4 ᠰᠠᠷ᠎ᠠ ᠶᠢᠨ 24 ᠤ ᠡᠳᠦᠷ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠠᠬᠢ ᠢᠯᠵᠡᠷᠡᠯ | ᠪᠠ《ᠲᠦᠷᠪᠡᠨ ᠨᠤᠶᠠᠨ》ᠵᠡᠷᠭᠡ ᠲᠤᠪᠤᠶᠢᠮ᠎ᠠ ᠠᠰᠠᠭᠤᠳᠠᠯ ᠢ ᠴᠡᠭᠴᠡᠯᠡᠬᠦ ᠶᠢᠨ ᠲᠦᠯᠦᠬᠡ᠂ ᠬᠤᠰᠢᠭᠤᠨ ᠤ ᠵᠠᠬ᠎ᠠ | ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ《ᠲᠦᠷᠪᠡᠨ ᠨᠤᠶᠠᠨ》 ᠢ ᠴᠡᠭᠴᠡᠯᠡᠨ᠂ | ᠪᠠᠶᠢᠭᠤᠯᠤᠯᠭ᠎ᠠ ᠶᠢᠨ ᠢᠶᠠᠨ ᠤᠯᠤᠰ ᠲᠦᠷᠦ ᠶᠢᠨ ᠤᠷᠴᠢᠨ ᠢ ᠴᠡᠪᠡᠷᠰᠢᠬᠦᠯᠬᠦ ᠲᠤᠰᠬᠠᠢ ᠬᠤᠷᠠᠯ ᠬᠤᠷᠠᠯᠳᠤᠭᠤᠯᠪᠠ᠃ | ᠬᠤᠷᠠᠯ ᠢ ᠲᠤᠪᠴᠢᠶᠡᠨ ᠲᠠᠷᠤᠭ᠎ᠠ ᠶᠤᠸᠠᠨ ᠬᠤᠩ ᠸᠧᠢ ᠡᠷᠬᠢᠯᠡᠵᠥ᠂ ᠨᠠᠮ ᠤᠨ ᠲᠤᠭᠤᠶᠢᠯᠠᠩ ᠤᠨ ᠱᠦᠵᠢ ᠵᠠᠩ ᠯᠧᠢ | ᠲᠠᠶᠢᠴᠢᠯᠠᠯᠳᠠ ᠶᠢᠨ ᠶᠡᠷᠢᠶ᠎ᠠ ᠲᠠᠯᠪᠢᠪᠠ᠃ ᠲᠤᠪᠴᠢᠶᠠᠨ ᠤ ᠪᠦᠬᠦ ᠺᠠᠳ᠋ᠷ ᠠᠵᠢᠯᠳᠠᠨ ᠤᠷᠤᠯᠴᠠᠪᠠ᠃ | ᠬᠤᠷᠠᠯ ᠲᠡᠭᠡᠷ᠎ᠡ᠂《ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠰᠠᠬᠢᠯᠭ᠎ᠠ ᠪᠠᠳᠤ | ᠪᠠᠶᠢᠴᠠᠭᠠᠬᠤ ᠵᠦᠪᠯᠡᠯ ᠤᠨ《ᠲᠦᠷᠪᠡᠨ ᠨᠤᠶᠠᠨ》 ᠢ ᠴᠡᠭᠴᠡᠯᠡᠨ ᠪᠠᠶᠢᠭᠤᠯᠤᠯᠭ᠎ᠠ ᠶᠢᠨ ᠢᠶᠠᠨ ᠤᠯᠤᠰ ᠲᠦᠷᠦ ᠶᠢᠨ | ᠤᠷᠴᠢᠨ ᠢ ᠴᠡᠪᠡᠷᠰᠢᠬᠦᠯᠬᠦ ᠲᠤᠰᠬᠠᠢ ᠠᠷᠭ᠎ᠠ ᠬᠡᠮᠵᠢᠶ᠎ᠡ ᠶᠢ ᠲᠤᠤᠱᠯᠠᠭᠤᠯᠬᠤ 13 ᠵᠤᠷᠪᠤᠰ》 ᠤᠨ ᠵᠤᠷᠢᠭ ᠰᠠᠨᠠᠭ᠎ᠠ ᠶᠢ | ᠰᠤᠷᠤᠯᠴᠠᠪᠠ᠃ ᠬᠤᠷᠠᠯ ᠠᠴᠠ᠂《ᠲᠦᠷᠪᠡᠨ ᠨᠤᠶᠠᠨ》 ᠢ ᠴᠡᠭᠴᠡᠯᠡᠨ ᠪᠠᠶᠢᠭᠤᠯᠤᠯᠭ᠎ᠠ ᠶᠢᠨ ᠢᠶᠠᠨ ᠤᠯᠤᠰ | ᠲᠦᠷᠦ ᠶᠢᠨ ᠤᠷᠴᠢᠨ ᠢ ᠴᠡᠪᠡᠷᠰᠢᠬᠦᠯᠬᠦ ᠨᠢ ᠨᠢᠬᠡᠨ ᠴᠢᠬᠤᠯᠠ ᠡᠬᠦᠷᠭᠡ ᠮᠦᠨ᠂ ᠤᠷᠳᠤ ᠬᠤᠭᠤᠴᠠᠭ᠎ᠠ ᠪᠠᠷ | ᠨᠠᠶᠢᠳᠠᠪᠤᠷᠢᠵᠢᠭᠤᠯᠬᠤ ᠬᠡᠷᠡᠭᠳᠡᠢ᠂ ᠨᠠᠷᠢᠨ ᠬᠢᠨᠠᠮᠠᠭᠠᠢ ᠪᠠᠶᠢᠴᠠᠭᠠᠨ ᠭᠠᠷᠭᠠᠵᠥ᠂ ᠤᠷᠤᠰᠢᠵᠥ ᠪᠠᠶᠢᠭ᠎ᠠ ᠠᠰᠠᠭᠤᠳᠠᠯ ᠢ | ᠡᠷᠢᠵᠥ ᠤᠯᠤᠭᠰᠠᠨ ᠪᠠᠶᠢᠵᠥ᠂ ᠵᠠᠰᠠᠨ ᠴᠡᠭᠴᠡᠯᠡᠬᠦ ᠠᠵᠢᠯ ᠢ ᠡᠭᠦᠷᠢᠳᠡ ᠶᠢᠨ ᠦᠷ᠎ᠡ ᠠᠰᠢᠭ ᠲᠠᠢ ᠪᠤᠯᠭᠠᠬᠠᠤ ᠬᠡᠷᠡᠭᠳᠡᠢ | ᠬᠡᠪᠡ᠃ ᠬᠤᠷᠠᠯ ᠠᠴᠠ᠂ ᠪᠦᠬᠦ ᠺᠠᠳ᠋ᠷ ᠠᠵᠢᠯᠳᠠᠨ ᠤᠨᠴᠠᠭᠠᠶᠢᠯᠠᠨ ᠤᠳᠤᠷᠢᠳᠤᠯᠭ᠎ᠠ ᠪᠤᠯᠤᠭᠰᠠᠨᠨᠠᠮ ᠤᠨ ᠬᠡᠰᠢᠬᠦᠨ | ᠺᠠᠳ᠋ᠷ ᠶᠠᠭᠤᠨ ᠤ ᠡᠮᠦᠨ᠎ᠡ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠥ᠂ ᠲᠦᠪᠯᠡᠷᠡᠬᠦᠯᠦᠨ ᠵᠠᠰᠠᠬᠤ | ᠴᠢᠬᠤᠯᠠ ᠠᠭᠤᠯᠭ᠎ᠠ ᠶᠢ ᠪᠦᠷᠢᠨ ᠬᠦᠢᠴᠡᠳ ᠲᠠᠨᠢᠵᠥ᠂《ᠲᠦᠷᠪᠡᠨ ᠤᠬᠠᠮᠰᠠᠷ》 ᠢᠶᠠᠨ ᠪᠠᠳᠤᠳᠬᠠᠨ᠂《ᠬᠤᠶᠠᠷ | ᠤᠬᠠᠮᠰᠠᠷ》 ᠢᠶᠠᠨ ᠲᠤᠷᠠᠳᠠᠶᠢᠶ᠎ᠠ ᠬᠦᠢᠴᠡᠳᠭᠡᠵᠥ᠂ ᠵᠠᠰᠠᠨ ᠴᠡᠭᠴᠡᠯᠡᠬᠦ ᠠᠵᠢᠯ ᠤᠨ ᠭᠤᠤᠯ ᠴᠤᠭᠴᠠ ᠶᠢᠨ | ᠬᠠᠷᠢᠭᠤᠴᠠᠯᠭ᠎ᠠ ᠶᠢ ᠦᠨᠡᠨᠬᠦ ᠲᠤᠤᠰᠯᠠᠭᠤᠯᠬᠤ ᠬᠡᠷᠡᠭᠳᠡᠢ᠃ ᠬᠤᠶᠠᠷ ᠲᠤ᠂《ᠲᠦᠷᠪᠡᠨ ᠨᠤᠶᠠᠨ》 ᠤ ᠨᠠᠵᠠᠭᠠᠢ | ᠰᠤᠷᠳᠠᠯ ᠢᠶᠠᠨ ᠲᠠᠶᠠᠭᠳᠠᠵᠤ᠂ ᠬᠠᠷᠢᠭᠤᠴᠠᠯᠭ᠎ᠠ ᠲᠠᠢ ᠠᠵᠢᠯ ᠬᠢᠳᠡᠭ᠂ ᠦᠢᠯᠡᠰ ᠢᠶᠠᠨ ᠡᠷᠬᠢᠮᠯᠡᠬᠦ ᠰᠠᠶᠢᠨ | ᠤᠳᠤᠷᠢᠳᠤᠯᠭ᠎ᠠ᠂ ᠰᠠᠶᠢᠨ ᠺᠠᠳ᠋ᠷ ᠪᠤᠯᠬᠤ ᠬᠡᠷᠡᠭᠳᠡᠢ᠃ ᠭᠤᠷᠪᠠ ᠳᠤ᠂ ᠲᠦᠪᠯᠡᠷᠡᠬᠦᠯᠦᠨ ᠵᠠᠰᠠᠬᠤ ᠪᠠ ᠪᠤᠳᠠᠳᠠᠢ | ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠥ᠂ ᠲᠦᠪᠯᠡᠷᠡᠬᠦᠯᠦᠨ ᠵᠠᠰᠠᠬᠤ ᠦᠷ᠎ᠡ ᠪᠦᠳᠦᠮᠵᠢ ᠪᠠᠷ ᠵᠠᠬ᠎ᠠ | ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠠᠵᠢᠯ ᠢᠶᠠᠨ ᠠᠬᠢᠭᠤᠯᠵᠥ ᠨᠡᠩ ᠰᠢᠯᠢᠳᠡᠭ ᠬᠢᠷᠢ ᠪᠦᠳᠦᠮᠵᠢ ᠶᠢ ᠲᠡᠮᠡᠴᠡᠨ | ᠤᠯᠬᠤ ᠭᠡᠷᠡᠭᠳᠡᠢ ᠭᠡᠵᠥ ᠱᠠᠭᠠᠷᠳᠠᠪᠠ᠃ |