵᠤ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ | ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠢ ᠰᠢᠨᠡᠳᠬᠡᠨ᠎ᠡ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠶᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠠᠭᠤᠰᠬᠠᠨ ᠣᠷᠣᠭᠤᠯᠬᠤ ᠶᠢ ᠪᠠᠷᠢᠮᠲᠠᠯᠠᠵᠤ᠂ | ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠤᠨ ᠳᠡᠯᠭᠡᠷᠡᠭᠦᠯᠵᠦ᠂ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ | ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠨ᠎ᠡ᠃ | ᠰᠣᠶᠣᠯ ᠤᠨ ᠦᠶᠯᠡᠰ ᠢ ᠲᠦᠷᠭᠡᠳᠬᠡᠨ ᠬᠥᠭᠵᠢᠭᠦᠯᠵᠦ᠂ ᠬᠤᠰᠢᠭᠤᠨ ᠳᠡᠰ ᠤᠨ ᠬᠠᠮ ᠵᠠᠭᠤᠴᠢᠯᠠᠭᠤᠷ ᠤᠨ ᠲᠥᠪ ᠢ | ᠪᠠᠶᠢᠭᠤᠯᠵᠤ᠂ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠵᠦ᠂ ᠬᠠᠷᠠᠴᠢᠨ ᠤ | ᠦᠯᠢᠭᠡᠷ ᠢ ᠰᠠᠶᠢᠲᠤᠷ ᠶᠠᠷᠢᠨ᠎ᠠ᠃ ᠬᠤᠰᠢᠭᠤᠨ ᠤ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠣᠷᠳᠣᠨ ᠢ | ᠪᠠᠶᠢᠭᠤᠯᠵᠤ᠂ ᠬᠤᠰᠢᠭᠤᠨ ᠤ ᠣᠶᠢᠯᠠᠯᠭ᠎ᠠ ᠶᠢᠨ ᠦᠷᠭᠦᠯᠵᠢᠯᠡᠯ ᠵᠠᠰᠠᠯᠲᠠ ᠪᠠ ᠳᠠᠩᠰᠠ ᠡᠪᠬᠡᠮᠡᠯ ᠰᠣᠶᠣᠯ ᠲᠡᠦᠬᠡ | ᠶᠢᠨ ᠠᠵᠢᠯ ᠢ ᠴᠢᠨᠠᠷ ᠰᠠᠶᠢᠲᠠᠶ ᠰᠠᠶᠢᠲᠤᠷ ᠬᠢᠨ᠎ᠡ᠃ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ᠂ ᠥᠷᠭᠡᠨ ᠢᠶᠠᠷ | ᠰᠠᠨᠠᠯ ᠬᠤᠷᠢᠶᠠᠵᠤ᠂ ᠨᠡᠶᠢᠲᠡ ᠶᠢᠨ ᠣᠩᠭᠤᠨ ᠤ ᠭᠠᠵᠠᠷ ᠰᠣᠩᠭᠤᠬᠤ ᠪᠦᠲᠦᠭᠡᠨ ᠪᠠᠢᠭᠤᠯᠤᠯᠲᠠ ᠶᠢ ᠡᠬᠢᠯᠡᠭᠦᠯᠪᠡ᠃ | ᠤᠯᠠᠭᠠᠨ ᠵᠠᠭᠠᠯᠮᠠᠶ᠂ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠡᠮᠡᠭᠲᠡᠢᠴᠦᠳ ᠬᠡᠦᠬᠡᠳ᠂ | ᠨᠠᠰᠤᠲᠠᠶᠢᠴᠤᠳ᠂ ᠵᠠᠯᠠᠭᠤᠴᠤᠳ ᠪᠠ ᠵᠡᠮᠳᠡᠭᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠷᠠᠳᠢᠣ᠋ ᠨᠡᠪᠲᠡᠷᠡᠭᠦᠯᠭᠡ ᠲᠧᠯᠸᠢᠰ᠂ ᠰᠢᠨᠵᠢᠯᠡᠬᠦ ᠤᠬᠠᠭᠠᠨ ᠮᠡᠷᠭᠡᠵᠢᠯ ᠂ ᠴᠠᠭ ᠠᠭᠤᠷ᠂ ᠠᠮᠤ ᠪᠤᠳᠠᠭ᠎ᠠ᠂ ᠲᠠᠷᠢᠶᠠᠯᠠᠩ | ᠤᠨ ᠮᠠᠰᠢᠨ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠦᠢᠯᠡᠰ ᠤᠨ ᠡᠷᠡᠭᠦᠯ ᠢᠶᠠᠷ | ᠬᠥᠭᠵᠢᠬᠦ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠵᠥᠷᠢᠴᠡᠯ ᠢ ᠢᠳᠡᠪᠬᠢᠲᠡᠶ ᠪᠠᠷ | ᠪᠠᠶᠢᠴᠠᠭᠠᠨ ᠰᠢᠶᠳᠪᠦᠷᠢᠯᠡᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ | ᠰᠢᠶᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠴᠦᠲᠡᠢ | ᠠᠬᠢᠭᠤᠯᠵᠤ᠂ ᠰᠢᠬᠦᠷ ᠴᠣᠬᠢᠵᠤ ᠲᠣᠣᠷ ᠡᠪᠳᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠢᠳᠡᠭᠡᠨ ᠤ ᠵᠦᠢᠯ ᠡᠮ ᠤᠨ ᠵᠦᠢᠯ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠵᠦᠢᠯ ᠢ ᠪᠣᠯᠪᠠᠰᠤᠷᠠᠭᠤᠯᠬᠤ | ᠬᠦᠷᠢᠶᠡᠯᠡᠩ ᠲᠣᠭᠤᠷᠢᠭ ᠢ ᠪᠠᠢᠭᠤᠯᠵᠤ᠂ ᠤᠯᠤᠰ ᠠᠴᠠ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠠᠶᠤᠯ ᠥᠬᠡᠶ | ᠦᠢᠯᠡᠳᠪᠦᠷᠢᠯᠡᠯ ᠤᠨ ᠪᠦᠬᠦ ᠠᠵᠢᠯ ᠲᠥᠷᠥᠯ᠂ ᠪᠦᠬᠦ ᠭᠤᠭᠴᠤᠭ᠎ᠠ᠂ ᠪᠦᠬᠦ ᠶᠠᠪᠤᠴᠠ ᠶᠢᠨ ᠪᠠᠷᠢᠮᠵᠢᠶᠠᠵᠢᠭᠤᠯᠬᠤ | ᠪᠠᠢᠭᠤᠯᠤᠯᠲᠠ ᠶᠢ ᠴᠢᠩᠭᠠᠳᠬᠠᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠥᠷᠥᠯ ᠤᠨᠰᠠᠯᠠᠭᠠ ᠮᠥᠴᠢᠷ | ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ | ᠶᠢ ᠪᠣᠳᠠᠲᠠᠶᠢᠵᠢᠭᠤᠯᠤᠨ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠶᠢᠭᠤᠯᠤᠯ | ᠲᠣᠭᠲᠠᠴᠠ ᠶᠢ ᠪᠦᠷᠢᠨᠰᠢᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠵᠦ | ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠢᠭᠤᠯᠤᠯᠲᠠ ᠶᠢ ᠴᠢᠩᠭᠠᠳᠬᠠᠵᠤ᠂ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | | |