ᠰᠡᠷᠡᠮᠵᠢ ᠶᠢᠨ ᠬᠦᠮᠦᠵᠢᠯ ᠢ ᠰᠡᠳᠬᠢᠯ ᠳᠡᠭᠡᠨ ᠲᠤᠭᠳᠠᠭᠠᠵᠤ  ᠦᠵᠡᠯ ᠰᠠᠨᠠᠭᠠᠨ ᠤ ᠰᠡᠷᠬᠡᠶᠢᠯᠡᠯᠳᠡ ᠶᠢ ᠪᠠᠳᠤᠳᠬᠠᠨ᠎ᠠ
ᠨᠡᠶᠢᠲᠡᠯᠡᠭᠰᠡᠨ ᠴᠠᠭ᠄
2019/4/30
《ᠠᠷᠢᠭᠤᠨ ᠴᠢᠭᠡᠴᠢ ᠶᠢᠨ ᠰᠡᠷᠡᠮᠵᠢᠯᠡᠯ ᠤᠨ ᠬᠦᠮᠦᠵᠢᠯ ᠤᠨ ᠰᠠᠷ᠎ᠠ》 ᠶᠢ ᠬᠦᠨᠵᠡᠭᠡᠶᠢᠷᠡᠬᠦᠯᠵᠥ᠂ ᠪᠤᠳᠠᠳᠠᠶᠢᠵᠢᠭᠤᠯᠵᠥ᠂ ᠨᠠᠷᠢᠯᠢᠭᠵᠢᠭᠤᠯᠬᠤ ᠶᠢ ᠠᠬᠢᠭᠤᠯᠵᠤ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠪᠠᠶᠢᠭᠤᠯᠤᠯᠭ᠎ᠠ ᠶᠢᠨ ᠢᠶᠠᠨ ᠤᠯᠤᠰ ᠲᠦᠷᠦ ᠶᠢᠨ ᠠᠭᠤᠷ ᠠᠮᠢᠰᠬᠤᠯ ᠢ ᠴᠢᠩᠭᠠᠳᠬᠠᠵᠥ᠂ ᠪᠦᠬᠦ ᠺᠠᠳ᠋ᠷ ᠠᠵᠢᠯᠳᠠᠨ ᠤ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠵᠥ᠂ ᠲᠦᠪ ᠭᠤᠤᠯᠴᠢ ᠪᠠᠷ ᠬᠠᠤᠯᠢ ᠬᠡᠷᠡᠭᠵᠢᠬᠦᠯᠤᠨ᠂ ᠱᠠᠮᠰᠢᠬᠤ ᠶᠢ ᠲᠡᠪᠴᠢᠨ ᠢᠯᠵᠡᠷᠡᠯ ᠢ ᠰᠡᠷᠭᠡᠶᠢᠯᠡᠬᠦ ᠶᠢᠨ ᠲᠦᠯᠦᠭᠡ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ 1 ᠰᠠᠷ᠎ᠠ ᠶᠢᠨ ᠬᠤᠭᠤᠴᠠᠭ᠎ᠠ ᠲᠠᠢ《ᠠᠷᠢᠭᠤᠨ ᠴᠢᠭᠡᠴᠢ ᠶᠢᠨ ᠰᠡᠷᠡᠮᠵᠢᠯᠡᠯ ᠤᠨ ᠬᠦᠮᠦᠵᠢᠯ ᠤᠨ ᠰᠠᠷ᠎ᠠ》 ᠶᠢᠨ ᠬᠦᠳᠡᠯᠬᠡᠬᠡᠨ ᠦᠷᠨᠢᠬᠦᠯᠵᠥ ᠪᠠᠶᠢᠨ᠎ᠠ᠂ ᠲᠤᠪᠴᠢᠶᠠᠨ   ᠤ ᠨᠠᠮ ᠤᠨ ᠲᠤᠭᠤᠶᠢᠯᠠᠩ ᠨᠢ《ᠦᠵᠡᠯ ᠰᠠᠨᠠᠭᠠᠨ ᠲᠡᠭᠡᠷ᠎ᠡ ᠪᠠᠨ ᠵᠠᠪᠠᠯ ᠲᠡᠭᠡᠭᠰᠢᠯᠡᠯᠳᠡ ᠲᠠᠢ ᠪᠠᠶᠢᠬᠤ᠂ ᠰᠠᠬᠢᠯᠭ᠎ᠠ ᠪᠠᠳᠤ ᠵᠠᠪᠠᠯ ᠴᠢᠩᠭ᠎ᠠ ᠪᠠᠶᠢᠬᠤ᠂ ᠰᠤᠷᠳᠠᠯ ᠲᠡᠭᠡᠷ᠎ᠡ ᠪᠠᠨ ᠵᠠᠪᠠᠯ ᠬᠤᠪᠢᠷᠠᠯᠳᠠ ᠲᠠᠢ ᠪᠠᠶᠢᠯᠭᠠᠬᠤ》ᠦᠵᠡᠯ ᠰᠠᠨᠠᠭᠠᠨ ᠤ ᠳ᠋ᠦᠩᠨᠡᠯᠳᠡ ᠲᠤᠳᠤᠷᠬᠠᠶᠢᠯᠠᠯᠳᠠ ᠶᠢᠨ《 ᠬᠤᠷᠢᠭ᠎ᠠ ᠱᠤᠭᠤᠮ ᠢ ᠲᠤᠳᠤᠷᠬᠠᠶᠢᠯᠠᠵᠥ᠂ ᠠᠩᠬᠠᠨ ᠤ ᠵᠤᠷᠢᠯᠳᠠ ᠪᠠᠨ ᠰᠠᠬᠢᠵᠥ᠂ ᠦᠪᠡᠷ ᠤᠨ ᠠᠵᠢᠯᠯᠠᠭ᠎ᠠ ᠪᠠᠷ ᠢᠶᠠᠨ ᠬᠠᠵᠠᠭᠤᠳᠠᠬᠢ ᠬᠦᠮᠦᠨ ᠢᠶᠠᠨ ᠰᠡᠷᠡᠮᠵᠢᠯᠡᠬᠦᠯᠦᠨ ᠰᠤᠷᠭᠠᠬᠤ》 ᠪᠠᠷ ᠭᠤᠤᠯ ᠰᠡᠳᠤᠪ ᠪᠤᠯᠭᠠᠵᠠᠢ᠃4 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠪᠦᠬᠦ ᠨᠠᠮ ᠤᠨ ᠬᠡᠰᠢᠬᠦᠨ ᠺᠠᠳ᠋ᠷ ᠨᠠᠷ ᠬᠤᠰᠢᠭᠤᠨ ᠤ ᠰᠠᠬᠢᠯᠭ᠎ᠠ ᠪᠠᠳᠦ ᠪᠠᠶᠢᠴᠠᠭᠠᠬᠤ ᠵᠦᠪᠯᠡᠯ ᠤᠨ ᠬᠤᠴᠤᠷᠭᠠᠨ ᠦᠯᠡᠳᠡᠭᠡᠬᠦ ᠦᠷᠦᠭᠡ ᠶᠢ ᠲᠤᠭᠤᠷᠢᠨ ᠦᠵᠡᠵᠦ᠂ ᠬᠤᠴᠤᠷᠭᠠᠨ ᠦᠯᠡᠳᠡᠭᠡᠬᠦ ᠠᠵᠢᠯ ᠤᠨ ᠲᠠᠷᠠᠭᠠᠯᠠᠯ ᠤᠨ ᠲᠦᠷᠢ ᠰᠢᠩᠭᠡᠭᠡᠯᠳᠡ ᠶᠢ ᠦᠵᠡᠪᠡ᠂ ᠲᠤᠭᠤᠷᠢᠨ ᠦᠵᠡᠬᠦ ᠪᠠᠷ ᠲᠠᠮᠵᠢᠵᠥ ᠤᠢ ᠤᠬᠠᠭᠠᠨ ᠤ ᠤᠬᠢᠶᠠᠯ ᠢ ᠬᠦᠷᠳᠡᠭᠡᠵᠥ ᠂ ᠤᠶᠤᠨ ᠰᠦᠨᠡᠰᠦᠨ ᠢ ᠲᠤᠷᠭᠢᠭᠠᠵᠥ᠂ ᠡᠬᠦᠨ ᠢᠶᠠᠷ ᠰᠠᠷᠠᠯᠳᠠ ᠪᠤᠯᠭᠠᠨ ᠴᠠᠭ ᠢᠮᠠᠭᠳᠠ ᠰᠡᠷᠡᠮᠵᠢ ᠲᠠᠢ ᠪᠠᠶᠢᠵᠥ᠂ ᠰᠠᠬᠢᠯᠭ᠎ᠠ ᠪᠠᠳᠤ ᠶᠢᠨ ᠬᠤᠷᠢᠭ᠎ᠠ ᠱᠤᠭᠤᠮ ᠢ ᠪᠠᠳᠦ ᠰᠠᠬᠢᠬᠤ ᠦᠵᠡᠯᠳᠡ ᠶᠢ ᠪᠤᠢ ᠪᠤᠯᠭᠠᠨ᠎ᠠ᠃ ᠦᠳᠡ ᠶᠢᠨ ᠬᠤᠶᠢᠨ᠎ᠠ ᠂ ᠲᠤᠪᠴᠢᠶᠠᠨ ᠳᠤ ᠰᠠᠭᠤᠭ᠎ᠠ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠠᠴᠠ《ᠠᠮᠢᠳᠤᠷᠠᠯ ᠲᠤᠮᠳᠠᠬᠢ ᠵᠠᠩᠬᠢᠯᠠᠭ᠎ᠠ ᠶᠢᠨ ᠠᠯᠬᠤᠮ》ᠭᠡᠭᠦ ᠰᠡᠳᠦᠪ ᠢᠶᠠᠷ ᠪᠦᠬᠦ ᠨᠠᠮ ᠤᠨ ᠬᠡᠰᠢᠬᠦᠨ ᠺᠠᠳ᠋ᠷ ᠲᠤ ᠱᠠᠮᠰᠢᠬᠤ ᠶᠢ ᠲᠡᠪᠴᠢᠨ ᠢᠯᠵᠡᠷᠡᠯ ᠢ ᠰᠡᠷᠭᠡᠶᠢᠯᠡᠵᠥ᠂ ᠠᠷᠢᠭᠤᠨ ᠴᠢᠭᠡᠴᠢ ᠶᠢᠨ ᠰᠤᠶᠤᠯ ᠪᠠ ᠤᠯᠤᠰ ᠲᠦᠷᠦ ᠶᠢᠨ ᠪᠤᠯᠪᠠᠰᠤᠨ ᠢ ᠪᠠᠳᠠᠷᠠᠭᠤᠯᠬᠤ ᠬᠦᠮᠦᠵᠢᠯ ᠤᠨ ᠬᠢᠴᠢᠶᠡᠯᠯᠡᠭᠡ ᠬᠢᠪᠡ᠃ ᠬᠢᠴᠢᠶᠡᠯᠯᠡᠭᠡ ᠶᠢᠨ ᠲᠠᠷᠠᠭ᠎ᠠ᠂ ᠲᠤᠰ ᠤᠳᠠᠭᠠᠨ ᠤ ᠲᠤᠭᠤᠷᠢᠨ ᠰᠤᠷᠤᠯᠴᠠᠬᠤ ᠲᠤᠬᠢᠶᠠᠯ ᠢᠶᠠᠷ ᠬᠦᠰᠡᠯᠡᠩ ᠤᠨ ᠢᠳᠡᠭᠡᠯ ᠢᠶᠠᠨ ᠪᠠᠳᠤ ᠪᠤᠯᠭᠠᠵᠥ᠂ᠠᠷᠢᠭᠤᠨ ᠴᠢᠭᠡᠴᠢ ᠶᠢᠨ ᠦᠵᠡᠯ ᠰᠠᠨᠠᠭᠠᠨ ᠤ ᠬᠤᠷᠢᠭ᠎ᠠ ᠱᠤᠭᠤᠮ ᠢᠶᠠᠨ ᠪᠠᠬᠢᠵᠢᠬᠦᠯᠦᠨ᠂ ᠵᠦᠪ ᠤᠨᠤᠪᠴᠢᠳᠡᠢ ᠡᠷᠬᠡ ᠶᠢᠨ ᠦᠵᠡᠯᠳᠡ᠂ ᠢᠷᠠᠭᠤ ᠠᠯᠳᠠᠷ ᠤᠨ ᠦᠵᠡᠯᠳᠡ ᠶᠢ ᠪᠤᠢ ᠪᠤᠯᠭᠠᠨ᠎ᠠ᠂ ᠦᠪᠡᠷ ᠢ ᠪᠠᠨ ᠴᠢᠩᠭ᠎ᠠ ᠱᠠᠭᠠᠷᠳᠠᠵᠥ᠂ ᠪᠡᠶ᠎ᠡ ᠪᠠᠨ ᠪᠠᠷᠢᠬᠤ ᠰᠡᠳᠬᠢᠯ ᠢ ᠡᠭᠦᠷᠢᠳᠡ ᠡᠪᠤᠷᠯᠡᠵᠥ᠂ ᠰᠢᠨᠤᠬᠠᠢ ᠰᠠᠨᠠᠭ᠎ᠠ ᠶᠢᠨ ᠬᠤᠤᠷ ᠬᠦᠨᠦᠬᠡᠯ ᠢ ᠬᠡᠵᠢᠶᠡᠳᠡ ᠪᠤᠳᠤᠵᠥ᠂ ᠠᠵᠢᠯᠯᠠᠭ᠎ᠠ ᠲᠡᠭᠡᠷ᠎ᠡ  ᠪᠠᠨ ᠪᠠᠭ᠎ᠠ ᠶᠠᠪᠤᠳᠠᠯ ᠠᠴᠠ ᠡᠬᠢᠯᠡᠨ ᠰᠡᠷᠭᠡᠶᠢᠯᠡᠨ᠎ᠡ᠂ ᠢᠷᠬᠡᠨ ᠤ ᠲᠦᠯᠦᠬᠡ ᠲᠦᠷᠦ ᠪᠠᠷᠢᠵᠥ᠂ ᠠᠷᠢᠭᠤᠨ ᠴᠢᠭᠡᠴᠢ  ᠪᠠᠷ ᠠᠵᠢᠯ ᠬᠢᠵᠥ᠂ ᠦᠪᠡᠷ ᠤᠨ ᠠᠵᠢᠯ ᠯᠠᠪᠳᠠᠭᠤᠨ ᠪᠠᠳᠤᠳᠠᠢ ᠰᠠᠶᠢᠨ ᠬᠢᠨ᠎ᠡ ᠬᠡᠵᠥ ᠤᠯᠠᠨ ᠢᠶᠠᠷ ᠢᠶᠠᠨ ᠤᠪᠤᠷ ᠢᠶᠠᠨ ᠢᠯᠡᠳᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号